4 ᠰᠠᠷ᠎ᠠ ᠶᠢᠨ 9 ᠤ ᠡᠳᠦᠷ ᠬᠤᠷᠠᠯᠳᠤᠭᠰᠠᠨ ᠪᠦᠭᠦ ᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ ᠠᠬᠢᠭᠤᠯᠬᠤ ᠵᠣᠬᠢᠴᠠᠭᠤᠯᠬᠤ ᠬᠤᠷᠠᠯ ᠨᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠠᠵᠢᠯ ᠢ ᠴᠢᠩᠭᠠᠳᠬᠠᠬᠤ ᠶᠢᠨ ᠲᠣᠭᠤᠷᠢᠨ ᠳᠤ ᠪᠠᠶᠢᠷᠢᠯᠠᠭᠤᠯᠤᠯᠲᠠ ᠬᠢᠵᠡᠢ᠂ ᠪᠢᠳᠡ ᠵᠠᠪᠠᠯ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ | ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ ᠤ ᠳᠤᠷᠠᠳᠤᠭᠰᠠᠨ ︽ᠵᠢᠷᠭᠤᠭᠠᠨ ᠠᠵᠢᠯᠯᠠᠭ᠎ᠠ︾ ᠶᠢᠨ | ᠲᠡᠷᠢᠭᠦᠨ ᠴᠢᠬᠤᠯᠠ ᠡᠭᠦᠷᠭᠡ ᠪᠣᠯᠤᠭᠰᠠᠨ ᠤ ᠬᠤᠪᠢ ᠳᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ᠂ ᠬᠥᠭᠵᠢᠯᠲᠡ ᠶᠢᠨ ᠰᠠᠭᠤᠷᠢ ᠶᠢ | ᠪᠠᠲᠤᠳᠬᠠᠬᠤ ᠴᠢᠬᠤᠯᠠ ᠡᠭᠦᠷᠭᠡ ᠶᠢ ᠡᠭᠦᠷᠭᠡᠯᠡᠵᠦ ᠪᠤᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠴᠢᠬᠤᠯᠠ ᠶᠡᠭᠡ ᠲᠦᠷᠦᠯ ᠵᠦᠢᠯ ᠢ | ᠲᠥᠯᠥᠪᠵᠢᠭᠦᠯᠬᠦ ᠶᠢᠨ ᠤᠷᠢᠲᠠᠯ ᠨᠢ ᠳᠠᠷᠤᠢ ᠲᠤᠰ ᠪᠡᠶ᠎ᠡ ᠶᠢᠨ ᠳᠠᠪᠠᠭᠤᠯᠢᠭ ᠢᠶᠠᠨ ᠲᠣᠳᠣᠷᠬᠠᠢ ᠲᠠᠨᠢᠬᠤ ᠶᠢᠨ ᠬᠠᠮᠲᠤ ᠡᠭᠦᠨ ᠢᠶᠠᠷ ᠲᠦᠷᠦᠯ ᠵᠦᠢᠯ ᠢ ᠰᠤᠳᠤᠯᠬᠤ᠂ | ᠲᠦᠷᠦᠯ ᠵᠦᠢᠯ ᠢ ᠲᠥᠰᠥᠪᠯᠡᠬᠦ᠂ ᠲᠦᠷᠦᠯ ᠵᠦᠢᠯ ᠢ ᠵᠣᠯᠭᠠᠭᠤᠯᠬᠤ᠂ ᠲᠦᠷᠦᠯ ᠵᠦᠢᠯ ᠳᠤ ᠦᠢᠯᠡᠴᠢᠯᠡᠬᠦ ᠲᠦᠰᠢᠭ ᠪᠤᠯᠭᠠᠬᠤ ᠶᠠᠪᠤᠳᠠᠯ ᠪᠣᠯᠣᠨ᠎ᠠ᠃ ᠭᠡᠪᠡᠴᠦ ᠲᠦᠷᠦᠯ | ᠵᠦᠢᠯ ᠤᠨ ᠲᠥᠯᠦᠪᠵᠢᠭᠦᠯᠭᠡ ᠶᠢᠨ ︽ᠰᠢᠲᠠᠷ᠎ᠠ ᠲᠠᠯᠪᠢᠭᠴᠢ︾ ᠡᠭᠦᠳᠡ ᠪᠠᠨ ᠲᠦᠭᠵᠢᠨ ᠥᠪᠡᠷᠲᠡᠭᠡᠨ ᠬᠢᠭᠡᠳ ᠯᠡ ᠪᠤᠯᠬᠤ ᠦᠭᠡᠢ᠂ ᠲᠤᠰᠬᠠᠢ ᠮᠡᠷᠭᠡᠵᠢᠯ ᠤᠨ | ᠪᠠᠶᠢᠭᠤᠯᠤᠮᠵᠢ ᠳᠤ ᠲᠦᠰᠢᠭᠯᠡᠨ ᠲᠥᠰᠥᠪᠯᠡᠯ ᠤᠨ ᠲᠦᠪᠰᠢᠨ ᠢᠶᠠᠨ ᠳᠡᠭᠡᠭᠰᠢᠯᠡᠭᠦᠯᠵᠦ᠂ ᠲᠤᠰᠬᠠᠢ ᠮᠡᠷᠭᠡᠵᠢᠯᠲᠡᠨ ᠤ ᠤᠶᠤᠨ ᠤ ᠬᠥᠮᠥᠷᠭᠡ ᠳᠤ ᠲᠦᠰᠢᠭᠯᠡᠨ ᠠᠵᠤ | ᠦᠢᠯᠡᠰ ᠤᠨ ᠴᠢᠭᠯᠡᠯ ᠢ ᠡᠵᠡᠮᠳᠡᠵᠦ᠂ ᠡᠬᠢ ᠪᠠᠶᠠᠯᠢᠭ ᠤᠨ ᠳᠠᠪᠠᠭᠤᠯᠢᠭ ᠢ ᠲᠦᠷᠦᠯ ᠵᠦᠢᠯ ᠤᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃ | ᠲᠥᠯᠦᠪᠵᠢᠭᠦᠯᠭᠡ ᠶᠢ ᠬᠥᠭᠵᠢᠯᠲᠡ ᠶᠢᠨ ︽ᠵᠢᠷᠤᠭ ᠲᠥᠯᠥᠪᠯᠡᠭᠡ︾ ᠭᠡᠵᠦ ᠦᠵᠡᠪᠡᠯ᠂ ᠬᠤᠳᠠᠯᠳᠤᠭᠠᠴᠢᠨ ᠤᠷᠢᠬᠤ ᠪᠣᠯ ᠳᠠᠷᠤᠢ ᠵᠢᠷᠤᠭ ᠲᠥᠰᠥᠪ ᠢ | ᠨᠠᠶᠢᠳᠠᠪᠤᠷᠢᠵᠢᠭᠤᠯᠬᠤ ︽ᠪᠠᠷᠢᠯᠭ᠎ᠠ ᠶᠢᠨ ᠠᠩᠭᠢ︾ ᠮᠥᠨ᠃ ᠰᠢᠨ᠎ᠡ ᠪᠠᠶᠢᠳᠠᠯ ᠳᠣᠣᠷᠠᠬᠢ ᠬᠤᠳᠠᠯᠳᠤᠭᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ | ᠠᠵᠢᠯ ᠨᠢ ︽ᠲᠦᠷᠦ ᠶᠢᠨ ᠪᠣᠳᠣᠯᠭ᠎ᠠ ᠶᠢ ᠬᠥᠭᠡᠭᠡᠴᠡᠯᠳᠦᠬᠦ᠂ ᠬᠠᠷᠠᠭᠠᠯᠵᠠᠯ ᠢ ᠬᠥᠭᠡᠭᠡᠴᠡᠯᠳᠦᠬᠦ︾ ᠤᠯᠠᠮᠵᠢᠯᠠᠯᠲᠤ ᠯᠣᠭᠢᠭ ᠢ ᠠᠯᠢ ᠡᠷᠲᠡ ᠡᠪᠳᠡᠵᠦ᠂ ᠡᠯ᠎ᠡ ᠭᠠᠵᠠᠷ ᠤᠨ | ᠬᠢᠨ ᠮᠥᠨ ᠬᠦ ᠲᠦᠷᠦ ᠶᠢᠨ ᠪᠣᠳᠣᠯᠭ᠎ᠠ ᠶᠢᠨ ︽ᠤᠯᠠᠭᠠᠨ ᠪᠣᠳᠠᠲᠤ ᠪᠠᠭᠯᠠᠭ᠎ᠠ︾ ᠶᠢ ᠬᠥᠭᠡᠭᠡᠴᠡᠯᠳᠦᠵᠦ ᠪᠠᠶᠢᠬᠤ ᠦᠶ᠎ᠡ ᠳᠤ᠂ ᠬᠠᠩᠵᠧᠦ ᠶᠢᠨ ᠬᠢᠨ ᠬᠠᠷᠢᠨ ᠠᠯᠢ ᠡᠷᠲᠡ | ᠰᠡᠷᠡᠭᠳᠡᠯ ᠦᠭᠡᠢ ᠦᠢᠯᠡᠴᠢᠯᠡᠭᠡ ᠪᠠᠷ ᠠᠵᠤ ᠠᠬᠤᠶᠢᠯᠠᠯᠲᠠᠨ ᠤ ᠰᠡᠳᠬᠢᠯ ᠢ ᠣᠯᠵᠤ᠂ ᠵᠠᠰᠠᠭ ᠤᠨ ᠣᠷᠳᠣᠨ ᠤ ᠬᠠᠷᠠᠮ ᠦᠭᠡᠢ ᠦᠢᠯᠡᠴᠢᠯᠡᠭᠡ ᠨᠢ ᠮᠥᠨ ᠠᠵᠤ | ᠠᠬᠤᠶᠢᠯᠠᠯ ᠤᠨ ᠬᠢᠨ ᠠᠵᠢᠯ ᠳᠠᠭᠠᠨ ᠰᠢᠭᠤᠷᠬᠠᠶᠢᠯᠠᠬᠤ ᠶᠢ ᠳᠠᠶᠢᠴᠢᠯᠠᠭᠰᠠᠨ ᠪᠠᠶᠢᠨ᠎ᠠ᠃ ᠪᠠᠰᠠ ᠵᠢᠱᠢᠶᠡᠯᠡᠪᠡᠯ ᠵᠢᠶᠠᠩᠰᠢ ᠶᠢᠨ ᠫᠢᠩ ᠰᠢᠶᠠᠩ ᠤᠨ ︽ᠲᠣᠭᠲᠠᠭᠰᠠᠨ | ᠴᠢᠭᠯᠡᠯ ᠲᠠᠢ ᠬᠤᠳᠠᠯᠳᠤᠭᠠᠴᠢᠨ ᠤᠷᠢᠬᠤ︾ ᠨᠢ ᠰᠢᠨ᠎ᠡ ᠰᠡᠳᠬᠢᠴᠡ ᠶᠢ ᠡᠭᠦᠳᠴᠦ᠂ 2 ᠳ᠋ᠦᠩᠰᠢᠭᠤᠷ ᠲᠥᠭᠦᠷᠢᠭ ᠤᠨ ᠲᠣᠭᠲᠠᠭᠰᠠᠨ ᠴᠢᠭᠯᠡᠯ ᠲᠠᠢ ᠪᠡᠯᠡ | ᠣᠷᠣᠭᠤᠯᠤᠯᠲᠠ ᠪᠠᠷ 32 ᠳ᠋ᠦᠩᠰᠢᠭᠤᠷ ᠲᠥᠭᠦᠷᠢᠭ ᠤᠨ ᠠᠵᠤ ᠦᠢᠯᠡᠰ ᠤᠨ ᠬᠦᠷᠢᠶᠡᠯᠡᠩ ᠢ ᠲᠠᠶᠢᠴᠢᠯᠠᠵᠤ᠂ ᠬᠥᠷᠥᠩᠭᠡ ᠪᠠᠷ ᠵᠠᠭᠤᠴᠢ ᠪᠤᠯᠭᠠᠬᠰᠠᠨ ᠪᠠᠶᠢᠨ᠎ᠠ ᠁ | ᠰᠢᠨ᠎ᠡ ᠪᠠᠶᠢᠳᠠᠯ ᠳᠣᠣᠷ᠎ᠠ᠂ ᠪᠢᠳᠡ ᠡᠷᠬᠡᠪᠰᠢ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠰᠢᠨ᠎ᠡ ᠳᠦᠷᠢᠮ ᠳᠤ ᠵᠣᠬᠢᠴᠠᠨ᠂ ᠬᠤᠳᠠᠯᠳᠤᠭᠠᠴᠢᠨ ᠤᠷᠢᠵᠤ | ᠪᠡᠯᠡ ᠮᠥᠩᠭᠦ ᠣᠷᠣᠭᠤᠯᠤᠨ ᠠᠪᠴᠢᠷᠠᠬᠤ ᠵᠠᠭᠪᠤᠷ ᠤᠨ ᠰᠢᠨ᠎ᠡ ᠶᠢ ᠡᠭᠦᠳᠬᠦ ᠬᠡᠷᠡᠭᠲᠡᠢ᠃ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠦᠷ᠎ᠡ | ᠪᠦᠲᠦᠮᠵᠢ ᠶᠢᠨ ᠥᠨᠳᠥᠷ ᠳᠣᠣᠷ᠎ᠠ ᠨᠢ ᠲᠥᠷᠥᠯ ᠵᠦᠢᠯ ᠤᠨ ᠠᠬᠢᠴᠠ ᠶᠢ ᠰᠢᠭᠤᠳ ᠨᠥᠯᠥᠭᠡᠯᠡᠵᠦ ᠪᠠᠶᠢᠳᠠᠭ᠂ ᠭᠠᠭᠴᠠ ᠬᠦ ︽ᠬᠦᠯᠢᠶᠡᠵᠦ ᠳᠡᠶᠢᠯᠭᠦ ᠦᠭᠡᠢ︾ | ᠪᠠᠴᠢᠮ ᠲᠤᠯᠭᠠᠮ ᠰᠡᠳᠬᠢᠯᠭᠡ ᠪᠠᠷ ᠦᠢᠯᠡᠴᠢᠯᠡᠭᠡ ᠶᠢ ᠰᠢᠯᠢᠳᠡᠭᠵᠢᠭᠦᠯᠵᠦ᠂ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠᠷ ᠪᠣᠭᠤᠮᠲᠠ ᠰᠢᠪᠲᠤᠯᠤᠨ ᠬᠦᠴᠢᠷ ᠢ | ᠳᠠᠪᠠᠪᠠᠯ ᠰᠠᠶ᠋ᠢ ᠵᠥᠪᠳᠡᠯᠴᠡᠭᠡᠷ ᠢ ᠪᠣᠳᠠᠲᠠᠢ ᠪᠠᠷᠢᠯᠭ᠎ᠠ ᠪᠣᠯᠭᠠᠨ ᠬᠤᠪᠢᠷᠠᠭᠤᠯᠵᠤ ᠴᠢᠳᠠᠨ᠎ᠠ᠃ | ᠳᠠᠷᠤᠯᠲᠠ ᠥᠷᠢᠰᠦᠯᠳᠦᠭᠡᠨ ᠤ ᠰᠡᠷᠭᠡᠭ ᠲᠠᠨᠢᠯᠲᠠ ᠠᠴᠠ ᠨᠠᠷᠢᠨ ᠣᠨᠣᠪᠴᠢᠲᠠᠢ ᠲᠥᠯᠥᠪᠵᠢᠭᠦᠯᠦᠨ ᠪᠠᠶᠢᠷᠢᠯᠠᠭᠤᠯᠬᠤ ᠭᠦᠷᠲᠡᠯ᠎ᠡ︔ ᠬᠤᠳᠠᠯᠳᠤᠭᠠᠴᠢᠨ ᠤᠷᠢᠬᠤ | ᠵᠠᠭᠪᠤᠷ ᠤᠨ ᠰᠢᠨ᠎ᠡ ᠶᠢ ᠡᠭᠦᠳᠬᠦ ᠰᠢᠪᠲᠤᠯᠤᠯᠲᠠ ᠠᠴᠠ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ ᠭᠦᠷᠲᠡᠯ᠎ᠡ | ᠭᠤᠭᠴᠤᠭ᠎ᠠ ᠨᠢᠭᠡᠪᠦᠷᠢ ᠨᠢ ᠴᠥᠮ ᠨᠢᠭᠲᠠ ᠬᠤᠯᠪᠣᠯᠳᠤᠵᠤ᠂ ᠦᠨᠡᠨ ᠪᠣᠳᠠᠲᠠᠢ ᠠᠷᠭ᠎ᠠ ᠬᠡᠮᠵᠢᠶ᠎ᠡ ᠪᠠᠷ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠣᠳᠠᠲᠤ | ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ |