ᠲᠦᠩᠯᠢᠶᠣᠤ ᠬᠤᠲᠠ ᠭᠤᠷᠪᠠᠨ ᠠᠷᠭ᠎ᠠ ᠬᠡᠮᠵᠢᠶ᠎ᠡ ᠪᠠᠷ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠤ ᠶᠠᠰᠤ ᠴᠢᠨᠠᠷ ᠢ ᠨᠢ ᠳᠡᠭᠡᠭᠰᠢᠯᠡᠭᠦᠯᠦᠨ ᠦᠷ᠎ᠡ | ᠠᠰᠢᠭ ᠢᠶᠠᠨ ᠨᠡᠮᠡᠭᠳᠡᠭᠦᠯᠵᠦ ᠪᠠᠶᠢᠨ᠎ᠠ᠃ ᠨᠢᠭᠡ ᠳᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠪᠠᠳᠠᠷᠠᠭᠤᠯᠪᠠ᠃ ᠨᠢᠭᠡᠳᠦᠭᠡᠷ ᠤᠯᠠᠷᠢᠯ ᠳᠤ᠂ 73 ᠠᠵᠤ | ᠠᠬᠤᠶᠢᠯᠠᠯ ᠤᠨ ᠠᠵᠢᠯ ᠤᠨ ᠪᠠᠶᠢᠷᠢ ᠲᠣᠭᠲᠠᠪᠤᠷᠢᠵᠢᠭᠤᠯᠤᠭᠰᠠᠨ ᠳᠤ ᠪᠤᠴᠠᠭᠠᠨ ᠥᠭᠬᠦ ᠨᠥᠬᠦᠪᠥᠷᠢ ᠶᠢ 470.12 ᠲᠦᠮᠡᠨ ᠲᠦᠭᠦᠷᠢᠭ ᠣᠯᠭᠤᠵᠣ᠂ 7493 | ᠠᠵᠢᠯᠲᠠᠨ ᠠᠵᠢᠯᠴᠢᠨ ᠳᠤ ᠠᠰᠢᠭ ᠬᠦᠷᠲᠡᠭᠡᠪᠡ︔ ᠮᠡᠷᠭᠡᠵᠢᠯ ᠴᠢᠳᠠᠪᠤᠷᠢ ᠶᠢ ᠨᠢ ᠳᠡᠭᠡᠭᠰᠢᠯᠡᠭᠦᠯᠬᠦ ᠨᠡᠮᠡᠭᠦᠷᠢ ᠶᠢ 115.87 ᠲᠦᠮᠡᠨ ᠲᠥᠭᠦᠷᠢᠭ ᠣᠯᠭᠤᠵᠤ᠂ 934 | ᠬᠥᠮᠦᠨ ᠳᠤ ᠠᠰᠢᠭ ᠬᠦᠷᠲᠡᠭᠡᠪᠡ︔ ᠠᠵᠢᠯ ᠠᠯᠳᠠᠭᠰᠠᠳ ᠤᠨ ᠳᠠᠭᠠᠳᠬᠠᠯ ᠤᠨ ᠮᠥᠩᠬᠦ ᠶᠢ 1725.26 ᠲᠦᠮᠡᠨ ᠲᠦᠭᠦᠷᠢᠭ ᠣᠯᠭᠤᠪᠠ᠃ ᠬᠤᠶᠠᠷ ᠲᠤ᠂ | ᠣᠨᠣᠴᠠᠲᠠᠶ ᠪᠣᠯᠪᠠᠰᠤᠷᠠᠯ ᠢ ᠥᠷᠨᠢᠭᠦᠯᠪᠡ᠃ ︽ᠠᠵᠢᠯ ᠤᠨ ᠪᠠᠶᠢᠷᠢ ᠶᠢᠨ ᠱᠠᠭᠠᠷᠳᠠᠯᠭ᠎ᠠ + ᠮᠡᠷᠭᠡᠵᠢᠯ ᠴᠢᠳᠠᠪᠤᠷᠢ ᠶᠢᠨ ᠪᠣᠯᠪᠠᠰᠤᠷᠠᠯ + ᠮᠡᠷᠭᠡᠵᠢᠯ ᠴᠢᠳᠠᠪᠤᠷᠢ ᠶᠢᠨ | ᠦᠨᠡᠯᠡᠯᠲᠡ + ᠠᠵᠢᠯ ᠣᠯᠭᠤᠯᠲᠠ ᠶᠢᠨ ᠦᠢᠯᠡᠴᠢᠯᠡᠭᠡ︾ ᠶᠢ ᠨᠢᠭᠡ ᠴᠣᠭᠴᠠᠵᠢᠭᠤᠯᠤᠭᠰᠠᠨ ᠪᠣᠯᠪᠠᠰᠤᠷᠠᠯ ᠤᠨ ᠬᠡᠪ ᠵᠠᠭᠪᠤᠷ ᠢ ᠬᠡᠷᠡᠭᠵᠢᠭᠦᠯᠵᠦ᠂ ᠪᠣᠯᠪᠠᠰᠤᠷᠠᠯ | ᠬᠦᠷᠲᠡᠭᠰᠡᠳ ᠤᠨ ᠠᠵᠢᠯ ᠣᠯᠬᠤ ᠨᠣᠷᠮ᠎ᠠ ᠶᠢ ᠳᠡᠭᠡᠭᠰᠢᠯᠡᠭᠦᠯᠪᠡ᠃ ᠨᠢᠭᠡᠳᠦᠭᠡᠷ ᠤᠯᠠᠷᠢᠯ ᠳᠤ ᠭᠤᠣᠯᠳᠠᠯᠭ᠎ᠠ ᠪᠣᠯᠬᠤ 109 ᠠᠵᠤ ᠠᠬᠤᠶᠢᠯᠠᠯ ᠯᠤᠭ᠎ᠠ | ᠰᠠᠨᠠᠭᠠᠴᠢᠯᠠᠭ᠎ᠠ ᠠᠴᠠ ᠪᠠᠨ ᠵᠣᠯᠭᠠᠯᠴᠠᠵᠤ᠂ ᠠᠵᠢᠯᠴᠢᠨ ᠬᠡᠷᠡᠭᠯᠡᠬᠦ ᠬᠡᠷᠡᠭᠴᠡᠭᠡ 4317 ᠪᠠᠶᠢᠬᠤ ᠶᠢ ᠡᠵᠡᠮᠰᠢᠵᠦ᠂ 1982 ᠬᠦᠮᠦᠨ ᠳᠤ ᠠᠵᠢᠯ ᠣᠯᠬᠤ ᠤᠷ᠎ᠠ | ᠴᠢᠳᠠᠪᠤᠷᠢ ᠶᠢᠨ ᠪᠣᠯᠪᠠᠰᠤᠷᠠᠯ ᠥᠷᠨᠢᠭᠦᠯᠵᠦ᠂ ᠮᠡᠷᠭᠡᠵᠢᠯ ᠤᠨ ᠴᠢᠳᠠᠪᠤᠷᠢᠲᠠᠨ ᠢ 4062 ᠰᠢᠨ᠎ᠡ ᠪᠠᠷ ᠨᠡᠮᠡᠭᠳᠡᠭᠦᠯᠵᠦ᠂ ᠠᠵᠢᠯ ᠤᠯᠬᠤ ᠰᠠᠨᠠᠮᠵᠢ ᠲᠣᠭᠲᠠᠭᠰᠠᠨ ᠬᠦᠮᠦᠨ | 2568 ᠬᠥᠮᠦᠨ ᠤᠳᠠᠭ᠎ᠠ ᠳᠤ ᠬᠦᠷᠪᠡ᠃ ᠭᠤᠷᠪᠠ ᠳᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠵᠢᠷᠤᠮᠵᠢᠭᠰᠠᠨ ᠪᠥᠭᠡᠳ ᠨᠢᠭᠡᠳᠦᠯᠲᠡᠶ | ᠦᠢᠯᠡᠴᠢᠯᠡᠭᠡᠨ ᠤ ᠪᠠᠷᠢᠮᠵᠢᠶ᠎ᠠ ᠶᠢ ᠬᠡᠷᠡᠭᠵᠢᠭᠦᠯᠵᠦ᠂ ᠠᠵᠢᠯ ᠣᠯᠭᠤᠬᠤ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠪᠡ᠃ ᠨᠢᠭᠡᠳᠦᠭᠡᠷ | ᠤᠯᠠᠷᠢᠯ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ ᠠᠵᠢᠯᠲᠠᠨ ᠡᠯᠰᠡᠬᠦ ᠠᠵᠢᠯᠯᠠᠭ᠎ᠠ ᠶᠢ 189 ᠲᠠᠯᠠᠪᠤᠷ ᠥᠷᠨᠢᠭᠦᠯᠵᠦ᠂ ᠠᠵᠢᠯ ᠤᠨ ᠪᠠᠶᠢᠷᠢ ᠶᠢ 5 | ᠲᠦᠮᠡ ᠭᠠᠷᠤᠶ ᠬᠠᠩᠭᠠᠵᠤ᠂ ᠠᠵᠢᠯ ᠣᠯᠬᠤ ᠰᠠᠨᠠᠮᠵᠢ ᠳᠣᠬᠢᠷᠠᠯᠴᠠᠭᠰᠠᠨ ᠬᠦᠮᠦᠨ ᠤ ᠲᠤᠭ᠎ᠠ ᠠᠩᠬ᠎ᠠ ᠠᠯᠬᠤᠮ 7000 ᠭᠠᠷᠤᠶ ᠬᠥᠮᠦᠨ ᠤᠳᠠᠭ᠎ᠠ ᠳᠤ ᠬᠦᠷᠪᠡ︔ | ᠪᠥᠬᠦ ᠬᠤᠲᠠ ᠳᠤ ᠦᠢᠯᠡᠰ ᠪᠣᠰᠬᠠᠬᠤ ᠬᠦᠷᠢᠶᠡᠯᠡᠩ ᠲᠣᠭᠤᠷᠢᠭ ᠢ 21 ᠪᠠᠶᠢᠭᠤᠯᠵᠤ᠂ ᠦᠢᠯᠡᠰ ᠪᠣᠰᠬᠠᠬᠤ ᠬᠦᠮᠦᠷᠭᠡ ᠳᠤ ᠣᠷᠤᠭᠤᠯᠤᠭᠰᠠᠨ ᠲᠦᠷᠦᠯ ᠵᠦᠢᠯ | 1000 ᠣᠷᠴᠢᠮ ᠪᠠᠶᠢᠵᠤ᠂ ᠦᠢᠯᠡᠰ ᠪᠣᠰᠬᠠᠬᠤ ᠵᠢᠭᠡᠯᠡᠯᠭᠡ ᠶᠢ 1611.5 ᠲᠦᠮᠡᠨ ᠲᠦᠭᠦᠷᠢᠭ ᠲᠠᠯᠪᠢᠵᠤ᠂ 300 ᠭᠠᠷᠤᠶ ᠬᠥᠮᠦᠨ ᠤ ᠠᠵᠢᠯ ᠣᠯᠬᠤ ᠶᠢ | ᠳᠠᠶᠢᠴᠢᠯᠠᠪᠠ᠃ ︵ᠲᠦᠩᠯᠢᠶᠣᠣ ᠬᠤᠲᠠ ᠶᠢᠨ ᠵᠠᠰᠠᠭ ᠤᠨ ᠣᠷᠳᠣᠨ︶ |