ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2025/4/18
      ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ   4 ᠰᠠᠷ᠎ᠠ ᠶᠢᠨ 14 ᠤ ᠦᠳᠡ ᠶᠢᠨ ᠬᠤᠶᠢᠨ᠎ᠠ ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ ᠭᠠᠵᠠᠷ ᠲᠤ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠲᠠᠢ ᠬᠡᠯᠡᠯᠴᠡᠭᠡ ᠬᠢᠪᠡ ᠃      ᠰᠢ ᠶᠢᠨ ᠫᠢᠩ᠂ ᠸᠢᠶᠧᠲᠨᠠᠮ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠂ ᠶᠡᠷᠦᠩᠬᠡᠢ ᠱᠦᠵᠢ ᠰᠦ᠋ ᠯᠢᠨ ᠲᠠᠢ ᠠᠩᠬᠠᠨ ᠤ ᠡᠭᠡᠯᠵᠢ ᠶᠢᠨ ᠬᠠᠷᠢᠯᠴᠠᠨ ᠠᠶᠢᠯᠴᠢᠯᠠᠯᠲᠠ ᠪᠠᠨ ᠪᠡᠶᠡᠯᠡᠭᠦᠯᠦᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ ᠃ ᠡᠨᠡ ᠵᠢᠯ ᠪᠣᠯ ᠸᠢᠶᠧᠲᠨᠠᠮ ᠤᠨ ᠡᠪ ᠬᠠᠮᠲᠤ ᠨᠠᠮ ᠪᠠᠶᠢᠭᠤᠯᠤᠭᠳᠠᠭᠰᠠᠨ 95 ᠵᠢᠯ ᠤᠨ ᠤᠢ ᠂ ᠸᠢᠶᠧᠲᠨᠠᠮ ᠤᠨ ᠤᠯᠤᠰ ᠪᠠᠶᠢᠭᠤᠯᠤᠭᠳᠠᠭᠰᠠᠨ 80 ᠵᠢᠯ ᠤᠨ ᠤᠢ ᠪᠣᠯᠣᠨ ᠡᠮᠦᠨᠡᠲᠦ ᠸᠢᠶᠧᠲᠨᠠᠮ ᠴᠢᠯᠦᠭᠡᠯᠡᠭᠳᠡᠭᠰᠡᠨ 50 ᠵᠢᠯ ᠤᠨ ᠤᠢ ᠪᠣᠯᠣᠨ᠎ᠠ ᠂ ᠪᠢ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠡᠮᠦᠨ᠎ᠡ ᠠᠴᠠ ᠸᠢᠶᠧᠲᠨᠠᠮ ᠤᠨ ᠲᠠᠯ᠎ᠠ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ ᠃ ᠳᠤᠮᠳᠠᠳᠤ ᠤᠯᠤᠰ ᠥᠩᠭᠡᠷᠡᠭᠰᠡᠨ ᠲᠠᠢ ᠪᠠᠨ ᠠᠳᠠᠯᠢ ᠪᠠᠷ ᠸᠢᠶᠧᠲᠨᠠᠮ ᠤᠨ ᠬᠢᠨ ᠤ ᠲᠣᠰ ᠤᠯᠤᠰ ᠤᠨ ᠢᠶᠠᠨ ᠤᠯᠤᠰ ᠤᠨ ᠪᠠᠶᠢᠳᠠᠯ ᠳᠤ ᠨᠡᠶᠢᠴᠡᠭᠰᠡᠨ ᠨᠡᠶᠢᠭᠡᠮ ᠵᠢᠷᠤᠮ ᠤᠨ ᠵᠠᠮ ᠢᠶᠠᠷ ᠰᠠᠶᠢᠲᠤᠷ ᠵᠠᠮᠨᠠᠵᠤ ᠂ 2026 ᠣᠨ ᠳᠤ ᠸᠢᠶᠧᠲᠨᠠᠮ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠶᠡᠭᠡ ᠬᠤᠷᠠᠯ ᠢᠶᠠᠨ ᠢᠯᠠᠯᠲᠠ ᠲᠠᠢ ᠬᠤᠷᠠᠯᠳᠤᠭᠤᠯᠵᠤ ᠂ ᠨᠠᠮ ᠪᠠᠶᠢᠭᠤᠯᠤᠭᠳᠠᠭᠰᠠᠨ ᠤᠯᠤᠰ ᠪᠠᠶᠢᠭᠤᠯᠤᠭᠳᠠᠭᠰᠠᠨ ︽ᠬᠤᠣᠰ ᠵᠠᠭᠤᠨ ᠵᠢᠯ ︾ ᠤᠨ ᠲᠡᠮᠡᠴᠡᠬᠦ ᠬᠠᠷᠠᠯᠲᠠ ᠲᠡᠶᠢᠰᠢ ᠲᠠᠰᠤᠷᠠᠯᠲᠠ ᠦᠭᠡᠢ ᠤᠷᠤᠭᠰᠢᠯᠠᠬᠤ ᠶᠢ ᠲᠡᠮᠵᠢᠨ᠎ᠡ ᠭᠡᠵᠦ ᠵᠢᠭᠠᠵᠤ ᠭᠠᠷᠭᠠᠪᠠ ᠃
习近平同越共中央总书记苏琳举行会谈2.jpg
       4 ᠰᠠᠷ᠎ᠠ ᠶᠢᠨ 14 ᠤ ᠦᠳᠡ ᠶᠢᠨ ᠬᠤᠶᠢᠨ᠎ᠠ ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ ᠭᠠᠵᠠᠷ ᠲᠤ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠲᠠᠢ ᠬᠡᠯᠡᠯᠴᠡᠭᠡ ᠬᠢᠪᠡ ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ      ᠰᠢ ᠶᠢᠨ ᠫᠢᠩ᠂ ᠡᠨᠡ ᠵᠢᠯ ᠪᠣᠯ ᠳᠤᠮᠳᠠᠳᠤ ᠸᠢᠶᠧᠲᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠵᠢᠴᠢ ︽ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ ︾ ᠪᠣᠯᠣᠨ᠎ᠠ ᠃ 75 ᠵᠢᠯ ᠤᠨ ᠲᠤᠷᠰᠢ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠬᠤᠶᠠᠷ ᠲᠠᠯ᠎ᠠ ᠪᠠᠷ ᠢᠶᠠᠨ ᠤᠯᠤᠰ ᠤᠨ ᠲᠤᠰᠠᠭᠠᠷ ᠲᠣᠭᠲᠠᠨᠢᠯ ᠪᠣᠯᠣᠨ ᠦᠨᠳᠦᠰᠦᠲᠡᠨ ᠤ ᠴᠢᠯᠦᠭᠡᠯᠡᠯᠲᠡ ᠶᠢ ᠲᠡᠮᠡᠴᠡᠨ ᠣᠯᠬᠤ ᠲᠡᠮᠡᠴᠡᠯ ᠳᠤᠮᠳᠠ ᠬᠠᠷᠢᠯᠴᠠᠨ ᠲᠡᠮᠵᠢᠵᠤ ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠳᠤᠮᠳᠠ ᠭᠠᠷ ᠬᠤᠯᠪᠣᠨ ᠬᠠᠮᠲᠤ ᠪᠠᠷ ᠤᠷᠤᠭᠰᠢᠯᠠᠵᠤ ᠂ ᠲᠤᠰ ᠲᠤᠰ ᠤᠨ ᠣᠳᠣᠬᠢᠴᠢᠯᠠᠯᠲᠠ ᠶᠢᠨ ᠠᠬᠢᠴᠠ ᠶᠢ ᠠᠬᠢᠭᠤᠯᠬᠤ ᠶᠠᠪᠤᠴᠠ ᠳᠤ ᠡᠷᠡᠮᠡᠬᠡᠶᠢᠯᠡᠨ ᠤᠷᠤᠭᠰᠢᠯᠠᠵᠤ ᠂ ᠨᠡᠶᠢᠭᠡᠮ ᠵᠢᠷᠤᠮᠲᠤ ᠤᠯᠤᠰ ᠤᠨ ᠪᠦᠯᠬᠦᠮᠳᠡᠨ ᠬᠠᠮᠲᠤᠷᠠᠯᠴᠠᠬᠤ ᠬᠡᠪ ᠳᠠᠭᠤᠷᠢᠶᠠᠯ ᠪᠣᠯᠪᠠ ᠃ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠤᠨ ᠡᠮᠦᠨ᠎ᠡ ᠳᠤᠮᠳᠠᠳᠤ ᠸᠢᠶᠧᠲᠨᠠᠮ ᠬᠤᠶᠠᠷ ᠤᠯᠤᠰ ᠡᠩᠬᠡ ᠲᠠᠶᠢᠪᠤᠩ ᠬᠥᠭᠵᠢᠯᠲᠡ ᠶᠢ ᠪᠠᠷᠢᠮᠲᠠᠯᠠᠵᠤ ᠂ ᠨᠥᠭᠦᠷᠰᠡᠭ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠳᠡᠯᠡᠬᠡᠢ ᠳ᠋ᠠᠬᠢᠨ ᠳᠤ ᠡᠷᠬᠢᠮ ᠨᠠᠨᠳᠢᠨ ᠲᠣᠭᠲᠠᠪᠤᠷᠢᠲᠤ ᠴᠢᠨᠠᠷ ᠪᠠ ᠲᠣᠬᠲᠠᠭᠠᠯᠲᠤ ᠴᠢᠨᠠᠷ ᠢ ᠨᠡᠮᠡᠷᠢᠯᠡᠪᠡ ᠃ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ ᠂ ᠬᠤᠶᠠᠷ ᠲᠠᠯ᠎ᠠ ᠪᠠᠷ ᠢᠶᠠᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ ᠂ ᠭᠠᠷ ᠬᠤᠯᠪᠣᠨ ᠤᠷᠤᠭᠰᠢᠯᠠᠵᠤ ᠂ ︽ᠸᠢᠶᠧᠲᠨᠠᠮ ᠳᠤᠮᠳᠠᠳᠤ ᠶᠢᠨ ᠨᠥᠬᠦᠷᠯᠡᠯ ᠭᠦᠨ ᠵᠤᠵᠠᠭᠠᠨ ᠂ ᠨᠥᠬᠦᠷ ᠪᠥᠭᠡᠳ ᠠᠬ᠎ᠠ ᠳᠡᠭᠦᠦ ︾ ᠶᠢᠨ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ ᠂ ᠤᠯᠤᠰ ᠲᠦᠷᠦ ᠶᠢᠨ ᠢᠲᠡᠭᠡᠯᠴᠡᠭᠡ ᠨᠡᠩ ᠥᠨᠳᠥᠷ ᠂ ᠠᠮᠤᠷ ᠲᠦᠪᠰᠢᠨ ᠤ ᠬᠠᠮᠲᠤᠷᠠᠯᠴᠠᠭ᠎ᠠ ᠨᠡᠩ ᠪᠣᠳᠠᠲᠠᠢ ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠨᠡᠩ ᠭᠦᠨᠵᠡᠭᠡᠢ ᠂ ᠠᠷᠠᠳ ᠤᠨ ᠰᠠᠨᠠᠭᠠᠨ ᠤ ᠰᠠᠭᠤᠷᠢ ᠨᠡᠩ ᠪᠠᠲᠤ ᠂ ᠤᠯᠠᠨ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠨᠡᠩ ᠴᠢᠩᠭ᠎ᠠ ᠂ ᠵᠥᠷᠢᠯᠳᠦᠭᠡᠨ ᠢ ᠬᠠᠮᠢᠶᠠᠷᠤᠨ ᠡᠵᠡᠮᠳᠡᠵᠦ ᠰᠢᠢᠳᠪᠦᠷᠢᠯᠡᠬᠦ ᠪᠠᠷ ᠨᠡᠩ ᠰᠠᠶᠢᠨ ︽ᠵᠢᠷᠭᠤᠭᠠᠨ ᠨᠡᠩ ᠪᠠᠶᠢᠬᠤ ︾ ᠶᠡᠷᠦᠩᠬᠡᠢ ᠬᠠᠷᠠᠯᠲᠠ ᠶᠣᠰᠣᠭᠠᠷ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠴᠢᠨᠠᠷ ᠰᠠᠶᠢᠲᠠᠢ ᠠᠬᠢᠭᠤᠯᠵᠤ ᠂ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠦᠨᠡᠨ ᠬᠦ ᠪᠠᠲᠤᠯᠠᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ ᠭᠡᠵᠦ ᠴᠢᠬᠤᠯᠠᠴᠢᠯᠠᠪᠠ ᠃
越南共产党中央总书记苏林举行习近平欢迎仪式1.jpg
        4 ᠰᠠᠷ᠎ᠠ ᠶᠢᠨ 14 ᠤ ᠦᠳᠡ ᠶᠢᠨ ᠬᠤᠶᠢᠨ᠎ᠠ ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ ᠭᠠᠵᠠᠷ ᠲᠤ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠲᠠᠢ ᠬᠡᠯᠡᠯᠴᠡᠭᠡ ᠬᠢᠪᠡ ᠃ ᠵᠢᠷᠤᠭ ᠪᠣᠯ ᠬᠡᠯᠡᠯᠴᠡᠭᠡ ᠲᠡᠭᠦᠰᠦᠭᠰᠡᠨ ᠤ ᠲᠠᠷᠠᠭ᠎ᠠ ᠬᠤᠶᠠᠷ ᠨᠠᠮ ᠤᠨ ᠶᠡᠷᠦᠩᠬᠡᠢ ᠱᠦᠵᠢ ᠳᠤᠮᠳᠠᠳᠤ ᠸᠢᠶᠧᠲᠨᠠᠮ ᠬᠤᠶᠠᠷ ᠲᠠᠯ᠎ᠠ ᠶᠢᠨ ᠲᠣᠬᠢᠷᠠᠯᠴᠠᠭᠰᠠᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ 45 ᠬᠤᠪᠢ ᠪᠢᠴᠢᠭ ᠤᠨ ᠦᠵᠡᠭᠦᠯᠭᠡ ᠶᠢ ᠬᠠᠮᠲᠤ ᠪᠠᠷ ᠭᠡᠷᠡᠴᠢᠯᠡᠵᠦ ᠪᠠᠶᠢᠭ᠎ᠠ ᠨᠢ ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ      ᠰᠢ ᠶᠢᠨ ᠫᠢᠩ᠂ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠢ ᠴᠢᠬᠤᠯᠠ ᠳᠡᠯᠡᠬᠡᠢ ᠶᠢᠨ ᠠᠴᠢ ᠬᠤᠯᠪᠣᠭᠳᠠᠯ ᠲᠠᠢ ᠶᠤᠮ ᠃ ᠬᠤᠶᠠᠷ ᠤᠯᠤᠰ ᠭᠠᠷ ᠬᠤᠯᠪᠣᠨ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠵᠤ ᠂ 15 ᠳ᠋ᠦᠩᠰᠢᠭᠤᠷ ᠭᠠᠷᠤᠢ ᠬᠥᠮᠥᠨ ᠠᠮᠠ ᠬᠠᠮᠲᠤ ᠪᠠᠷ ᠣᠳᠣᠬᠢᠴᠢᠯᠠᠯᠲᠠ ᠲᠡᠶᠢᠰᠢ ᠤᠷᠤᠭᠰᠢᠯᠠᠬᠤ ᠨᠢ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠦᠴᠦᠲᠡᠢ ᠬᠠᠮᠠᠭᠠᠯᠠᠵᠤ ᠂ ᠬᠠᠮᠲᠤ ᠶᠢᠨ ᠬᠥᠭᠵᠢᠯᠲᠡ ᠶᠢ ᠠᠬᠢᠭᠤᠯᠬᠤ ᠪᠣᠯᠣᠨ᠎ᠠ ᠃ ᠬᠤᠶᠠᠷ ᠤᠯᠤᠰ ᠢᠶᠠᠷ ᠢᠶᠠᠨ ᠴᠥᠮ ᠭᠠᠳᠠᠭᠠᠳᠤ ᠨᠡᠭᠡᠭᠡᠯᠲᠡ ᠬᠢᠬᠦ ᠶᠢ ᠪᠠᠷᠢᠮᠲᠠᠯᠠᠵᠤ ᠂ ᠭᠠᠵᠠᠷ ᠣᠷᠣᠨ ᠤ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠬᠤ ᠂ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ ᠃ ᠵᠢᠵᠢᠭ ᠣᠩᠭᠤᠴᠠ ᠪᠢᠴᠢᠬᠠᠨ ᠵᠠᠪᠢ ᠲᠤᠬᠰᠢᠨ ᠳᠠᠪᠠᠯᠭᠠᠨ ᠰᠢᠷᠦᠭᠦᠨ ᠳᠣᠯᠭᠢᠶᠠᠨ ᠢ ᠳᠠᠭᠠᠭᠠᠵᠤ ᠳᠡᠶᠢᠯᠭᠦ ᠦᠭᠡᠢ ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠪᠠᠯ ᠰᠠᠶ᠋ᠢ ᠯᠠᠪᠳᠠᠭᠤᠨ ᠢᠶᠠᠷ ᠬᠤᠯᠠ ᠠᠶᠠᠯᠠᠵᠤ ᠴᠢᠳᠠᠨ᠎ᠠ ᠃ ᠳᠤᠮᠳᠠᠳᠤ ᠤᠯᠤᠰ ᠪᠣᠯᠣᠨ ᠸᠢᠶᠧᠲᠨᠠᠮ ᠪᠣᠯ ᠴᠥᠮ ᠠᠵᠤ ᠠᠬᠤᠢ ᠶᠢᠨ ᠳᠡᠯᠡᠬᠡᠶᠢᠵᠢᠯᠲᠡ ᠶᠢᠨ ᠠᠰᠢᠭ ᠢ ᠭᠦᠷᠳᠡᠭᠴᠢ ᠮᠥᠨ ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠴᠢᠩᠭᠠᠳᠬᠠᠵᠤ ᠂ ᠭᠠᠭᠴᠠ ᠲᠠᠯ᠎ᠠ ᠶᠢᠨ ᠡᠵᠡᠷᠬᠡᠭ ᠠᠵᠢᠯᠯᠠᠭ᠎ᠠ ᠶᠢ ᠬᠠᠮᠲᠤ ᠪᠠᠷ ᠡᠰᠡᠷᠭᠦᠴᠡᠵᠦ ᠂ ᠪᠦᠬᠦ ᠪᠥᠮᠪᠥᠷᠴᠡᠭ ᠤᠨ ᠴᠢᠯᠦᠭᠡᠲᠦ ᠠᠷᠠᠯᠵᠢᠶᠠᠨ ᠤ ᠪᠠᠶᠢᠭᠤᠯᠤᠯ ᠪᠣᠯᠣᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠠᠮᠠᠭᠠᠯᠠᠶ᠎ᠠ ᠭᠡᠵᠦ ᠵᠢᠭᠠᠵᠤ ᠭᠠᠷᠭᠠᠪᠠ ᠃      ᠰᠢ ᠶᠢᠨ ᠫᠢᠩ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠲᠤᠬᠠᠢ ᠵᠢᠷᠭᠤᠭᠠᠨ ᠠᠷᠭ᠎ᠠ ᠬᠡᠮᠵᠢᠶ᠎ᠡ ᠳᠤᠷᠠᠳᠪᠠ ᠃      ᠨᠢᠭᠡ ᠳᠤ ᠨᠡᠩ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠦᠶ᠎ᠡ ᠃ ᠬᠤᠶᠠᠷ ᠨᠠᠮ ᠬᠤᠶᠠᠷ ᠤᠯᠤᠰ ᠤᠨ ᠤᠳᠤᠷᠢᠳᠬᠤ ᠬᠥᠮᠥᠰ ᠲᠦᠷᠦᠯ ᠰᠠᠳᠤᠨ ᠢᠶᠠᠨ ᠡᠷᠭᠢᠵᠦ ᠦᠵᠡᠬᠦ ᠲᠠᠢ ᠠᠳᠠᠯᠢ ᠪᠠᠷ ᠦᠷᠭᠦᠯᠵᠢ ᠶᠠᠪᠤᠯᠴᠠᠵᠤ ᠂ ᠢᠯᠡᠭᠦᠬᠡᠨ ᠣᠯᠣᠯᠴᠠᠶ᠎ᠠ ᠃ ᠬᠤᠶᠠᠷ ᠲᠠᠯ᠎ᠠ ᠪᠠᠷ ᠢᠶᠠᠨ ᠨᠠᠮ ᠤᠨ ᠬᠤᠭᠤᠷᠣᠨᠳᠦᠭᠢ ᠂ ᠬᠠᠤᠯᠢ ᠲᠣᠭᠲᠠᠭᠠᠬᠤ ᠪᠠᠶᠢᠭᠤᠯᠤᠮᠵᠢ ᠂ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠵᠡᠷᠭᠡ ᠵᠠᠮ ᠰᠤᠪᠠᠭ ᠤᠨ ᠦᠢᠯᠡᠳᠦᠯ ᠢ ᠰᠠᠶᠢᠲᠤᠷ ᠪᠠᠳᠠᠷᠠᠭᠤᠯᠵᠤ ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ ᠂ ᠤᠯᠤᠰ ᠤᠨ ᠣᠳᠣᠬᠢᠴᠢᠯᠠᠯᠲᠠ ᠶᠢ ᠠᠬᠢᠭᠤᠯᠬᠤ ᠲᠠᠯ᠎ᠠ ᠪᠠᠷ ᠬᠢ ᠨᠠᠮ ᠤᠨ ᠤᠳᠤᠷᠢᠳᠬᠤ ᠲᠦᠪᠰᠢᠨ ᠢ ᠳᠡᠭᠡᠭᠰᠢᠯᠡᠭᠦᠯᠦᠶ᠎ᠡ ᠃      ᠬᠤᠶᠠᠷ ᠲᠤ ᠨᠡᠩ ᠪᠠᠲᠤ ᠪᠠᠬᠢ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠤᠶ᠎ᠠ ᠃ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠂ ᠤᠯᠤᠰ ᠤᠨ ᠪᠠᠲᠤᠯᠠᠨ ᠬᠠᠮᠠᠭᠠᠯᠠᠯᠲᠠ ᠂ ᠳᠣᠲᠣᠭᠠᠳᠤ ᠶᠢ ᠬᠠᠮᠠᠭᠠᠯᠠᠬᠤ ︽3+3 ︾ ᠶᠢᠨ ᠪᠠᠶᠢᠯᠳᠤᠬᠤ ᠪᠣᠳᠣᠯᠭ᠎ᠠ ᠶᠢᠨ ᠶᠠᠷᠢᠯᠴᠠᠭᠠᠨ ᠤ ᠲᠣᠭᠲᠠᠴᠠ ᠶᠢ ᠰᠠᠶᠢᠳ ᠤᠨ ᠲᠡᠰ ᠢᠶᠠᠷ ᠲᠣᠭᠲᠠᠭᠠᠵᠤ ᠂ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠨᠡᠮᠡᠭᠳᠡᠭᠦᠯᠦᠶ᠎ᠡ ᠃ ᠰᠡᠷᠭᠡᠶᠢᠯᠡᠨ ᠬᠠᠮᠠᠭᠠᠯᠠᠬᠤ ᠠᠵᠢᠯ ᠪᠠ ᠬᠠᠤᠯᠢ ᠬᠡᠷᠡᠭᠵᠢᠭᠦᠯᠬᠦ ᠠᠮᠤᠷ ᠲᠦᠪᠰᠢᠨ ᠤ ᠬᠠᠮᠲᠤᠷᠠᠯᠴᠠᠭᠠᠨ ᠤ ᠲᠣᠭᠲᠠᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ ᠂ ᠰᠦᠯᠵᠢᠶᠡᠨ ᠳᠡᠭᠡᠷ᠎ᠡ ᠵᠣᠭᠤᠰ ᠮᠥᠷᠥᠶᠢᠴᠡᠬᠦ ᠴᠠᠭᠢᠯᠭᠠᠨ ᠴᠢᠮᠡᠭᠡ ᠬᠤᠯᠪᠣᠭᠠᠨ ᠤ ᠮᠡᠬᠡᠯᠡᠯ ᠵᠡᠷᠭᠡ ᠬᠢᠯᠢ ᠠᠯᠤᠰᠯᠠᠭᠰᠠᠨ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠴᠦ ᠂ ᠬᠤᠶᠠᠷ ᠲᠠᠯᠠᠲᠤ ᠪᠠ ᠤᠯᠠᠨ ᠲᠠᠯᠠᠲᠤ ᠢᠯᠠᠩᠭᠤᠶ᠎ᠠ ᠯᠠᠨᠼᠠᠩᠵᠢᠶᠠᠩ ᠮᠥᠷᠡᠨ ᠮᠸᠢᠢᠭᠤᠩ ᠮᠥᠷᠡᠨ ᠤ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠳᠣᠲᠣᠷᠠᠬᠢ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠠᠮᠲᠤᠷᠠᠯᠴᠠᠭ᠎ᠠ ᠶᠢ ᠴᠢᠩᠭᠠᠳᠬᠠᠵᠤ ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠭᠠᠵᠠᠷ ᠣᠷᠣᠨ ᠤ ᠠᠮᠤᠷ ᠲᠦᠪᠰᠢᠨ ᠲᠣᠭᠲᠠᠭᠤᠨ ᠢ ᠬᠠᠮᠠᠭᠠᠯᠠᠶ᠎ᠠ ᠃      ᠭᠤᠷᠪᠠ ᠳᠤ ᠨᠡᠩ ᠴᠢᠨᠠᠷ ᠰᠠᠶᠢᠲᠠᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠶ᠎ᠡ ᠃ ᠳᠤᠮᠳᠠᠳᠤ ᠤᠯᠤᠰ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠪᠣᠯᠣᠨ ᠸᠢᠶᠧᠲᠨᠠᠮ ᠤᠨ ᠰᠢᠨ᠎ᠡ ᠭᠡᠯᠪᠡᠷᠢ ᠶᠢᠨ ᠦᠢᠯᠡᠳᠪᠦᠷᠢᠯᠡᠯ ᠤᠨ ᠬᠦᠴᠦᠨ ᠤ ᠲᠦᠷᠭᠡᠨ ᠪᠦᠷᠢᠯᠳᠦᠬᠦ ᠴᠢᠬᠤᠯᠠ ᠶᠡᠭᠡ ᠠᠵᠠ ᠲᠣᠭᠢᠶᠠᠯ ᠢ ᠡᠵᠡᠮᠳᠡᠵᠦ ᠂ ᠬᠤᠶᠠᠷ ᠤᠯᠤᠰ ᠤᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠦᠶ᠎ᠡ ᠃ ᠬᠤᠶᠠᠷ ᠲᠠᠯ᠎ᠠ ᠶᠢᠨ ᠪᠠᠷᠢᠮᠵᠢᠶᠠᠲᠤ ᠵᠢᠮᠳᠦ ᠲᠡᠮᠦᠷ ᠵᠠᠮ ᠂ ᠲᠦᠷᠭᠡᠨ ᠤ ᠵᠠᠰᠠᠮᠠᠯ ᠵᠠᠮ ᠂ ᠣᠶᠤᠨᠲᠤ ᠬᠢᠯᠢ ᠶᠢᠨ ᠪᠣᠭᠤᠮᠲᠠ ᠶᠢ ᠪᠦᠬᠦ ᠲᠠᠯ᠎ᠠ ᠪᠠᠷ ᠬᠤᠯᠪᠣᠨ ᠨᠡᠪᠲᠡᠷᠡᠭᠦᠯᠬᠦ ᠶᠢ ᠡᠷᠲᠡᠬᠡᠨ ᠪᠡᠶᠡᠯᠡᠭᠦᠯᠦᠶ᠎ᠡ ᠃ ᠵᠣᠬᠢᠶᠠᠮᠠᠯ ᠤᠶᠤᠨ ᠴᠢᠳᠠᠪᠤᠷᠢ ᠂ ᠪᠠᠷᠠᠭᠠᠨ ᠤ ᠰᠦᠯᠵᠢᠶ᠎ᠡ ᠵᠡᠷᠭᠡ ᠳᠡᠭᠡᠳᠦ ᠮᠡᠷᠭᠡᠵᠢᠯ ᠤᠨ ᠬᠠᠮᠲᠤᠷᠠᠯᠴᠠᠭ᠎ᠠ ᠶᠢ ᠠᠬᠢᠭᠤᠯᠤᠶ᠎ᠠ ᠃ ᠳᠤᠮᠳᠠᠳᠤ ᠤᠯᠤᠰ ᠤᠨ ᠭᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠢᠮᠠᠭᠲᠠ ᠸᠢᠶᠧᠲᠨᠠᠮ ᠳᠤ ᠨᠡᠭᠡᠭᠡᠯᠲᠡ ᠬᠢᠵᠦ ᠂ ᠸᠢᠶᠧᠲᠨᠠᠮ ᠤᠨ ᠨᠡᠩ ᠤᠯᠠᠨ ᠰᠢᠯᠢᠳᠡᠭ ᠦᠢᠯᠡᠳᠬᠦᠨ ᠢ ᠳᠤᠮᠳᠠᠳᠤ ᠤᠯᠤᠰ ᠲᠤ ᠭᠠᠷᠭᠠᠬᠤ ᠶᠢ ᠪᠠᠶᠠᠷᠯᠠᠨ ᠤᠭᠲᠤᠵᠤ ᠪᠠᠶᠢᠨ᠎ᠠ ᠃ ᠳᠤᠮᠳᠠᠳᠤ ᠶᠢᠨ ᠲᠠᠯ᠎ᠠ ᠶᠢᠨ ᠬᠢᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠸᠢᠶᠧᠲᠨᠠᠮ ᠳᠤ ᠬᠦᠷᠴᠦ ᠪᠡᠯᠡ ᠣᠷᠣᠭᠤᠯᠬᠤ ᠶᠢ ᠵᠣᠷᠢᠭᠵᠢᠭᠤᠯᠵᠤ ᠂ ᠸᠢᠶᠧᠲᠨᠠᠮ ᠤᠨ ᠲᠠᠯ᠎ᠠ ᠶᠢᠨ ᠬᠢᠨ ᠨᠡᠩ ᠡᠷᠬᠡ ᠲᠡᠭᠰᠢ ᠨᠥᠭᠦᠷᠰᠡᠭ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠢ ᠪᠤᠯᠭᠠᠬᠤ ᠶᠢ ᠬᠦᠰᠡᠵᠦ ᠪᠠᠶᠢᠨ᠎ᠠ ᠃      ᠳᠥᠷᠪᠡ ᠳᠤ ᠨᠡᠩ ᠥᠷᠭᠡᠨ ᠳᠡᠯᠭᠡᠷ ᠠᠷᠠᠳ ᠤᠨ ᠰᠠᠨᠠᠭ᠎ᠠ ᠶᠢᠨ ᠬᠤᠯᠪᠣᠭᠠᠰᠤ ᠶᠢ ᠪᠠᠲᠤ ᠴᠢᠩᠭᠠᠯᠠᠶ᠎ᠠ ᠃ ᠡᠨᠡ ᠵᠢᠯ ᠤᠨ ︽ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ ︾ ᠢᠶᠠᠷ ᠠᠵᠠ ᠲᠣᠭᠢᠶᠠᠯ ᠪᠤᠯᠭᠠᠵᠤ ᠂ ᠤᠯᠠᠨ ᠲᠦᠮᠡᠨ ᠲᠠᠢ ᠣᠶᠢᠷᠠᠲᠤᠭᠰᠠᠨ ᠂ ᠠᠷᠠᠳ ᠤᠨ ᠰᠡᠳᠬᠢᠯ ᠢ ᠣᠯᠣᠭᠰᠠᠨ ᠨᠡᠩ ᠤᠯᠠᠨ ᠨᠥᠭᠦᠷᠰᠡᠭ ᠠᠵᠢᠯᠯᠠᠭ᠎ᠠ ᠶᠢ ᠡᠷᠭᠢᠯᠡᠵᠦ ᠂ ᠵᠢᠭᠤᠯᠴᠢᠯᠠᠯ ᠂ ᠰᠣᠶᠣᠯ ᠂ ᠵᠠᠭᠤᠴᠢᠯᠠᠭᠤᠷ ᠂ ᠡᠷᠡᠭᠦᠯ ᠬᠠᠮᠠᠭᠠᠯᠠᠯ ᠵᠡᠷᠭᠡ ᠶᠢᠨ ᠬᠠᠮᠲᠤᠷᠠᠯᠴᠠᠭ᠎ᠠ ᠶᠢ ᠴᠢᠩᠭᠠᠳᠬᠠᠶ᠎ᠠ ᠃ ᠬᠤᠪᠢᠰᠬᠠᠯᠲᠤ ᠰᠣᠶᠣᠯ ᠤᠨ ᠡᠬᠢ ᠪᠠᠶᠠᠯᠢᠭ ᠢ ᠦᠷᠭᠦᠯᠵᠢᠯᠡᠨ ᠭᠦᠨ ᠠᠭᠤᠳᠠᠯᠤᠨ ᠂ ᠨᠥᠭᠦᠷᠰᠡᠭ ᠦᠯᠢᠭᠡᠷ ᠢ ᠰᠠᠶᠢᠲᠤᠷ ᠶᠠᠷᠢᠵᠤ ᠂ ᠬᠤᠶᠢᠰᠢᠳᠠ ᠶᠢᠨ 3 ᠵᠢᠯ ᠳᠤ ᠸᠢᠶᠧᠲᠨᠠᠮ ᠤᠨ ᠵᠠᠯᠠᠭᠤᠴᠤᠳ ᠢ ᠤᠷᠢᠵᠤ ᠳᠤᠮᠳᠠᠳᠤ ᠤᠯᠤᠰ ᠲᠤ ᠣᠴᠢᠭᠤᠯᠤᠨ ︽ᠬᠤᠪᠢᠰᠬᠠᠯ ᠤᠨ ᠰᠤᠳᠤᠯᠭᠠᠨ ᠤ ᠠᠶᠠᠯᠠᠯ ︾ ᠢ ᠥᠷᠨᠢᠭᠦᠯᠵᠦ ᠂ ᠬᠤᠶᠠᠷ ᠤᠯᠤᠰ ᠤᠨ ᠠᠷᠠᠳ ᠲᠦᠮᠡᠨ ᠢᠯᠠᠩᠭᠤᠶ᠎ᠠ ᠵᠠᠯᠠᠭᠤ ᠨᠢᠭᠡ ᠦᠶ᠎ᠡ ᠶᠢᠨ ᠬᠢᠨ ᠳᠤ ᠬᠤᠪᠢᠰᠬᠠᠯ ᠤᠨ ᠲᠦᠷᠦ ᠭᠦᠷᠦᠨ ᠢ ᠭᠢᠯᠪᠠᠷ ᠪᠤᠰᠤ ᠪᠠᠷ ᠣᠯᠵᠤ ᠢᠷᠡᠭᠰᠡᠨ ᠂ ᠬᠤᠶᠠᠷ ᠤᠯᠤᠰ ᠤᠨ ᠡᠶᠡᠯᠳᠡᠭ ᠬᠥᠷᠰᠢ ᠶᠢᠨ ᠨᠥᠭᠦᠷᠰᠡᠭ ᠬᠠᠮᠲᠤᠷᠠᠯᠴᠠᠭ᠎ᠠ ᠡᠷᠬᠢᠮ ᠨᠠᠨᠳᠢᠨ ᠭᠡᠳᠡᠭ ᠢ ᠣᠶᠢᠯᠠᠭᠠᠭᠤᠯᠵᠤ ᠂ ᠳᠤᠮᠳᠠᠳᠤ ᠸᠢᠶᠧᠲᠨᠠᠮ ᠤᠨ ᠬᠠᠷᠢᠯᠴᠠᠭᠠᠨ ᠤ ᠬᠥᠭᠵᠢᠯᠲᠡ ᠪᠣᠯᠣᠨ ᠥᠪᠡᠷ ᠥᠪᠡᠷ ᠤᠨ ᠤᠯᠤᠰ ᠤᠨ ᠪᠦᠲᠦᠭᠡᠨ ᠪᠠᠶᠢᠭᠤᠯᠤᠯᠲᠠ ᠳᠤ ᠨᠡᠩ ᠤᠯᠠᠨ ᠵᠠᠯᠠᠭᠤ ᠬᠦᠴᠦᠨ ᠢ ᠬᠥᠮᠥᠵᠢᠭᠦᠯᠵᠦ ᠥᠭᠭᠦᠶ᠎ᠡ ᠃      ᠲᠠᠪᠤ ᠳᠤ ᠨᠡᠩ ᠨᠢᠭᠲᠠ ᠤᠯᠠᠨ ᠲᠠᠯᠠᠲᠤ ᠬᠠᠮᠵᠢᠯᠴᠠᠭ᠎ᠠ ᠶᠢ ᠥᠷᠨᠢᠭᠦᠯᠦᠶ᠎ᠡ ᠃ ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠬᠠᠮᠠᠭᠠᠯᠠᠵᠤ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ ᠂ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ ᠲᠤᠶᠢᠯᠵᠢᠯᠲᠡ ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ ᠂ ᠭᠤᠷᠪᠠᠨ ᠶᠡᠭᠡ ᠪᠦᠬᠦ ᠪᠥᠮᠪᠥᠷᠴᠡᠭ ᠤᠨ ᠰᠠᠨᠠᠭᠠᠴᠢᠯᠠᠭ᠎ᠠ ᠶᠢᠨ ᠪᠦᠳᠦᠭᠦᠪᠴᠢ ᠵᠥᠪᠯᠡᠯᠴᠡᠭᠡᠷ ᠤᠨ ᠳᠣᠲᠣᠷᠠᠬᠢ ᠬᠠᠮᠲᠤᠷᠠᠯᠴᠠᠭ᠎ᠠ ᠶᠢ ᠴᠢᠩᠭᠠᠳᠬᠠᠶ᠎ᠠ ᠃ ᠳᠤᠮᠳᠠᠳᠤ ᠤᠯᠤᠰ ᠳᠣᠲᠣᠨᠣ ᠦᠨᠡᠨᠴᠢ ᠠᠰᠢᠭ ᠬᠦᠷᠲᠡᠭᠡᠬᠦ ᠪᠠᠭᠲᠠᠭᠠᠮᠵᠢᠲᠠᠢ ᠪᠠᠶᠢᠬᠤ ᠣᠶᠢᠯᠠᠭᠠᠭᠳᠠᠬᠤᠨ ᠪᠠ ᠬᠥᠷᠰᠢ ᠵᠡᠷᠭᠡᠯᠡᠳᠡᠭᠡ ᠲᠠᠢ ᠪᠠᠨ ᠰᠠᠶᠢᠬᠠᠨ ᠶᠠᠪᠤᠯᠴᠠᠬᠤ ᠂ ᠬᠥᠷᠰᠢ ᠵᠡᠷᠭᠡᠯᠡᠳᠡᠭᠡ ᠲᠠᠢ ᠪᠠᠨ ᠨᠥᠬᠦᠷᠯᠡᠬᠦ ᠴᠢᠭᠯᠡᠯᠲᠡ ᠶᠢ ᠪᠠᠷᠢᠮᠲᠠᠯᠠᠵᠤ ᠂ ᠡᠷᠭᠢᠨ ᠲᠣᠭᠤᠷᠢᠨ ᠤ ᠤᠯᠤᠰ ᠤᠳ ᠯᠤᠭ᠎ᠠ ᠶᠢᠨ ᠨᠥᠭᠦᠷᠰᠡᠭ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠦᠷ᠎ᠡ ᠪᠦᠲᠦᠭᠡᠯ ᠢ ᠬᠥᠷᠰᠢ ᠵᠡᠷᠭᠡᠯᠡᠳᠡᠭᠡ ᠳᠡᠭᠡᠨ ᠨᠡᠩ ᠢᠯᠡᠭᠦᠦ ᠬᠦᠷᠲᠡᠭᠡᠨ᠎ᠡ ᠃      ᠵᠢᠷᠭᠤᠭ᠎ᠠ ᠳᠤ ᠂ ᠳᠠᠯᠠᠢ ᠳᠡᠭᠡᠷᠡᠬᠢ ᠨᠡᠩ ᠰᠠᠶᠢᠨ ᠬᠤᠷᠰᠢᠯᠴᠠᠭ᠎ᠠ ᠶᠢ ᠪᠡᠶᠡᠯᠡᠭᠦᠯᠦᠶ᠎ᠡ ᠃ ᠬᠤᠶᠠᠷ ᠤᠯᠤᠰ ᠤᠨ ᠤᠳᠤᠷᠢᠳᠬᠤ ᠬᠥᠮᠥᠰ ᠤᠨ ᠬᠠᠮᠲᠤ ᠶᠢᠨ ᠲᠠᠨᠢᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠂ ᠳᠠᠯᠠᠢ ᠳᠡᠭᠡᠷᠡᠬᠢ ᠠᠰᠠᠭᠤᠳᠠᠯ ᠢ ᠵᠣᠬᠢᠰᠲᠠᠢ ᠰᠢᠢᠳᠪᠦᠷᠢᠯᠡᠵᠦ ᠂ ᠳᠠᠯᠠᠢ ᠳᠡᠭᠡᠷᠡᠬᠢ ᠬᠠᠮᠲᠤᠷᠠᠯᠴᠠᠭ᠎ᠠ ᠶᠢ ᠥᠷᠭᠡᠳᠬᠡᠵᠦ ᠂ ᠬᠠᠮᠲᠤ ᠪᠠᠷ ᠨᠡᠭᠡᠭᠡᠨ ᠬᠥᠭᠵᠢᠭᠦᠯᠬᠦ ᠶᠢ ᠵᠣᠷᠢᠭ ᠰᠢᠭᠤᠳᠤᠨ ᠡᠬᠢᠯᠡᠭᠦᠯᠵᠦ ᠂ ︽ᠡᠮᠦᠨᠡᠲᠦ ᠲᠠᠩᠭᠢᠰ ᠤᠨ ᠠᠵᠢᠯᠯᠠᠭᠠᠨ ᠤ ᠪᠠᠷᠢᠮᠵᠢᠶ᠎ᠠ ︾ ᠶᠢ ᠲᠦᠷᠭᠡᠬᠡᠨ ᠲᠣᠬᠢᠷᠠᠯᠴᠠᠬᠤ ᠶᠢ ᠠᠬᠢᠭᠤᠯᠤᠶ᠎ᠠ ᠃      ᠰᠦ᠋ ᠯᠢᠨ ᠠᠴᠠ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠨ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠣᠶ ᠶᠢᠨ ᠲᠠᠰᠢᠷᠠᠮ ᠢᠶᠠᠷ ᠸᠢᠶᠧᠲᠨᠠᠮ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠢ ᠬᠠᠯᠠᠭᠤᠨ ᠢᠶᠠᠷ ᠤᠭᠲᠤᠪᠠ ᠃ ᠰᠦ᠋ ᠯᠢᠨ ᠂ ᠶᠡᠷᠦᠩᠬᠡᠢ ᠱᠦᠵᠢ ᠰᠢ ᠶᠢᠨ ᠫᠢᠩ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠭᠠᠷᠮᠠᠭᠠᠢ ᠤᠳᠤᠷᠢᠳᠤᠭᠴᠢ ᠮᠥᠨ ᠂ ᠪᠠᠰᠠ ᠴᠤ ᠸᠢᠶᠧᠲᠨᠠᠮ ᠤᠨ ᠠᠷᠠᠳ ᠲᠦᠮᠡᠨ ᠤ ᠠᠭᠤᠤ ᠶᠡᠭᠡ ᠨᠠᠶᠢᠵᠠ ᠮᠥᠨ ᠃ ᠶᠡᠷᠦᠩᠬᠡᠢ ᠱᠦᠵᠢ ᠰᠢ ᠶᠢᠨ ᠫᠢᠩ ᠡᠨᠡ ᠵᠢᠯ ᠤᠨ ᠠᠩᠬᠠᠳᠠᠭᠴᠢ ᠭᠠᠳᠠᠭᠠᠳᠤ ᠤᠯᠤᠰ ᠲᠠᠬᠢ ᠠᠶᠢᠯᠴᠢᠯᠠᠯᠲᠠ ᠳᠠᠭᠠᠨ ᠸᠢᠶᠧᠲᠨᠠᠮ ᠳᠤ ᠢᠷᠡᠭᠰᠡᠨ ᠨᠢ ᠸᠢᠶᠧᠲᠨᠠᠮ ᠳᠤᠮᠳᠠᠳᠤ ᠶᠢᠨ ᠬᠠᠷᠢᠯᠴᠠᠭ᠎ᠠ ᠶᠢ ᠴᠢᠬᠤᠯᠠᠴᠢᠯᠠᠨ ᠦᠵᠡᠵᠦ ᠪᠠᠶᠢᠬᠤ ᠪᠠ ᠸᠢᠶᠧᠲᠨᠠᠮ ᠢ ᠲᠡᠮᠵᠢᠵᠥ ᠪᠠᠶᠢᠬᠤ ᠶᠢ ᠭᠦᠢᠴᠡᠳ ᠢᠯᠡᠷᠡᠭᠦᠯᠪᠡ ᠃ ᠲᠤᠰ ᠤᠳᠠᠭ᠎ᠠ ᠶᠢᠨ ᠠᠶᠢᠯᠴᠢᠯᠠᠯᠲᠠ ᠨᠢ ᠯᠠᠪᠲᠠᠢ ᠬᠤᠶᠠᠷ ᠨᠠᠮ ᠬᠤᠶᠠᠷ ᠤᠯᠤᠰ ᠤᠨ ᠨᠥᠭᠦᠷᠰᠡᠭ ᠶᠠᠪᠤᠯᠴᠠᠭ᠎ᠠ ᠶᠢᠨ ᠲᠡᠦᠬᠡᠨ ᠳᠡᠭᠡᠷᠡᠬᠢ ᠰᠢᠨ᠎ᠡ ᠬᠥᠰᠢᠶ᠎ᠡ ᠲᠡᠮᠳᠡᠭ ᠪᠣᠯᠵᠤ ᠂ ᠬᠤᠶᠠᠷ ᠤᠯᠤᠰ ᠤᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠰᠢᠨ᠎ᠡ ᠠᠬᠢᠴᠠ ᠲᠠᠢ ᠪᠤᠯᠬᠤ ᠶᠢ ᠠᠬᠢᠭᠤᠯᠬᠤ ᠪᠣᠯᠣᠨ᠎ᠠ ᠭᠡᠵᠦ ᠢᠯᠡᠳᠬᠡᠪᠡ ᠃      ᠰᠦ᠋ ᠯᠢᠨ ᠂ ᠶᠡᠷᠦᠩᠬᠡᠢ ᠱᠦᠵᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠦᠬᠦ ᠲᠠᠯ᠎ᠠ ᠪᠠᠷ ᠠᠬᠢᠵᠤ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠲᠦᠷᠭᠡᠨ ᠬᠥᠭᠵᠢᠵᠦ ᠂ ᠳᠤᠮᠳᠠᠳᠤ ᠤᠯᠤᠰ ᠤᠨ ᠳᠡᠯᠡᠬᠡᠢ ᠳᠡᠭᠡᠷᠡᠬᠢ ᠪᠠᠶᠢᠷᠢ ᠰᠠᠭᠤᠷᠢ ᠲᠠᠰᠤᠷᠠᠯᠲᠠ ᠦᠭᠡᠢ ᠳᠡᠭᠡᠭᠰᠢᠯᠡᠪᠡ ᠂ ᠸᠢᠶᠧᠲᠨᠠᠮ ᠤᠨ ᠬᠢᠨ ᠡᠭᠦᠨ ᠳᠤ ᠴᠢᠩ ᠰᠡᠳᠬᠢᠯ ᠠᠴᠠ ᠪᠠᠨ ᠪᠠᠶᠠᠷ ᠬᠦᠷᠭᠡᠵᠦ ᠪᠠᠶᠢᠨ᠎ᠠ ᠂ ᠳᠤᠮᠳᠠᠳᠤ ᠤᠯᠤᠰ ᠤᠨ ᠣᠷᠳᠣ ᠬᠤᠭᠤᠴᠠᠭᠠᠨ ᠤ ᠲᠤᠷᠰᠢ ᠸᠢᠶᠧᠲᠨᠠᠮ ᠳᠤ ᠬᠦᠴᠦᠲᠡᠢ ᠳᠡᠮᠵᠢᠯᠭᠡ ᠪᠠ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ ᠭᠡᠵᠦ ᠢᠯᠡᠳᠬᠡᠪᠡ ᠃      ᠰᠦ᠋ ᠯᠢᠨ ᠂ ᠸᠢᠶᠧᠲᠨᠠᠮ ᠪᠣᠯᠣᠨ ᠳᠤᠮᠳᠠᠳᠤ ᠤᠯᠤᠰ ᠪᠣᠯ ᠪᠦᠷ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮᠲᠤ ᠤᠯᠤᠰ ᠪᠣᠯᠣᠨ᠎ᠠ ᠂ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠬᠥᠭᠵᠢᠭᠦᠯᠬᠦ ᠪᠣᠯ ᠸᠢᠶᠧᠲᠨᠠᠮ ᠤᠨ ᠪᠤᠰᠤᠳᠴᠢ ᠱᠠᠭᠠᠷᠳᠠᠯᠭ᠎ᠠ ᠮᠥᠨ ᠂ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠠ ᠲᠡᠷᠢᠭᠦᠨ ᠴᠢᠬᠤᠯᠠ ᠰᠣᠩᠭᠤᠯᠲᠠ ᠮᠥᠨ ᠃ ᠸᠢᠶᠧᠲᠨᠠᠮ ᠤᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ ᠂ ᠳᠤᠮᠳᠠᠳᠤ ᠤᠯᠤᠰ ᠤᠨ ᠨᠢᠭᠡᠳᠦᠯ ᠤᠨ ᠶᠡᠭᠡ ᠦᠢᠯᠡᠰ ᠢᠶᠠᠨ ᠪᠡᠶᠡᠯᠡᠭᠦᠯᠬᠦ ᠶᠢ ᠳᠡᠮᠵᠢᠵᠦ ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ ︾ ᠶᠠᠮᠠᠷᠪᠠ ᠬᠠᠭᠠᠴᠠᠭᠤᠯᠬᠤ ᠠᠵᠢᠯᠯᠠᠭ᠎ᠠ ᠶᠢ ᠡᠷᠡᠰ ᠡᠰᠡᠷᠭᠦᠴᠡᠨ᠎ᠡ ᠃ ᠸᠢᠶᠧᠲᠨᠠᠮ ᠳᠤᠮᠳᠠᠳᠤ ᠶᠢᠨ ᠬᠠᠷᠢᠯᠴᠠᠭ᠎ᠠ ᠶᠢᠨ ᠲᠠᠰᠤᠷᠠᠯᠳᠡ ᠦᠭᠡᠢ ᠬᠥᠭᠵᠢᠬᠦ ᠶᠢ ᠠᠬᠢᠭᠤᠯᠬᠤ ᠨᠢ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠨᠡᠶᠢᠴᠡᠵᠦ ᠂ ᠴᠠᠭ ᠦᠶ᠎ᠡ ᠶᠢᠨ ᠤᠷᠤᠰᠬᠠᠯ ᠲᠠᠢ ᠨᠡᠶᠢᠴᠡᠨ᠎ᠡ ᠃ ᠸᠢᠶᠧᠲᠨᠠᠮ ᠤᠨ ᠬᠢᠨ ᠳᠤᠮᠳᠠᠳᠤ ᠤᠯᠤᠰ  ᠯᠤᠭ᠎ᠠ ᠬᠤᠶᠠᠷ ᠨᠠᠮ ᠬᠤᠶᠠᠷ ᠤᠯᠤᠰ ᠤᠨ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠨᠢᠭᠲᠠᠷᠠᠭᠤᠯᠵᠤ ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ ᠂ ᠪᠠᠶᠢᠯᠳᠤᠬᠤ ᠪᠣᠳᠣᠯᠭ᠎ᠠ ᠶᠢᠨ ᠠᠮᠤᠷ ᠲᠦᠪᠰᠢᠨ ᠤ ᠬᠠᠮᠵᠢᠯᠴᠠᠭ᠎ᠠ ᠪᠠᠨ ᠴᠢᠩᠭᠠᠳᠬᠠᠵᠤ ᠂ ᠤᠯᠤᠰ ᠲᠦᠷᠦ ᠶᠢᠨ ᠢᠲᠡᠭᠡᠯᠴᠡᠭᠡ ᠪᠠᠨ ᠲᠠᠰᠤᠷᠠᠯᠳᠠ ᠦᠭᠡᠢ ᠪᠠᠲᠤᠳᠬᠠᠬᠤ ︔ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠲᠦᠪᠰᠢᠨ ᠢ ᠳᠡᠭᠡᠭᠰᠢᠯᠡᠭᠦᠯᠵᠦ ᠂ ᠠᠵᠤ ᠠᠬᠤᠢ ᠠᠷᠠᠯᠵᠢᠶ᠎ᠠ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠰᠠᠭᠤᠷᠢ ᠲᠥᠬᠦᠭᠡᠷᠦᠮᠵᠢ ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠠᠬᠢ ᠬᠠᠮᠲᠤᠷᠠᠯᠴᠠᠭᠠᠨ ᠤ ᠨᠡᠩ ᠤᠯᠠᠨ ᠭᠢᠯᠠᠰ ᠴᠡᠭ ᠢ ᠪᠤᠢ ᠪᠤᠯᠭᠠᠬᠤ ︔ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠠᠬᠢᠭᠤᠯᠵᠤ ᠂ ᠣᠷᠣᠨ ᠨᠤᠲᠤᠭ ᠂ ᠵᠠᠯᠠᠭᠤᠴᠤᠳ ᠤᠨ ᠶᠠᠪᠤᠯᠴᠠᠭ᠎ᠠ ᠶᠢ ᠠᠬᠢᠭᠤᠯᠵᠤ ᠂ ᠵᠢᠭᠤᠯᠴᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ ᠂ ᠠᠷᠠᠳ ᠲᠦᠮᠡᠨ ᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣᠴᠢᠯᠠᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠃ ᠸᠢᠶᠧᠲᠨᠠᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠪᠣᠯᠣᠨ ᠭᠤᠷᠪᠠᠨ ᠶᠡᠭᠡ ᠪᠦᠬᠦ ᠪᠥᠮᠪᠥᠷᠴᠡᠭ ᠤᠨ ᠰᠠᠨᠠᠭᠠᠴᠢᠯᠠᠭ᠎ᠠ ᠶᠢ ᠲᠡᠮᠵᠢᠵᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠬᠥᠷᠰᠢ ᠵᠡᠷᠭᠡᠯᠡᠳᠡᠭᠡ ᠶᠢᠨ ᠠᠵᠢᠯ ᠤᠨ ᠬᠤᠷᠠᠯ ᠠᠴᠠ ᠬᠥᠷᠰᠢ ᠵᠡᠷᠭᠡᠯᠡᠳᠡᠭᠡ ᠤᠯᠤᠰ ᠯᠤᠭ᠎ᠠ ︽ᠲᠠᠪᠤᠨ ᠶᠡᠭᠡ ᠭᠡᠷ ᠣᠷᠣᠨ ︾ ᠢ ᠪᠦᠲᠦᠭᠡᠨ ᠪᠠᠶᠢᠭᠤᠯᠬᠤ ᠠᠯᠤᠰ ᠤᠨ ᠲᠥᠰᠥᠪ ᠪᠠ ᠡᠶᠡᠯᠳᠡᠭ ᠬᠥᠷᠰᠢ ᠠᠮᠤᠷ ᠲᠣᠭᠲᠠᠭᠤᠨ ᠬᠥᠷᠰᠢ ᠬᠥᠷᠰᠢ ᠵᠡᠷᠭᠡᠯᠡᠳᠡᠭᠡ ᠪᠠᠨ ᠪᠠᠶᠠᠵᠢᠭᠤᠯᠬᠤ ᠴᠢᠭᠯᠡᠯᠲᠡ ᠶᠢ ᠪᠠᠷᠢᠮᠲᠠᠯᠠᠬᠤ ᠪᠠᠷ ᠲᠣᠭᠲᠠᠭᠰᠠᠨ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ ᠃ ᠸᠢᠶᠧᠲᠨᠠᠮ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠵᠣᠬᠢᠴᠠᠭᠤᠯᠭ᠎ᠠ ᠪᠣᠯᠣᠨ ᠬᠠᠮᠵᠢᠯᠴᠠᠭ᠎ᠠ ᠪᠠᠨ ᠴᠢᠩᠭᠠᠳᠬᠠᠵᠤ ᠂ ᠤᠯᠠᠨ ᠲᠠᠯᠠᠲᠤ ᠦᠵᠡᠯ ᠢ ᠪᠠᠷᠢᠮᠲᠠᠯᠠᠵᠤ ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠪᠠᠲᠤ ᠰᠠᠬᠢᠵᠤ ᠂ ᠤᠯᠠᠨ ᠤᠯᠤᠰ ᠤᠨ ᠠᠷᠠᠯᠵᠢᠶᠠᠨ ᠤ ᠳᠦᠷᠢᠮ ᠢ ᠬᠠᠮᠠᠭᠠᠯᠠᠵᠤ ᠂ ᠬᠤᠶᠠᠷ ᠲᠠᠯ᠎ᠠ ᠶᠢᠨ ᠲᠣᠭᠲᠠᠭᠰᠠᠨ ᠬᠡᠯᠡᠯᠴᠡᠭᠡᠷ ᠢ ᠵᠢᠷᠤᠮᠯᠠᠵᠤ ᠂ ᠬᠠᠮᠲᠤ ᠪᠠᠷ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠮᠥᠨ ᠲᠥᠷᠥᠯᠬᠢᠲᠡᠨ ᠤ ᠲᠠᠪᠰᠢᠯᠳᠠ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠃ ᠸᠢᠶᠧᠲᠨᠠᠮ ᠤᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠲᠠᠯᠠᠢ ᠳᠡᠭᠡᠷᠡᠬᠢ ᠵᠥᠷᠢᠯᠳᠦᠭᠡᠨ ᠢᠶᠠᠨ ᠵᠣᠬᠢᠰᠲᠠᠢ ᠰᠢᠢᠳᠪᠦᠷᠢᠯᠡᠵᠦ ᠂ ᠲᠠᠯᠠᠢ ᠳᠡᠭᠡᠷᠡᠬᠢ ᠲᠣᠭᠲᠠᠭᠤᠨ ᠢ ᠬᠠᠮᠠᠭᠠᠯᠠᠨ᠎ᠠ ᠭᠡᠵᠦ ᠢᠯᠡᠳᠬᠡᠪᠡ ᠃      ᠬᠡᠯᠡᠯᠴᠡᠭᠡ ᠬᠢᠬᠦ ᠠᠴᠠ ᠡᠮᠦᠨ᠎ᠡ ᠂ ᠰᠦ᠋ ᠯᠢᠨ ᠰᠢ ᠶᠢᠨ ᠫᠢᠩ ᠢ ᠤᠷᠢᠵᠤ ᠪᠠᠭ᠎ᠠ ᠬᠡᠪᠴᠢᠶᠡᠨ ᠤ ᠴᠠᠶᠢᠯᠠᠯᠭ᠎ᠠ ᠬᠢᠪᠡ ᠃ ᠬᠤᠶᠠᠷ ᠨᠠᠮ ᠤᠨ ᠶᠡᠷᠦᠩᠬᠡᠢ ᠱᠦᠵᠢ ᠨᠠᠮ ᠢ ᠵᠠᠰᠠᠬᠤ ᠲᠦᠷᠦ ᠶᠢ ᠵᠠᠰᠠᠬᠤ ᠣᠶᠢᠯᠠᠭᠠᠭᠳᠠᠬᠤᠨ ᠤ ᠲᠤᠬᠠᠢ ᠰᠠᠨᠠᠯ ᠢᠶᠠᠨ ᠰᠣᠯᠢᠯᠴᠠᠪᠠ ᠃ ᠰᠢ ᠶᠢᠨ ᠫᠢᠩ᠂ ᠨᠠᠮ ᠤᠨ ᠪᠠᠶᠢᠭᠤᠯᠤᠯᠲᠠ ᠨᠢ ᠨᠠᠮ ᠪᠣᠯᠣᠨ ᠤᠯᠤᠰ ᠤᠨ ᠢᠷᠡᠭᠡᠳᠦᠢ ᠬᠤᠪᠢ ᠵᠠᠶᠠᠭ᠎ᠠ ᠲᠠᠢ ᠬᠤᠯᠪᠣᠭᠳᠠᠵᠤ ᠂ ᠨᠠᠮ ᠤᠨ ᠰᠤᠷᠲᠠᠯ ᠨᠢ ᠬᠥᠮᠥᠨ ᠤ ᠰᠡᠳᠬᠢᠯ ᠤᠨ ᠬᠦᠷᠢᠶᠡᠯᠡᠬᠦ ᠪᠠ ᠡᠰᠡᠷᠭᠦᠴᠡᠬᠦ ᠲᠠᠢ ᠬᠤᠯᠪᠣᠭᠳᠠᠨ᠎ᠠ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠡᠨᠡ ᠵᠢᠯ ᠪᠦᠬᠦ ᠨᠠᠮ ᠢᠶᠠᠷ ᠢᠶᠠᠨ ᠲᠥᠪ ᠶᠢᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠵᠦ ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠪᠠᠷ ᠲᠣᠭᠲᠠᠪᠠ ᠃ ᠬᠤᠶᠠᠷ ᠨᠠᠮ ᠤᠨ ᠶᠡᠷᠦᠩᠬᠡᠢ ᠱᠦᠵᠢ ᠰᠣᠯᠢᠯᠴᠠᠭ᠎ᠠ ᠪᠠᠨ ᠴᠢᠩᠭᠠᠳᠬᠠᠵᠤ ᠬᠠᠷᠢᠯᠴᠠᠨ ᠲᠣᠯᠢ ᠪᠤᠯᠭᠠᠬᠤ ᠂ ᠨᠡᠶᠢᠭᠡᠮ ᠵᠢᠷᠤᠮ ᠤᠨ ᠵᠠᠮ ᠢᠶᠠᠷ ᠬᠠᠮᠲᠤ ᠪᠠᠷ ᠰᠠᠶᠢᠲᠤᠷ ᠵᠠᠮᠨᠠᠬᠤ ᠪᠠᠷ ᠰᠠᠨᠠᠯ ᠨᠢᠭᠡᠲᠡᠢ ᠵᠥᠪᠰᠢᠶᠡᠷᠡᠪᠡ ᠃      ᠬᠡᠯᠡᠯᠴᠡᠭᠡ ᠲᠡᠭᠦᠰᠦᠭᠰᠡᠨ ᠤ ᠲᠠᠷᠠᠭ᠎ᠠ ᠂ ᠬᠤᠶᠠᠷ ᠨᠠᠮ ᠤᠨ ᠶᠡᠷᠦᠩᠬᠡᠢ ᠱᠦᠵᠢ ᠳᠤᠮᠳᠠᠳᠤ ᠸᠢᠶᠧᠲᠨᠠᠮ ᠬᠤᠶᠠᠷ ᠲᠠᠯ᠎ᠠ ᠶᠢᠨ ᠲᠣᠬᠢᠷᠠᠯᠴᠠᠭᠰᠠᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ 45 ᠬᠤᠪᠢ ᠪᠢᠴᠢᠭ ᠤᠨ ᠦᠵᠡᠭᠦᠯᠭᠡ ᠶᠢ ᠬᠠᠮᠲᠤ ᠪᠠᠷ ᠭᠡᠷᠡᠴᠢᠯᠡᠵᠦ ᠂ ᠬᠤᠯᠪᠣᠯᠳᠤᠨ ᠨᠡᠪᠲᠡᠷᠡᠯᠴᠡᠬᠦ ᠂ ᠵᠣᠬᠢᠶᠠᠮᠠᠯ ᠤᠶᠤᠨ ᠴᠢᠳᠠᠪᠤᠷᠢ ᠂ ᠪᠣᠭᠤᠮᠲᠠ ᠶᠢᠨ ᠰᠢᠯᠭᠠᠨ ᠪᠠᠶᠢᠴᠠᠭᠠᠬᠤ ᠬᠢᠵᠢᠭ ᠢ ᠪᠠᠶᠢᠴᠠᠭᠠᠬᠤ ᠂ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶ᠎ᠠ ᠂ ᠰᠣᠶᠣᠯ ᠪᠠ ᠪᠡᠶ᠎ᠡ ᠶᠢᠨ ᠲᠠᠮᠢᠷ ᠂ ᠠᠷᠠᠳ ᠤᠨ ᠠᠮᠢᠳᠤᠷᠠᠯ ᠂ ᠬᠥᠮᠥᠨ ᠤ ᠬᠦᠴᠦᠨ ᠤ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ ᠂ ᠵᠠᠭᠤᠴᠢᠯᠠᠭᠤᠷ ᠵᠡᠷᠭᠡ ᠬᠦᠷᠢᠶ᠎ᠡ ᠴᠠᠷᠠᠭ᠎ᠠ ᠶᠢ ᠬᠠᠮᠤᠷᠴᠠᠢ ᠃      ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠨᠡᠶᠢᠭᠡᠮ ᠵᠢᠷᠤᠮᠲᠤ ᠸᠢᠶᠧᠲᠨᠠᠮ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠲᠦᠷᠭᠡᠳᠬᠡᠨ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ ︾ ᠶᠢ ᠨᠡᠶᠢᠲᠡᠯᠡᠪᠡ ᠃      ᠲᠤᠰ ᠣᠷᠣᠢ ᠂ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠂ ᠸᠢᠶᠧᠲᠨᠠᠮ ᠤᠨ ᠤᠯᠤᠰ ᠤᠨ ᠲᠡᠷᠢᠭᠦᠯᠡᠭᠴᠢ ᠯᠢᠶᠠᠩ ᠴᠢᠶᠠᠩ ᠬᠠᠮᠲᠤ ᠪᠠᠷ ᠰᠢ ᠶᠢᠨ ᠫᠢᠩ ᠢ ᠤᠭᠲᠤᠬᠤ ᠳᠠᠶᠢᠯᠠᠯᠭ᠎ᠠ ᠬᠢᠪᠡ ᠃ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠭᠡᠰᠢᠭᠦᠨ ᠂ ᠱᠦᠵᠢ ᠨᠠᠷ ᠤᠨ ᠭᠠᠵᠠᠷ ᠤᠨ ᠱᠦᠵᠢ ᠵᠡᠷᠭᠡ ᠤᠳᠤᠷᠢᠳᠬᠤ ᠨᠥᠬᠦᠳ ᠪᠠᠷ᠎ᠠ ᠪᠣᠯᠵᠤ ᠣᠷᠣᠯᠴᠠᠪᠠ ᠃      ᠼᠠᠢ ᠴᠢ ᠂ ᠸᠠᠩ ᠢ ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ