ᠬᠥᠳᠡᠭᠡ ᠲᠣᠰᠬᠤᠨ ᠤ ᠰᠣᠶᠣᠯ ᠤᠳᠬ᠎ᠠ ᠤᠷᠠᠯᠢᠭ ᠨᠢ ᠤᠷᠳᠤ ᠤᠳᠠᠭᠠᠨ ᠵᠢᠯ ᠤᠨ ᠲᠤᠷᠰᠢ ᠲᠠᠷᠢᠶᠠᠴᠢᠨ ᠲᠦᠮᠡᠨ ᠤ ᠤᠶᠤᠨ ᠰᠠᠨᠠᠭᠠᠨ ᠤ ᠬᠥᠭᠡᠭᠡᠴᠡᠯᠳᠦᠯ | ᠪᠠ ᠦᠷᠳᠡᠭ ᠤᠨ ᠬᠠᠨᠳᠤᠰᠢ ᠶᠢ ᠠᠴᠢᠶᠠᠯᠠᠵᠤ ᠪᠠᠶᠢᠳᠠᠭ᠃ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ᠂ ᠺᠠᠶᠢᠯᠤ ᠰᠢᠶᠠᠨ ᠤ ᠮᠠᠶᠢᠰᠢᠨ ᠪᠠᠯᠭᠠᠰᠤ ᠨᠢ ᠬᠥᠳᠡᠭᠡ ᠲᠣᠰᠬᠤᠨ ᠤ ᠤᠳᠬ᠎ᠠ ᠤᠷᠠᠯᠢᠭ ᠢ ᠬᠥᠳᠡᠭᠡ ᠲᠣᠰᠬᠤᠨ ᠤ | ᠰᠣᠶᠣᠯ ᠢ ᠬᠥᠭᠵᠢᠭᠦᠯᠦᠨ ᠮᠠᠨᠳᠤᠭᠤᠯᠬᠤ ᠴᠢᠬᠤᠯᠠ ᠭᠠᠷᠳᠠᠴᠠ ᠪᠤᠯᠭᠠᠵᠤ᠂ ᠠᠷᠠᠳ ᠤᠨ ᠤᠳᠬ᠎ᠠ ᠤᠷᠠᠯᠢᠭ ᠤᠨ ᠬᠦᠴᠦᠨ ᠢ ᠬᠥᠭᠵᠢᠭᠡᠨ᠂ ᠬᠡᠪ ᠵᠠᠩᠰᠢᠯ ᠢ | ᠥᠭᠡᠷᠡᠴᠢᠯᠡᠬᠦ ᠶᠢ ᠠᠬᠢᠭᠤᠯᠬᠤ᠂ ᠬᠥᠳᠡᠭᠡ ᠲᠣᠰᠬᠤᠨ ᠤ ᠪᠣᠯᠪᠠᠰᠤᠨ ᠰᠤᠷᠲᠠᠯ ᠢ ᠪᠣᠶᠢᠵᠢᠭᠤᠯᠬᠤ ᠳᠤ ᠬᠦᠴᠦᠨ ᠨᠡᠮᠡᠷᠢᠯᠡᠨ᠂ ᠬᠥᠳᠡᠭᠡ ᠨᠤᠲᠤᠭ ᠤᠨ ᠣᠨᠴᠠᠯᠢᠭᠲᠤ | ᠰᠣᠶᠣᠯ ᠤᠨ ᠦᠢᠯᠡᠳᠦᠯᠭᠡ ᠪᠠᠷ ᠬᠥᠳᠡᠭᠡ ᠲᠣᠰᠬᠤᠨ ᠤ ᠳᠦᠷᠰᠦ ᠪᠠᠶᠢᠳᠠᠯ ᠢ ᠠᠭᠠᠵᠢᠮ ᠢᠶᠠᠷ ᠬᠤᠪᠢᠷᠠᠭᠤᠯᠵᠤ ᠪᠠᠶᠢᠨ᠎ᠠ᠃ | ᠰᠣᠶᠣᠯ ᠤᠨ ᠵᠢᠭᠰᠠᠭᠠᠯ ᠤᠨ ᠭᠠᠵᠠᠷ ᠢ ᠪᠠᠲᠤ ᠴᠣᠭᠴᠠᠯᠠᠨ᠂ ᠬᠥᠳᠡᠭᠡ ᠲᠣᠰᠬᠤᠨ ᠤ ᠰᠣᠶᠣᠯ ᠢ | ᠬᠥᠭᠵᠢᠭᠦᠯᠦᠨ ᠮᠠᠨᠳᠤᠭᠤᠯᠬᠤ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠪᠡ | ᠮᠠᠶᠢᠰᠢᠨ ᠪᠠᠯᠭᠠᠰᠤ ᠨᠢ ᠰᠣᠶᠣᠯ ᠤᠨ ᠵᠢᠭᠰᠠᠭᠠᠯ ᠤᠨ ᠭᠠᠵᠠᠷ ᠢ ᠪᠠᠲᠤ ᠴᠣᠭᠴᠠᠯᠠᠬᠤ ᠪᠠᠷ ᠬᠦᠴᠦᠯᠡᠨ ᠴᠢᠷᠮᠠᠶᠢᠵᠤ᠂ ᠡᠯ᠎ᠡ ᠲᠣᠰᠬᠤᠨ ᠤ ᠰᠣᠶᠣᠯ ᠤᠨ | ᠲᠥᠬᠦᠭᠡᠷᠦᠮᠵᠢ ᠶᠢ ᠢᠳᠡᠪᠬᠢᠲᠡᠢ ᠪᠠᠶᠢᠭᠤᠯᠤᠨ᠂ ᠨᠤᠲᠤᠭ ᠤᠰᠤᠨ ᠤ ᠪᠠᠨ ᠰᠣᠶᠣᠯ ᠤᠷᠠᠯᠢᠭ ᠤᠨ ᠴᠢᠳᠠᠪᠤᠷᠢᠲᠠᠨ ᠢ ᠬᠥᠮᠥᠵᠢᠭᠦᠯᠪᠡ᠃ ᠮᠠᠶᠢᠰᠢᠨ ᠪᠠᠯᠭᠠᠰᠤᠨ ᠤ | ᠰᠣᠶᠣᠯ ᠤᠨ ᠶᠣᠰᠣᠯᠠᠯ ᠤᠨ ᠲᠠᠩᠬᠢᠮ ᠢᠶᠠᠷ ᠭᠤᠣᠯ ᠪᠤᠯᠭᠠᠵᠤ᠂ ᠡᠯ᠎ᠡ ᠲᠣᠰᠬᠤᠨ ᠤ ᠰᠣᠶᠣᠯ ᠤᠨ ᠠᠵᠢᠯᠯᠠᠭᠠᠨ ᠤ ᠳᠠᠰᠤᠭ ᠢᠶᠠᠷ ᠲᠤᠯᠭᠠᠭᠤᠷᠢᠯᠠᠯ ᠪᠣᠯᠭᠠᠨ᠂ | ᠠᠵᠢᠯᠯᠠᠭᠠᠨ ᠤ ᠠᠭᠤᠳᠠᠮ ᠲᠠᠯᠠᠪᠠᠶ᠂ ᠪᠣᠯᠪᠠᠰᠤᠨ ᠤ ᠦᠢᠯᠡᠳᠦᠯᠭᠡ ᠶᠢᠨ ᠥᠷᠲᠡᠭᠡ᠂ ᠲᠠᠯ᠎ᠠ ᠨᠤᠲᠤᠭ ᠤᠨ ᠨᠣᠮ ᠤᠨ ᠥᠷᠥᠭᠡ ᠵᠡᠷᠭᠡ ᠵᠢᠭᠰᠠᠭᠠᠯ ᠤᠨ ᠭᠠᠵᠠᠷ ᠲᠠᠢ | ᠤᠶᠠᠯᠳᠤᠭᠤᠯᠤᠨ᠂ ᠪᠦᠭᠦ ᠪᠠᠯᠭᠠᠰᠤ ᠶᠢ ᠬᠠᠮᠤᠷᠤᠭᠰᠠᠨ ᠰᠣᠶᠣᠯ ᠤᠨ ᠲᠣᠣᠷᠵᠢᠯ ᠢ ᠪᠠᠶᠢᠭᠤᠯᠵᠤ᠂ ᠬᠥᠳᠡᠭᠡ ᠲᠣᠰᠬᠤᠨ ᠤ ᠪᠣᠯᠪᠠᠰᠤᠨ ᠤ ᠥᠷᠨᠢᠭᠦᠨ ᠪᠠᠳᠠᠷᠠᠩᠭᠤᠢ | ᠰᠢᠨ᠎ᠡ ᠳᠦᠷᠰᠦ ᠪᠠᠶᠢᠳᠠᠯ ᠢ ᠢᠯᠡᠷᠡᠭᠦᠯᠪᠡ᠃ ᠲᠠᠷᠢᠶᠠᠴᠢᠳ ᠤᠨ ᠥᠪᠡᠷ ᠢᠶᠠᠨ ᠨᠠᠶᠢᠷᠠᠭᠤᠯᠤᠨ ᠵᠣᠬᠢᠶᠠᠵᠤ ᠤᠳᠤᠷᠢᠳᠤᠨ ᠲᠣᠭᠯᠠᠭᠰᠠᠨ ᠤᠷᠠᠨ ᠰᠠᠶᠢᠬᠠᠨ ᠤ ᠲᠣᠬᠯᠠᠯᠲᠠ | ᠨᠢ ᠴᠠᠭ ᠦᠶ᠎ᠡ ᠶᠢᠨ ᠭᠤᠣᠯ ᠰᠡᠳᠦᠪ ᠲᠠᠢ ᠨᠢᠭᠲᠠ ᠤᠶᠠᠯᠳᠤᠨ᠂ ᠬᠡᠪ ᠵᠠᠩᠰᠢᠯ ᠢ ᠥᠭᠡᠷᠡᠴᠢᠯᠡᠬᠦ ᠦᠵᠡᠯᠲᠡ ᠣᠶᠢᠯᠠᠭᠠᠭᠳᠠᠬᠤᠨ᠂ ᠪᠣᠯᠪᠠᠰᠤᠨ ᠰᠢᠨ᠎ᠡ ᠰᠤᠷᠲᠠᠯ ᠢ | ᠲᠦᠭ ᠲᠦᠮᠡᠨ ᠠᠶᠢᠯ ᠡᠷᠦᠭᠡ ᠳᠤ ᠬᠦᠷᠭᠡᠵᠦ᠂ ᠬᠥᠳᠡᠭᠡ ᠲᠣᠰᠬᠤᠨ ᠤ ᠰᠣᠶᠣᠯ ᠤᠨ ᠴᠡᠴᠡᠭᠯᠡᠯ ᠬᠥᠭᠵᠢᠯ ᠢ ᠠᠬᠢᠭᠤᠯᠵᠤ ᠪᠠᠶᠢᠨ᠎ᠠ᠃ | ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠤᠨ᠂ ᠬᠥᠳᠡᠭᠡ ᠲᠣᠰᠬᠤᠨ ᠤ | ᠰᠣᠶᠣᠯ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠦᠴᠦᠨ ᠢ ᠨᠡᠮᠡᠷᠢᠯᠡᠪᠡ | ᠰᠣᠶᠣᠯ ᠢ ᠬᠥᠭᠵᠢᠭᠦᠯᠦᠨ ᠮᠠᠨᠳᠤᠭᠤᠯᠬᠤ ᠳᠤ ᠴᠢᠳᠠᠪᠤᠷᠢᠲᠠᠨ ᠵᠠᠩᠭᠢᠯᠠᠭ᠎ᠠ ᠪᠤᠯᠳᠠᠭ᠃ ᠮᠠᠶᠢᠰᠢᠨ ᠪᠠᠯᠭᠠᠰᠤ ᠭᠦᠨ ᠵᠤᠵᠠᠭᠠᠨ ᠬᠤᠪᠢᠰᠬᠠᠯ ᠤᠨ ᠰᠣᠶᠣᠯ ᠤᠨ | ᠠᠭᠤᠯᠬᠤᠨ ᠳᠠᠭᠠᠨ ᠲᠦᠰᠢᠭᠯᠡᠨ᠂ ᠰᠣᠶᠣᠯ ᠤᠨ ᠴᠢᠳᠠᠪᠤᠷᠢᠲᠠᠨ ᠢ ᠠᠭᠤᠳᠠᠯᠤᠨ ᠬᠥᠮᠥᠵᠢᠭᠦᠯᠬᠦ ᠶᠢ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ | ᠭᠤᠣᠯ ᠡᠭᠦᠷᠭᠡ ᠪᠤᠯᠭᠠᠵᠤ᠂ ᠰᠣᠶᠣᠯ ᠤᠨ ᠴᠢᠳᠠᠪᠤᠷᠢᠲᠠᠨ ᠤ ᠡᠩᠨᠡᠭᠡ ᠶᠢ 17 ᠪᠠᠶᠢᠭᠤᠯᠪᠠ᠃ ᠴᠢᠬᠤᠯᠠ ᠪᠠᠶᠠᠷ ᠳᠤᠷᠠᠰᠬᠠᠯ ᠤᠨ ᠡᠳᠦᠷ ᠪᠤᠯᠬᠤ ᠪᠦᠷᠢ᠂ ᠲᠡᠳᠡ ᠨᠠᠷ ᠤᠨ | ᠡᠯ᠎ᠡ ᠲᠥᠷᠥᠯ ᠤᠨ ᠤᠷᠠᠨ ᠰᠠᠶᠢᠬᠠᠨ ᠤ ᠲᠣᠬᠯᠠᠯᠲᠠ ᠭᠠᠷᠭᠠᠬᠤ ᠶᠢ ᠵᠣᠷᠢᠭᠵᠢᠭᠤᠯᠤᠨ᠂ ᠲᠣᠰᠬᠤᠨ ᠤ ᠰᠣᠶᠣᠯ ᠤᠨ ᠠᠭᠤᠷ ᠠᠮᠢᠰᠬᠤᠯ ᠢ ᠬᠥᠭᠵᠢᠭᠡᠭᠰᠡᠨ ᠢᠶᠠᠷ ᠪᠠᠷᠠᠬᠤ | ᠦᠭᠡᠢ ᠪᠠᠰᠠ ᠬᠥᠳᠡᠭᠡ ᠲᠣᠰᠬᠤᠨ ᠤ ᠰᠢᠨ᠎ᠡ ᠬᠡᠪ ᠰᠤᠷᠲᠠᠯ ᠢ ᠤᠯᠠᠮᠵᠢᠯᠠᠨ ᠳᠠᠮᠵᠢᠭᠤᠯᠤᠭᠰᠠᠨ ᠪᠠᠶᠢᠨ᠎ᠠ᠃ ᠴᠢᠳᠠᠪᠤᠷᠢᠲᠠᠨ ᠤ ᠡᠩᠨᠡᠭᠡ ᠶᠢᠨ ᠲᠠᠰᠤᠷᠠᠯᠲᠠ ᠦᠭᠡᠢ | ᠪᠤᠵᠠᠭᠠᠶᠢᠷᠠᠭᠰᠠᠨ ᠨᠢ ᠬᠥᠳᠡᠭᠡ ᠲᠣᠰᠬᠤᠨ ᠤ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠳᠤ ᠰᠢᠨ᠎ᠡ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠤ ᠰᠣᠶᠣᠯ ᠢ | ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠪᠠ᠃ | ᠤᠳᠬ᠎ᠠ ᠤᠷᠠᠯᠢᠭ ᠤᠨ ᠷᠢᠳᠢ ᠰᠢᠳᠢ ᠶᠢ ᠭᠠᠶᠢᠬᠠᠭᠤᠯᠤᠨ᠂ ᠬᠥᠳᠡᠭᠡ ᠲᠣᠰᠬᠤᠨ ᠤ | ᠰᠣᠶᠣᠯ ᠢ ᠬᠥᠭᠵᠢᠭᠦᠯᠦᠨ ᠮᠠᠨᠳᠤᠭᠤᠯᠬᠤ ᠳᠤ ᠵᠣᠷᠢᠭ ᠰᠠᠨᠠᠭᠠᠨ ᠤ ᠬᠦᠴᠦᠨ ᠨᠡᠮᠡᠷᠢᠯᠡᠪᠡ | ᠮᠠᠶᠢᠰᠢᠨ ᠪᠠᠯᠭᠠᠰᠤ ᠬᠤᠪᠢᠰᠬᠠᠯᠲᠤ ᠦᠷᠡᠭᠳᠡᠭᠰᠡᠨ ᠪᠠᠭᠠᠲᠤᠷ ᠮᠠᠶᠢᠰᠢᠨ ᠨᠥᠬᠦᠷ ᠤᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠳᠤ ᠲᠦᠰᠢᠭᠯᠡᠨ᠂ ᠤᠯᠠᠨ | ᠲᠦᠮᠡᠨ ᠢ ᠵᠣᠬᠢᠶᠠᠨ ᠪᠠᠶᠢᠭᠤᠯᠤᠨ 10 ᠭᠠᠷᠤᠢ ᠤᠷᠠᠨ ᠰᠠᠶᠢᠬᠠᠨ ᠤ ᠲᠣᠬᠯᠠᠯᠲᠠ ᠶᠢ ᠨᠠᠶᠢᠷᠠᠭᠤᠯᠤᠨ ᠵᠣᠬᠢᠶᠠᠵᠤ ᠤᠳᠤᠷᠢᠳᠤᠨ ᠲᠣᠭᠯᠠᠪᠠ᠃ ᠴᠢᠬᠤᠯᠠ ᠤᠯᠠᠮᠵᠢᠯᠠᠯᠲᠤ | ᠪᠠᠶᠠᠷ ᠳᠤᠷᠠᠰᠬᠠᠯ ᠤᠨ ᠡᠳᠦᠷ ᠲᠤ᠂ ᠪᠦᠭᠦ ᠪᠠᠯᠭᠠᠰᠤ ᠪᠠᠷ ᠢᠶᠠᠨ ᠵᠢᠯ ᠪᠦᠷᠢ 200 ᠭᠠᠷᠤᠢ ᠳᠠᠯᠠᠪᠠᠢ ︵ᠤᠳᠠᠭ᠎ᠠ︶ ᠤᠷᠠᠨ ᠰᠠᠶᠢᠬᠠᠨ ᠤ ᠲᠣᠬᠯᠠᠯᠲᠠ ᠭᠠᠷᠭᠠᠵᠤ ᠪᠤᠢ᠃ | ᠣᠯᠠᠨ ᠲᠦᠮᠡᠨ ᠥᠨᠳᠥᠷ ᠦᠨ᠎ᠡ ᠲᠠᠢ ᠪᠣᠭᠲᠣᠯᠠᠬᠤ ᠪᠡᠯᠡᠭ᠂ ᠪᠠᠶᠠᠷ ᠨᠠᠶᠢᠷ ᠢ ᠶᠡᠭᠡ ᠪᠠᠷ ᠪᠠᠵᠠᠭᠠᠬᠤ᠂ ᠬᠦᠨᠳᠦ ᠪᠠᠷ ᠣᠷᠣᠰᠢᠭᠤᠯᠵᠤ ᠬᠥᠩᠭᠡᠯᠡᠨ ᠲᠡᠵᠢᠭᠡᠬᠦ ᠵᠡᠷᠭᠡ | ᠬᠠᠭᠤᠴᠢᠨ ᠶᠣᠰᠣ ᠪᠦᠳᠦᠭᠦᠯᠢᠭ ᠵᠠᠩᠰᠢᠯ ᠢ ᠱᠤᠭ ᠵᠦᠴᠦᠭᠡ᠂ ᠴᠠᠷᠭᠢᠯ ᠬᠤᠯᠪᠤᠭ᠎ᠠ ᠵᠡᠷᠭᠡ ᠪᠣᠯᠭᠠᠨ ᠨᠠᠶᠢᠷᠠᠭᠤᠯᠤᠨ ᠵᠣᠬᠢᠶᠠᠵᠤ᠂ ᠠᠮᠢᠳᠤᠷᠠᠯ ᠳᠤ ᠣᠶᠢᠷᠠᠳᠬᠤ᠂ ᠣᠯᠠᠨ | ᠲᠦᠮᠡᠨ ᠳᠤ ᠣᠶᠢᠷᠠᠳᠬᠤ ᠭᠡᠯᠪᠡᠷᠢ᠂ ᠠᠮᠢᠳᠤ ᠴᠣᠪᠣᠭᠤᠯᠢᠭ ᠤᠷᠠᠯᠢᠭ ᠤᠨ ᠭᠡᠯᠪᠡᠷᠢ ᠪᠠᠷ᠂ ᠲᠠᠷᠢᠶᠠᠴᠢᠳ ᠤᠨ ᠦᠵᠡᠯ ᠰᠠᠨᠠᠭ᠎ᠠ ᠦᠵᠡᠯᠲᠡ ᠣᠶᠢᠯᠠᠭᠠᠭᠳᠠᠬᠤᠨ ᠪᠠ | ᠦᠢᠯᠡ ᠠᠵᠢᠯᠯᠠᠭ᠎ᠠ ᠶᠢ ᠠᠭᠠᠵᠢᠮ ᠢᠶᠠᠷ ᠬᠤᠪᠢᠷᠠᠭᠤᠯᠤᠨ᠂ ᠤᠳᠬ᠎ᠠ ᠤᠷᠠᠯᠢᠭ ᠤᠨ ᠥᠪᠡᠷᠮᠢᠴᠡ ᠷᠢᠳᠢ ᠰᠢᠳᠢ ᠶᠢ ᠭᠠᠶᠢᠬᠠᠭᠤᠯᠵᠤ ᠪᠠᠶᠢᠨ᠎ᠠ᠃ | ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠬᠤ ᠪᠣᠯ ᠨᠢᠭᠡᠨ ᠤᠷᠳᠤ ᠬᠤᠭᠤᠴᠠᠭᠠᠨ ᠤ ᠪᠥᠭᠡᠳ ᠪᠡᠷᠬᠡ ᠬᠠᠲᠠᠭᠤᠵᠢᠯᠲᠠᠢ ᠡᠭᠦᠷᠭᠡ ᠮᠥᠨ᠂ ᠳᠡᠷᠡ ᠨᠢ ᠬᠥᠳᠡᠭᠡ | ᠲᠣᠰᠬᠤᠨ ᠤ ᠰᠣᠶᠣᠯ ᠤᠳᠬ᠎ᠠ ᠤᠷᠠᠯᠢᠭ ᠤᠨ ᠦᠷᠭᠦᠯᠵᠢᠯᠡᠨ ᠬᠦᠴᠦᠯᠡᠬᠦ ᠶᠢ ᠱᠠᠭᠠᠷᠳᠠᠨ᠎ᠠ᠃ ᠮᠠᠶᠢᠰᠢᠨ ᠪᠠᠯᠭᠠᠰᠤ ᠨᠢ ᠬᠥᠳᠡᠭᠡ ᠲᠣᠰᠬᠤᠨ ᠤ ᠰᠢᠯᠢᠳᠡᠭ | ᠤᠯᠠᠮᠵᠢᠯᠠᠯᠲᠤ ᠰᠣᠶᠣᠯ ᠢ ᠭᠦᠨᠵᠡᠭᠡᠢ ᠠᠭᠤᠳᠠᠯᠵᠤ᠂ ᠴᠠᠭ ᠦᠶ᠎ᠡ ᠶᠢᠨ ᠵᠣᠷᠢᠭ ᠰᠠᠨᠠᠭ᠎ᠠ ᠶᠢ ᠲᠤᠰᠬᠠᠭᠰᠠᠨ᠂ ᠲᠠᠷᠢᠶᠠᠴᠢᠳ ᠤᠨ ᠠᠮᠢᠳᠤᠷᠠᠯ ᠳᠤ ᠣᠶᠢᠷᠠᠲᠤᠭᠰᠠᠨ ᠨᠡᠩ | ᠤᠯᠠᠨ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠨ᠎ᠠ᠃ ᠬᠥᠳᠡᠭᠡ ᠲᠣᠰᠬᠤᠨ ᠤ ᠰᠣᠶᠣᠯ ᠤᠨ ᠴᠢᠳᠠᠪᠤᠷᠢᠲᠠᠨ ᠢ ᠬᠥᠮᠥᠵᠢᠭᠦᠯᠵᠦ᠂ ᠬᠥᠳᠡᠭᠡ | ᠲᠣᠰᠬᠤᠨ ᠤ ᠤᠳᠬ᠎ᠠ ᠤᠷᠠᠯᠢᠭ ᠤᠨ ᠡᠩᠨᠡᠭᠡ ᠶᠢ ᠪᠤᠵᠠᠭᠠᠶᠢᠷᠠᠭᠤᠯᠤᠨ᠎ᠠ᠃ ᠰᠣᠶᠣᠯ ᠢ ᠤᠯᠠᠮᠵᠢᠯᠠᠨ ᠳᠡᠯᠭᠡᠷᠡᠭᠦᠯᠬᠦ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ | ᠡᠭᠦᠳᠴᠦ᠂ ᠤᠳᠬ᠎ᠠ ᠤᠷᠠᠯᠢᠭ ᠤᠨ ᠪᠦᠲᠦᠭᠡᠯ ᠤᠨ ᠨᠥᠯᠥᠭᠡᠯᠡᠬᠦ ᠬᠦᠴᠦᠨ ᠢ ᠴᠢᠩᠭᠠᠳᠬᠠᠨ᠎ᠠ᠃ ᠬᠥᠳᠡᠭᠡ ᠲᠣᠰᠬᠤᠨ ᠤ ᠰᠣᠶᠣᠯ ᠤᠳᠬ᠎ᠠ ᠤᠷᠠᠯᠢᠭ ᠤᠨ ᠬᠡᠪ | ᠵᠠᠩᠰᠢᠯ ᠢ ᠥᠭᠡᠷᠡᠴᠢᠯᠡᠬᠦ ᠶᠠᠪᠤᠴᠠ ᠳᠠᠬᠢ ᠦᠢᠯᠡᠳᠦᠯ ᠢ ᠶᠡᠭᠡ ᠪᠠᠷ ᠪᠠᠳᠠᠷᠠᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ | ᠤᠶᠤᠨ ᠰᠠᠨᠠᠭᠠᠨ ᠤ ᠬᠥᠳᠡᠯᠭᠡᠬᠦ ᠬᠦᠴᠦᠨ ᠨᠡᠮᠡᠷᠢᠯᠡᠬᠦ ᠪᠠᠷ ᠴᠢᠷᠮᠠᠶᠢᠵᠤ ᠪᠤᠢ᠃ | ︵ᠸᠠᠩ ᠯᠢ ᠫᠢᠩ ᠱᠢ ᠵᠢᠶᠠ ᠰᠢᠨ︶ |