ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ 4 ᠰᠠᠷ᠎ᠠ ᠶᠢᠨ 14 ᠤ ᠡᠳᠦᠷ ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠨᠤᠢ ᠳᠤ ᠬᠦᠷᠴᠦ ᠸᠢᠶᠧᠲᠨᠠᠮ ᠳᠤ ᠲᠦᠷᠦ ᠶᠢᠨ ᠶᠠᠪᠤᠳᠠᠯ ᠤᠨ | ᠠᠶᠢᠯᠴᠢᠯᠠᠯᠲᠠ ᠬᠢᠪᠡ ᠃ ᠲᠤᠰ ᠡᠳᠦᠷ ᠤᠨ ᠦᠳᠡ ᠶᠢᠨ ᠬᠤᠶᠢᠨ᠎ᠠ ᠂ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠰᠢ | ᠶᠢᠨ ᠫᠢᠩ ᠢ ᠤᠭᠲᠤᠬᠤ ᠦᠪᠡᠳᠡᠭᠰᠢ ᠶᠣᠰᠣᠯᠠᠯ ᠶᠠᠪᠤᠭᠤᠯᠪᠠ ᠃ | ᠲᠦᠷᠪᠡᠨ ᠰᠠᠷ᠎ᠠ ᠶᠢᠨ ᠬᠠᠨᠤᠢ ᠳᠤ ᠤᠢ ᠮᠣᠳᠣ ᠬᠥᠬᠡᠷᠡᠨ ᠨᠣᠭᠤᠭᠠᠷᠠᠵᠤ ᠂ ᠠᠮᠢᠵᠢᠷᠠᠯ ᠤᠨ ᠬᠦᠴᠦᠨ ᠢᠶᠠᠷ ᠪᠢᠯᠬᠠᠨ᠎ᠠ ᠃ ᠲᠡᠷᠢᠭᠦᠯᠡᠭᠴᠢ ᠶᠢᠨ ᠣᠷᠳᠣᠨ ᠤ | ᠠᠭᠤᠳᠠᠮ ᠲᠠᠯᠠᠪᠠᠢ ᠳᠤ ᠲᠠᠪᠤᠨ ᠣᠳᠣᠲᠤ ᠤᠯᠠᠭᠠᠨ ᠲᠤᠭ ᠪᠠ ᠠᠯᠳᠠᠨ ᠣᠳᠣᠲᠤ ᠤᠯᠠᠭᠠᠨ ᠲᠤᠭ ᠰᠠᠯᠬᠢᠨ ᠤ ᠠᠶ᠎ᠠ ᠪᠠᠷ ᠨᠠᠮᠢᠷᠠᠵᠤ ᠂ ᠸᠢᠶᠧᠲᠨᠠᠮ ᠤᠨ 200 | ᠭᠠᠷᠤᠢ ᠪᠠᠭᠠᠴᠤᠳ ᠬᠡᠦᠬᠡᠳ ᠲᠤᠭ ᠳᠠᠯᠪᠠᠭ᠎ᠠ ᠬᠤᠷᠤᠶᠢᠯᠠᠵᠤ ᠂ ᠰᠢ ᠶᠢᠨ ᠫᠢᠩ ᠤᠨ ᠠᠶᠢᠯᠴᠢᠯᠠᠬᠤ ᠪᠠᠷ ᠢᠷᠡᠭᠰᠡᠨ ᠢ ᠬᠠᠯᠠᠭᠤᠨ ᠢᠶᠠᠷ ᠤᠭᠲᠤᠪᠠ ᠃ | | | | | | | 4 ᠰᠠᠷ᠎ᠠ ᠶᠢᠨ 14 ᠤ ᠡᠳᠦᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠰᠢ | ᠶᠢᠨ ᠫᠢᠩ ᠬᠠᠨᠤᠢ ᠳᠤ ᠬᠦᠷᠴᠦ ᠸᠢᠶᠧᠲᠨᠠᠮ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠪᠡ ᠃ ᠲᠤᠰ ᠡᠳᠦᠷ ᠤᠨ ᠦᠳᠡ ᠶᠢᠨ ᠬᠤᠶᠢᠨ᠎ᠠ ᠂ ᠸᠢᠶᠧᠲᠨᠠᠮ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠰᠢ ᠶᠢᠨ ᠫᠢᠩ ᠢ ᠤᠭᠲᠤᠬᠤ ᠦᠪᠡᠳᠡᠭᠰᠢ ᠶᠣᠰᠣᠯᠠᠯ ᠶᠠᠪᠤᠭᠤᠯᠪᠠ ᠃ ᠵᠢᠷᠤᠭ ᠪᠣᠯ ᠰᠢ | ᠶᠢᠨ ᠫᠢᠩ ᠰᠦ᠋ ᠯᠢᠨ ᠤ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ ᠰᠢᠯᠭᠠᠨ ᠦᠵᠡᠵᠦ ᠪᠠᠶᠢᠭ᠎ᠠ ᠨᠢ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠰᠢ ᠶᠢᠨ ᠫᠢᠩ ᠲᠡᠷᠭᠡ ᠪᠠᠷ ᠬᠦᠷᠬᠦ ᠦᠶ᠎ᠡ ᠳᠤ ᠰᠦ᠋ ᠯᠢᠨ ᠲᠡᠷᠭᠡᠨ ᠠᠴᠠ ᠪᠠᠭᠤᠬᠤ ᠭᠠᠵᠠᠷ ᠲᠤ ᠬᠠᠯᠠᠭᠤᠨ ᠢᠶᠠᠷ ᠤᠭᠲᠤᠨ ᠠᠪᠴᠤ ᠂ ᠸᠢᠶᠧᠲᠨᠠᠮ ᠤᠨ | ᠪᠠᠭᠠᠴᠤᠳ ᠬᠡᠦᠬᠡᠳ ᠰᠢ ᠶᠢᠨ ᠫᠢᠩ ᠳᠤ ᠰᠣᠷᠭᠤᠭ ᠴᠡᠴᠡᠭ ᠬᠦᠷᠭᠡᠪᠡ ᠃ ᠰᠢ ᠶᠢᠨ ᠫᠢᠩ ᠰᠦ᠋ ᠯᠢᠨ ᠲᠠᠢ ᠬᠠᠮᠲᠤ ᠰᠢᠯᠭᠠᠨ ᠦᠵᠡᠬᠦ ᠲᠠᠶᠢᠰᠠᠨ ᠳᠤ ᠭᠠᠷᠪᠠ ᠃ | ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠸᠢᠶᠧᠲᠨᠠᠮ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ ᠂ ᠶᠣᠰᠣᠯᠠᠯ ᠤᠨ ᠫᠤᠤ ᠶᠢ 21 | ᠳᠤᠤᠭᠠᠷᠭᠠᠪᠠ ᠃ ᠰᠢ ᠶᠢᠨ ᠫᠢᠩ ᠰᠦ᠋ ᠯᠢᠨ ᠤ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ ᠰᠢᠯᠭᠠᠨ ᠦᠵᠡᠪᠡ ᠃ ᠬᠤᠶᠠᠷ ᠨᠠᠮ ᠤᠨ ᠶᠡᠷᠦᠩᠬᠡᠢ ᠱᠦᠵᠢ | ᠲᠤᠰ ᠲᠤᠰ ᠨᠦᠭᠦᠭᠡ ᠲᠠᠯ᠎ᠠ ᠶᠢᠨ ᠪᠠᠷ᠎ᠠ ᠪᠣᠯᠣᠭᠰᠠᠳ ᠲᠠᠢ ᠭᠠᠷ ᠠᠳᠬᠤᠨ ᠮᠡᠨᠳᠦᠴᠢᠯᠡᠵᠦ ᠂ ᠳᠠᠷᠠᠭ᠎ᠠ ᠨᠢ ᠬᠠᠮᠲᠤ ᠪᠠᠷ ᠵᠢᠭᠰᠠᠭᠠᠯ ᠢ ᠰᠣᠨᠢᠷᠬᠠᠪᠠ ᠃ | ᠤᠭᠲᠤᠬᠤ ᠶᠣᠰᠣᠯᠠᠯ ᠤᠨ ᠳᠠᠷᠠᠭ᠎ᠠ ᠰᠢ ᠶᠢᠨ ᠫᠢᠩ ᠪᠣᠯᠣᠨ ᠰᠦ᠋ ᠯᠢᠨ ᠬᠠᠮᠲᠤ ᠪᠠᠷ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ | ᠭᠠᠵᠠᠷ ᠲᠤ ᠬᠦᠷᠴᠦ ᠬᠡᠯᠡᠯᠴᠡᠭᠡ ᠬᠢᠪᠡ ᠃ ᠵᠠᠮ ᠳᠠᠭᠠᠤ ᠸᠢᠶᠧᠲᠨᠠᠮ ᠤᠨ ᠬᠡᠳᠦᠨ ᠵᠠᠭᠤᠨ ᠠᠷᠠᠳ ᠲᠦᠮᠡᠨ ᠬᠤᠶᠠᠷ ᠨᠠᠮ ᠬᠤᠶᠠᠷ ᠤᠯᠤᠰ ᠤᠨ ᠲᠤᠭ ᠢ | ᠬᠤᠷᠤᠶᠢᠯᠠᠵᠤ ᠂ ᠰᠢ ᠶᠢᠨ ᠫᠢᠩ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ ᠃ ᠰᠢ ᠶᠢᠨ ᠫᠢᠩ ᠤᠭᠲᠤᠬᠤ ᠪᠠᠷ ᠢᠷᠡᠭᠰᠡᠨ ᠤᠯᠠᠨ ᠤ ᠵᠦᠭ ᠭᠠᠷ | ᠳᠠᠯᠠᠯᠤᠨ ᠮᠡᠨᠳᠦᠴᠢᠯᠡᠪᠡ ᠃ | ᠼᠠᠢ ᠴᠢ ᠂ ᠸᠠᠩ ᠢ ᠂ ᠸᠠᠩ ᠰᠢᠶᠣᠣ ᠬᠤᠩ ᠨᠠᠷ ᠣᠷᠣᠯᠴᠠᠵᠠᠢ ᠃ | |