ᠰᠢᠨ᠎ᠡ ᠬᠤᠲᠠ ᠵᠡᠭᠡᠯᠢ ᠭᠤᠳᠤᠮᠵᠢ ᠶᠢᠨ ᠶᠢᠨ ᠶᠤᠸᠠᠨ ᠯᠢ ᠳ᠋ᠦ᠋ ᠨᠡᠶᠢᠭᠡᠮ ᠲᠣᠭᠤᠷᠢᠭ ᠤᠨ ︽ᠰᠠᠭᠤᠭᠠᠯᠢ ᠠᠷᠠᠳ ᠤᠨ ᠨᠣᠮ ᠤᠨ ᠥᠷᠥᠭᠡ︾  ᠤᠯᠠᠨ ᠲᠦᠮᠡᠨ ᠳᠤ ᠳᠦᠭᠦᠮ ᠳᠥᠲᠡ ᠰᠣᠶᠣᠯ ᠤᠨ ᠦᠢᠯᠡᠴᠢᠯᠡᠭᠡ ᠬᠠᠩᠭᠠᠵᠤ ᠪᠠᠶᠢᠨ᠎ᠠ
ᠨᠡᠶᠢᠲᠡᠯᠡᠭᠰᠡᠨ ᠴᠠᠭ᠄
2025/4/14
      ᠰᠠᠶ᠋ᠢᠬᠠᠨ ᠪᠠᠶᠢᠭᠤᠯᠤᠭᠳᠠᠭᠰᠠᠨ ᠰᠢᠨ᠎ᠡ ᠬᠤᠲᠠ ᠵᠡᠭᠡᠯᠢ ᠭᠤᠳᠤᠮᠵᠢ ᠶᠢᠨ ᠶᠢᠨ ᠶᠤᠸᠠᠨ ᠯᠢ ᠳ᠋ᠦ᠋ ᠨᠡᠶᠢᠭᠡᠮ ᠲᠣᠭᠤᠷᠢᠭ ᠤᠨ ︽ᠰᠠᠭᠤᠭᠠᠯᠢ ᠠᠷᠠᠳ ᠤᠨ ᠨᠣᠮ ᠤᠨ ᠥᠷᠥᠭᠡ︾ ᠶᠢᠨ ᠣᠷᠴᠢᠨ ᠲᠣᠭᠤᠷᠢᠨ ᠨᠢ ᠲᠣᠬᠢᠯᠢᠭ ᠲᠠᠭᠠᠯᠠᠮᠵᠢᠲᠠᠢ ᠪᠠᠶᠢᠵᠤ᠂ ︽ᠨᠣᠮ ᠤᠨ ᠦᠨᠦᠷ︾ ᠬᠠᠩᠬᠤᠯᠤᠨ᠎ᠠ᠃      ᠳᠤᠰ ᠨᠣᠮ ᠤᠨ ᠦᠷᠦᠭᠡ ᠨᠢ ᠤᠳᠬ᠎ᠠ ᠵᠣᠬᠢᠶᠠᠯ᠂ ᠲᠡᠦᠬᠡ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠬᠡᠦᠬᠡᠳ ᠤᠨ ᠨᠣᠮ ᠵᠡᠷᠭᠡ ᠠᠳᠠᠯᠢ ᠪᠤᠰᠤ ᠨᠠᠰᠤᠨ ᠤ᠂ ᠤᠯᠠᠨ ᠶᠠᠩᠵᠤ ᠶᠢᠨ ᠳᠤᠷ᠎ᠠ ᠰᠣᠨᠢᠷᠬᠠᠯ ᠢ ᠬᠠᠮᠤᠷᠤᠭᠰᠠᠨ 1000 ᠭᠠᠷᠤᠢ ᠨᠣᠮ ᠢ ᠨᠠᠷᠢᠨ ᠨᠢᠮᠪᠠᠢ ᠰᠢᠯᠢᠨ ᠰᠣᠩᠭᠤᠵᠤ᠂ ᠰᠤᠷᠤᠯᠴᠠᠯᠭ᠎ᠠ ᠶᠢᠨ ᠲᠣᠭᠤᠷᠢᠭ᠂ ᠤᠩᠰᠢᠯᠭ᠎ᠠ ᠶᠢᠨ ᠲᠣᠭᠤᠷᠢᠭ ᠵᠡᠷᠭᠡ ᠴᠢᠳᠠᠪᠬᠢᠲᠤ ᠲᠣᠭᠤᠷᠢᠭ ᠭᠠᠷᠭᠠᠨ᠂ ᠲᠠᠭᠠᠯᠠᠮᠵᠢᠲᠠᠢ ᠰᠠᠭᠤᠳᠠᠯ᠂ ᠨᠢᠳᠦ ᠬᠠᠮᠠᠭᠠᠯᠠᠬᠤ ᠳ᠋ᠧᠩ ᠵᠡᠷᠭᠡ ᠳᠤᠨᠤᠭ ᠲᠥᠬᠦᠭᠡᠷᠦᠮᠵᠢ ᠶᠢ ᠢᠵᠢ ᠪᠦᠷᠢᠳᠦᠭᠦᠯᠦᠭᠰᠡᠨ ᠪᠠᠶᠢᠨ᠎ᠠ᠃ ᠨᠣᠮ ᠤᠨ ᠦᠷᠦᠭᠡ ᠨᠢ ᠨᠣᠮ ᠵᠢᠭᠡᠯᠡᠭᠦᠯᠬᠦ ᠮᠠᠰᠢᠨ᠂ ᠥᠪᠡᠰᠦᠪᠡᠨ ᠨᠣᠮ ᠵᠢᠭᠡᠯᠡᠬᠦ ᠦᠨᠡᠮᠯᠡᠯ ᠠᠪᠬᠤ ᠮᠠᠰᠢᠨ ᠵᠡᠷᠭᠡ ᠣᠳᠣᠬᠢᠴᠢᠯᠠᠭᠰᠠᠨ ᠲᠥᠬᠦᠭᠡᠷᠦᠮᠵᠢ ᠶᠢ ᠲᠣᠬᠢᠷᠠᠭᠤᠯᠵᠤ᠂ ︽ᠬᠥᠮᠥᠨ ᠪᠦᠭᠦᠨ ᠤᠩᠰᠢᠵᠤ ᠪᠤᠯᠬᠤ᠂ ᠴᠠᠭ ᠢᠮᠠᠭᠲᠠ ᠤᠩᠰᠢᠵᠤ ᠪᠤᠯᠬᠤ᠂ ᠭᠠᠵᠠᠷ ᠪᠣᠯᠭᠠᠨ ᠳᠤ ᠤᠩᠰᠢᠵᠤ ᠪᠤᠯᠬᠤ︾ ᠶᠢ ᠪᠡᠶᠡᠯᠡᠭᠦᠯᠪᠡ᠃      ᠳᠤᠰ ᠨᠣᠮ ᠤᠨ ᠥᠷᠥᠭᠡ ᠨᠢ ᠵᠥᠪᠭᠡᠨ ᠤᠩᠰᠢᠯᠭ᠎ᠠ ᠶᠢᠨ ᠣᠷᠣᠨ ᠵᠠᠢ ᠲᠡᠳᠦᠢ ᠪᠢᠰᠢ᠂ ᠨᠡᠩ ᠴᠢᠨᠠᠭᠰᠢᠯᠠᠨ ᠰᠠᠭᠤᠭᠠᠯᠢ ᠠᠷᠠᠳ ᠲᠤ ᠣᠯᠠᠨ ᠶᠠᠩᠵᠤᠵᠢᠬᠰᠠᠨ ᠰᠣᠶᠣᠯ ᠤᠨ ᠣᠶᠢᠯᠠᠭᠠᠯᠲᠠ ᠬᠠᠩᠭᠠᠬᠤ ᠪᠠᠷ ᠬᠦᠴᠦᠯᠡᠨ ᠴᠢᠷᠮᠠᠶᠢᠵᠤ᠂ ᠨᠣᠮ ᠤᠩᠰᠢᠬᠤ ᠬᠤᠷᠠᠯ᠂ ᠡᠴᠢᠭᠡ ᠡᠬᠡ ᠬᠡᠦᠬᠡᠳ ᠲᠠᠢ ᠪᠠᠨ ᠬᠠᠮᠲᠤ ᠪᠠᠷ ᠨᠣᠮ ᠤᠩᠰᠢᠬᠤ ᠠᠵᠢᠯᠯᠠᠭ᠎ᠠ᠂ ᠰᠣᠶᠣᠯ ᠤᠨ ᠶᠠᠷᠢᠶ᠎ᠠ ᠲᠠᠶᠢᠯᠤᠮᠵᠢ ᠵᠡᠷᠭᠡ ᠣᠯᠠᠨ ᠵᠦᠢᠯ ᠤᠨ ᠭᠡᠯᠪᠡᠷᠢ ᠶᠢ ᠪᠠᠭᠲᠠᠭᠠᠭᠰᠠᠨ ᠣᠯᠠᠨ ᠭᠡᠯᠪᠡᠷᠢ ᠶᠠᠩᠵᠤ ᠶᠢᠨ ᠨᠣᠮ ᠤᠩᠰᠢᠯᠭ᠎ᠠ ᠶᠢ ᠳᠡᠯᠭᠡᠷᠡᠭᠦᠯᠬᠦ ᠠᠵᠢᠯᠯᠠᠭ᠎ᠠ ᠶᠢ ᠲᠣᠭᠲᠠᠭᠰᠠᠨ ᠬᠤᠭᠤᠴᠠᠭ᠎ᠠ ᠲᠠᠢ ᠪᠠᠷ ᠡᠷᠭᠢᠯᠡᠭᠦ ᠪᠠᠷ ᠪᠤᠢ᠃      ᠲᠦᠩᠯᠢᠶᠣᠣ ᠬᠤᠲᠠ ᠶᠢᠨ ᠨᠣᠮ ᠤᠨ ᠰᠠᠩ ᠤᠨ ᠬᠠᠷᠢᠭᠤᠴᠠᠯᠭᠠᠲᠠᠨ ᠠᠴᠠ᠂ ᠬᠤᠵᠢᠮ ᠨᠣᠮ ᠤᠨ ᠥᠷᠥᠭᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠨᠠᠩ ᠣᠯᠠᠨ ᠲᠣᠭᠠᠴᠢᠯᠠᠭᠰᠠᠨ ᠦᠢᠯᠡᠴᠢᠯᠡᠭᠡ ᠶᠢ ᠣᠷᠣᠭᠤᠯᠤᠨ ᠠᠪᠴᠢᠷᠠᠬᠤ ᠶᠢᠨ ᠬᠠᠮᠲᠤ ᠵᠡᠭᠡᠯᠢ ᠭᠤᠳᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠲᠠᠢ ᠬᠠᠮᠲᠤᠷᠠᠯᠴᠠᠨ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠥᠷᠭᠡᠳᠬᠡᠨ᠂ ︽ᠰᠠᠭᠤᠭᠠᠯᠢ ᠠᠷᠠᠳ ᠤᠨ ᠨᠣᠮ ᠤᠨ ᠥᠷᠥᠭᠡ︾ ᠶᠢ ᠦᠨᠡᠨ ᠬᠦ ᠠᠷᠠᠳ ᠣᠯᠠᠨ ᠤ ᠳᠡᠷᠭᠡᠳᠡᠬᠢ ︽ᠰᠣᠶᠣᠯ ᠤᠨ ᠲᠣᠰᠣ ᠨᠡᠮᠡᠬᠦ ᠥᠷᠲᠡᠭᠡ︾ ᠪᠣᠯᠭᠠᠨ᠎ᠠ ᠭᠡᠵᠦ ᠢᠯᠡᠷᠬᠡᠶᠢᠯᠡᠵᠦ ᠪᠠᠶᠢᠯ᠎ᠠ᠃                              ︵ᠵᠣᠯ ᠯᠢ ᠢᠦᠢ ᠲᠦᠩ ᠮᠢᠨ ᠰᠢᠸ︶
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ