ᠰᠢ ᠶᠢᠨ ᠫᠢᠩ ᠸᠢᠶᠧᠲᠨᠠᠮ ᠤᠨ ᠤᠯᠤᠰ ᠤᠨ ᠬᠤᠷᠠᠯ ᠤᠨ ᠲᠡᠷᠢᠭᠦᠯᠡᠭᠴᠢ ᠴᠧᠨ ᠴᠢᠩ ᠮᠢᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2025/4/18
  ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ  4 ᠰᠠᠷ᠎ᠠ ᠶᠢᠨ 14 ᠤ ᠣᠷᠣᠢ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ ᠭᠠᠵᠠᠷ ᠲᠤ ᠸᠢᠶᠧᠲᠨᠠᠮ ᠤᠨ ᠤᠯᠤᠰ ᠤᠨ ᠬᠤᠷᠠᠯ ᠤᠨ ᠲᠡᠷᠢᠭᠦᠯᠡᠭᠴᠢ ᠴᠧᠨ ᠴᠢᠩ ᠮᠢᠨ ᠲᠠᠢ ᠠᠭᠤᠯᠵᠠᠪᠠ ᠃  ᠰᠢ ᠶᠢᠨ ᠫᠢᠩ ᠂ ᠸᠢᠶᠧᠲᠨᠠᠮ ᠳᠤ ᠳᠠᠬᠢᠨᠲᠠ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠳᠡᠭᠡᠨ ᠂ ᠸᠢᠶᠧᠲᠨᠠᠮ ᠤᠨ ᠰᠢᠨᠡᠴᠢᠯᠡᠯᠲᠡ ᠶᠢᠨ ᠦᠢᠯᠡᠰ ᠤᠨ ᠣᠯᠣᠭᠰᠠᠨ ᠰᠢᠨ᠎ᠡ ᠠᠮᠵᠢᠯᠲᠠ ᠪᠦᠳᠦᠮᠵᠢ ᠶᠢ ᠨᠢᠳᠦ ᠪᠠᠷ ᠢᠶᠠᠨ ᠭᠡᠷᠡᠴᠢᠯᠡᠵᠦ ᠂ ᠳᠤᠮᠳᠠᠳᠤ ᠸᠢᠶᠧᠲᠨᠠᠮ ᠤᠨ ᠨᠥᠬᠦᠷᠯᠡᠯ ᠤᠨ ᠭᠦᠨ ᠵᠤᠵᠠᠭᠠᠨ ᠰᠠᠭᠤᠷᠢ ᠶᠢ ᠪᠡᠶ᠎ᠡ ᠪᠠᠷ ᠢᠶᠠᠨ ᠮᠡᠳᠡᠷᠡᠵᠦ ᠣᠯᠪᠠ ᠃ ᠣᠳᠣᠬᠠᠨ ᠳᠤ ᠂ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠤᠭ᠎ᠠ ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ ᠂ ᠸᠢᠶᠧᠲᠨᠠᠮ ᠤᠳᠠᠯ ᠦᠭᠡᠢ ᠦᠨᠳᠦᠰᠦᠲᠡᠨ ᠤ ᠬᠥᠭᠵᠢᠯᠲᠡ ᠶᠢᠨ ᠰᠢᠨ᠎ᠡ ᠡᠷᠡᠨ ᠢ ᠡᠬᠢᠯᠡᠭᠦᠯᠦᠨ᠎ᠡ ᠂ ᠬᠤᠶᠠᠷ ᠲᠠᠯ᠎ᠠ ᠪᠠᠷ ᠢᠶᠠᠨ ᠴᠥᠮ ᠥᠪᠡᠷ ᠥᠪᠡᠷ ᠤᠨ ᠬᠥᠭᠵᠢᠯ ᠮᠠᠨᠳᠤᠯ ᠤᠨ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ ᠃ ᠤᠷᠪᠠᠭᠠᠨ ᠬᠥᠷᠪᠡᠭᠡᠨ ᠲᠠᠢ ᠳᠡᠯᠡᠬᠡᠢ ᠶᠢᠨ ᠴᠠᠭ ᠤᠨ ᠪᠠᠶᠢᠳᠠᠯ ᠤᠨ ᠡᠮᠦᠨ᠎ᠡ ᠂ ᠳᠤᠮᠳᠠᠳᠤ ᠸᠢᠶᠧᠲᠨᠠᠮ ᠬᠤᠶᠠᠷ ᠤᠯᠤᠰ ᠵᠠᠮ ᠤᠨ ᠢᠲᠡᠭᠡᠯ ᠪᠣᠯᠣᠨ ᠪᠠᠶᠢᠭᠤᠯᠤᠯ ᠤᠨ ᠢᠲᠡᠭᠡᠯ ᠢᠶᠠᠨ ᠪᠠᠲᠤᠳᠬᠠᠵᠤ ᠂ ᠪᠦᠯᠬᠦᠮᠳᠡᠨ ᠬᠠᠮᠵᠢᠯᠴᠠᠬᠤ ᠪᠠᠨ ᠴᠢᠩᠭᠠᠳᠬᠠᠵᠤ ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠭᠠᠷ ᠬᠤᠯᠪᠣᠨ ᠣᠳᠣᠬᠢᠴᠢᠯᠠᠯᠲᠠ ᠲᠡᠶᠢᠰᠢ ᠤᠷᠤᠭᠰᠢᠯᠠᠵᠤ ᠂ ᠳᠡᠯᠡᠬᠡᠢ ᠳ᠋ᠠᠬᠢᠨ ᠳᠤ ᠨᠡᠩ ᠤᠯᠠᠨ ᠲᠣᠬᠲᠠᠭᠠᠯᠳᠤ ᠴᠢᠨᠠᠷ ᠪᠣᠯᠣᠨ ᠢᠳᠡᠪᠬᠢ ᠬᠦᠴᠦᠨ ᠨᠡᠮᠡᠷᠢᠯᠡᠶ᠎ᠡ ᠭᠡᠵᠦ ᠵᠢᠭᠠᠵᠤ ᠭᠠᠷᠭᠠᠪᠠ ᠃  ᠰᠢ ᠶᠢᠨ ᠫᠢᠩ ᠂ ᠳᠤᠮᠳᠠᠳᠤ ᠸᠢᠶᠧᠲᠨᠠᠮ ᠪᠣᠯ ᠴᠥᠮ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮᠲᠤ ᠤᠯᠤᠰ ᠮᠥᠨ ᠂ ᠤᠯᠤᠰ ᠲᠥᠷᠥ ᠶᠢᠨ ᠴᠢᠭᠯᠡᠯ ᠨᠢ ᠨᠠᠮ ᠪᠣᠯᠣᠨ ᠤᠯᠤᠰ ᠣᠷᠣᠨ ᠤ ᠢᠷᠡᠭᠡᠳᠦᠢ ᠬᠤᠪᠢ ᠵᠠᠶᠠᠭ᠎ᠠ ᠪᠣᠯᠣᠨ ᠠᠵᠢᠯ ᠦᠢᠯᠡᠰ ᠤᠨ ᠥᠭᠡᠳᠡᠯᠡᠵᠦ ᠤᠷᠤᠭᠤᠳᠠᠬᠤ ᠢᠯᠠᠵᠤ ᠢᠯᠠᠭᠳᠠᠬᠤ ᠲᠠᠢ ᠬᠤᠯᠪᠣᠭᠳᠠᠵᠤ ᠪᠠᠶᠢᠳᠠᠭ ᠃ ᠬᠤᠶᠠᠷ ᠨᠠᠮ ᠬᠤᠶᠠᠷ ᠤᠯᠤᠰ ᠤᠨ ᠳᠡᠭᠡᠳᠦ ᠳᠠᠪᠬᠤᠷᠭ᠎ᠠ ᠶᠢᠨ ᠬᠢᠨ ᠬᠤᠶᠠᠷ ᠲᠠᠯ᠎ᠠ ᠶᠢᠨ ᠬᠠᠷᠢᠯᠴᠠᠭ᠎ᠠ ᠪᠣᠯᠣᠨ ᠬᠠᠮᠲᠤ ᠪᠠᠷ ᠠᠩᠬᠠᠷᠴᠤ ᠪᠠᠶᠢᠭ᠎ᠠ ᠴᠢᠬᠤᠯᠠ ᠶᠡᠭᠡ ᠵᠥᠪᠯᠡᠬᠦ ᠵᠦᠢᠯ ᠤᠨ ᠲᠤᠬᠠᠢ ᠴᠠᠭ ᠲᠤᠬᠠᠢ ᠳᠤᠨᠢ ᠰᠠᠨᠠᠯ ᠢᠶᠠᠨ ᠰᠣᠯᠢᠯᠴᠠᠵᠤ ᠂ ᠬᠠᠮᠲᠤ ᠶᠢᠨ ᠲᠠᠨᠢᠯᠲᠠ ᠪᠠᠨ ᠲᠠᠰᠤᠷᠠᠯᠲᠠ ᠦᠭᠡᠢ ᠨᠢᠭᠲᠠᠷᠠᠭᠤᠯᠵᠤ ᠂ ᠢᠲᠡᠭᠡᠯᠴᠡᠭᠡ ᠪᠠᠨ ᠨᠡᠮᠡᠭᠳᠡᠭᠦᠯᠵᠦ ᠂ ᠴᠢᠭᠯᠡᠯ ᠢᠶᠠᠨ ᠪᠠᠲᠤᠳᠬᠠᠵᠤ ᠂ ᠳᠤᠮᠳᠠᠳᠤ ᠸᠢᠶᠧᠲᠨᠠᠮ ᠤᠨ ᠬᠠᠷᠢᠯᠴᠠᠭᠠᠨ ᠤ ᠬᠥᠯᠭᠡ ᠣᠩᠭᠤᠴᠠ ᠶᠢᠨ ᠲᠣᠭᠲᠠᠭᠤᠨ ᠢᠶᠠᠷ ᠤᠷᠤᠭᠰᠢᠯᠠᠬᠤ ᠶᠢ ᠪᠠᠲᠤᠯᠠᠶ᠎ᠠ ᠃ ᠨᠠᠮ ᠤᠨ ᠬᠤᠭᠤᠷᠤᠨᠳᠤᠭᠢ ᠂ ᠬᠠᠤᠯᠢ ᠲᠣᠭᠲᠠᠭᠠᠬᠤ ᠪᠠᠶᠢᠭᠤᠯᠤᠮᠵᠢ ᠂ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠠᠵᠢᠯ ᠲᠦᠷᠦᠯ ᠢᠶᠠᠷ ᠢᠶᠠᠨ ᠰᠣᠯᠢᠯᠴᠠᠭ᠎ᠠ ᠬᠢᠵᠦ ᠬᠠᠮᠲᠤᠷᠠᠯᠴᠠᠬᠤ ᠶᠢ ᠦᠷᠭᠦᠯᠵᠢᠯᠡᠨ ᠪᠠᠲᠤᠯᠠᠵᠤ ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠭᠦᠨᠵᠡᠭᠡᠶᠢᠷᠡᠭᠦᠯᠦᠶ᠎ᠡ ᠃ ᠬᠤᠶᠠᠷ ᠲᠠᠯ᠎ᠠ ᠪᠠᠷ ᠢᠶᠠᠨ ᠳᠤᠮᠳᠠᠳᠤ ᠸᠢᠶᠧᠲᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠵᠢᠴᠢ ︽ ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ ︾ ᠢ ᠪᠡᠯᠭᠡᠯᠡᠬᠦ ᠪᠠᠷ ᠠᠵᠠ ᠲᠣᠭᠢᠶᠠᠯ ᠪᠤᠯᠭᠠᠵᠤ ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ ᠂ ᠬᠤᠶᠠᠷ ᠤᠯᠤᠰ ᠤᠨ ᠠᠷᠠᠳ ᠤᠯᠠᠨ ᠢᠯᠠᠩᠭᠤᠶ᠎ᠠ ᠵᠠᠯᠠᠭᠤ ᠨᠢᠭᠡ ᠦᠶ᠎ᠡ ᠶᠢᠨ ᠬᠢᠨ ᠤ ᠣᠶᠢᠯᠠᠭᠠᠯᠴᠠᠭ᠎ᠠ ᠪᠠ ᠨᠥᠭᠦᠷᠰᠡᠭ ᠬᠠᠶᠢᠷ᠎ᠠ ᠰᠡᠳᠬᠢᠯᠭᠡ ᠶᠢ ᠨᠡᠮᠡᠭᠳᠡᠭᠦᠯᠵᠦ ᠂ ᠬᠤᠶᠠᠷ ᠤᠯᠤᠰ ᠤᠨ ᠨᠥᠬᠦᠷᠯᠡᠯ ᠤᠨ ᠬᠤᠯᠪᠣᠭᠠᠰᠤ ᠶᠢ ᠨᠡᠩ ᠴᠢᠩᠭᠠᠯᠠᠶ᠎ᠠ ᠭᠡᠵᠦ ᠴᠢᠬᠤᠯᠠᠴᠢᠯᠠᠪᠠ ᠃  ᠰᠢ ᠶᠢᠨ ᠫᠢᠩ ᠂ ᠳᠤᠮᠳᠠᠳᠤ ᠤᠯᠤᠰ ᠤᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠸᠢᠶᠧᠲᠨᠠᠮ ᠤᠨ ᠤᠯᠤᠰ ᠤᠨ ᠬᠤᠷᠠᠯ ᠤᠨ ᠶᠠᠪᠤᠯᠴᠠᠭ᠎ᠠ ᠬᠤᠷᠰᠢᠯᠴᠠᠭ᠎ᠠ ᠣᠯᠠᠰᠢᠷᠠᠵᠤ ᠂ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠣᠯᠪᠠ ᠃ ᠬᠤᠶᠠᠷ ᠤᠯᠤᠰ ᠤᠨ ᠬᠠᠤᠯᠢ ᠲᠣᠭᠲᠠᠭᠠᠬᠤ ᠪᠠᠶᠢᠭᠤᠯᠤᠮᠵᠢ ᠤᠯᠠᠮᠵᠢᠯᠠᠯᠲᠤ ᠨᠥᠬᠦᠷᠯᠡᠯ ᠢᠶᠠᠨ ᠴᠢᠩᠭᠠᠳᠬᠠᠬᠤ ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠨᠠᠶᠢᠳᠠᠪᠤᠷᠢᠵᠢᠭᠤᠯᠬᠤ ᠶᠢ ᠪᠠᠲᠤᠯᠠᠬᠤ ᠂ ᠤᠯᠠᠨ ᠲᠠᠯ᠎ᠠ ᠶᠢᠨ ᠵᠣᠬᠢᠴᠠᠭᠤᠯᠭ᠎ᠠ ᠶᠢ ᠴᠢᠩᠭᠠᠳᠬᠠᠬᠤ ᠲᠠᠯ᠎ᠠ ᠪᠠᠷ ᠢᠯᠡᠭᠦᠬᠡᠨ ᠠᠵᠢᠯ ᠬᠢᠵᠦ ᠂ ᠲᠤᠰ ᠲᠤᠰ ᠤᠨ ᠤᠯᠤᠰ ᠤᠨ ᠢᠶᠠᠨ ᠨᠡᠶᠢᠭᠡᠮ ᠵᠢᠷᠤᠮ ᠤᠨ ᠠᠷᠠᠳᠴᠢᠯᠠᠯ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠲᠤᠬᠠᠢ ᠰᠣᠯᠢᠯᠴᠠᠭ᠎ᠠ ᠥᠷᠨᠢᠭᠦᠯᠵᠦ ᠂ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠠᠭᠤᠯᠬᠤᠨ ᠢ ᠲᠠᠰᠤᠷᠠᠯᠳᠠ ᠦᠭᠡᠢ ᠪᠠᠶᠠᠯᠢᠭᠵᠢᠭᠤᠯᠤᠶ᠎ᠠ ᠭᠡᠵᠦ ᠵᠢᠭᠠᠵᠤ ᠭᠠᠷᠭᠠᠪᠠ ᠃  ᠴᠧᠨ ᠴᠢᠩ ᠮᠢᠨ ᠂ ᠸᠢᠶᠧᠲᠨᠠᠮ ᠳᠤᠮᠳᠠᠳᠤ ᠠᠭᠤᠯᠠ ᠤᠰᠤ ᠪᠠᠷ ᠢᠶᠠᠨ ᠬᠥᠷᠰᠢᠯᠡᠵᠦ ᠂ ᠬᠤᠶᠠᠷ ᠨᠠᠮ ᠬᠤᠶᠠᠷ ᠤᠯᠤᠰ ᠤᠨ ᠦᠶ᠎ᠡ ᠦᠶ᠎ᠡ ᠶᠢᠨ ᠤᠳᠤᠷᠢᠳᠬᠤ ᠬᠥᠮᠥᠰ ᠤᠨ ᠨᠠᠷᠢᠨ ᠨᠢᠮᠪᠠᠢ ᠬᠥᠮᠥᠵᠢᠭᠦᠯᠦᠯ ᠳᠣᠣᠷ᠎ᠠ ︽ ᠨᠥᠬᠦᠷ ᠪᠥᠭᠡᠳ ᠠᠬ᠎ᠠ ᠳᠡᠭᠦᠦ ︾ ᠶᠢᠨ ᠴᠢᠩ ᠦᠨᠡᠨᠴᠢ ᠨᠥᠬᠦᠷᠯᠡᠯ ᠢ ᠪᠠᠶᠢᠭᠤᠯᠵᠤ ᠂ ᠬᠤᠶᠠᠷ ᠲᠠᠯ᠎ᠠ ᠶᠢᠨ ᠬᠠᠷᠢᠯᠴᠠᠭ᠎ᠠ ᠤᠷᠳᠤ ᠬᠤᠭᠤᠴᠠᠭ᠎ᠠ ᠪᠠᠷ ᠨᠥᠭᠦᠷᠰᠡᠭ ᠪᠠᠶᠢᠨ᠎ᠠ ᠃ ᠶᠡᠷᠦᠩᠬᠡᠢ ᠱᠦᠵᠢ ᠰᠢ ᠶᠢᠨ ᠫᠢᠩ ᠤᠨ ᠲᠤᠰ ᠤᠳᠠᠭ᠎ᠠ ᠶᠢᠨ ᠠᠶᠢᠯᠴᠢᠯᠠᠯᠲᠠ ᠨᠢ ᠳᠤᠮᠳᠠᠳᠤ ᠤᠯᠤᠰ ᠤᠨ ᠨᠠᠮ ᠂ ᠤᠯᠤᠰ ᠪᠣᠯᠣᠨ ᠠᠷᠠᠳ ᠲᠦᠮᠡᠨ ᠤ ᠸᠢᠶᠧᠲᠨᠠᠮ ᠳᠤᠮᠳᠠᠳᠤ ᠶᠢᠨ ᠬᠠᠷᠢᠯᠴᠠᠭ᠎ᠠ ᠶᠢ ᠴᠢᠬᠤᠯᠠᠴᠢᠯᠠᠵᠤ ᠪᠠᠶᠢᠬᠤ ᠶᠢ ᠭᠦᠢᠴᠡᠳ ᠢᠯᠡᠷᠡᠭᠦᠯᠪᠡ ᠃ ᠬᠤᠶᠠᠷ ᠨᠠᠮ ᠤᠨ ᠶᠡᠷᠦᠩᠬᠡᠢ ᠱᠦᠵᠢ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠸᠢᠶᠧᠲᠨᠠᠮ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠢ ᠴᠢᠬᠤᠯᠠ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠬᠢᠭᠰᠡᠨ ᠨᠢ ᠸᠢᠶᠧᠲᠨᠠᠮ ᠳᠤᠮᠳᠠᠳᠤ ᠶᠢᠨ ᠬᠠᠷᠢᠯᠴᠠᠭ᠎ᠠ ᠶᠢᠨ ᠰᠢᠨ᠎ᠡ ᠬᠠᠭᠤᠳᠠᠰᠤ ᠶᠢ ᠨᠡᠭᠡᠭᠡᠬᠦ ᠶᠢ ᠠᠬᠢᠭᠤᠯᠬᠤ ᠪᠣᠯᠣᠨ᠎ᠠ ᠃ ᠸᠢᠶᠧᠲᠨᠠᠮ ᠤᠨ ᠤᠯᠤᠰ ᠤᠨ ᠬᠤᠷᠠᠯ ᠤᠨ ᠬᠢᠨ ᠳᠤᠮᠳᠠᠳᠤ ᠤᠯᠤᠰ ᠤᠨ ᠪᠦᠭᠦ ᠤᠯᠤᠰ ᠤᠨ ᠬᠤᠶᠠᠷ ᠬᠤᠷᠠᠯ ᠠᠮᠵᠢᠯᠲᠠ ᠲᠠᠢ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ ᠂ ᠳᠤᠮᠳᠠᠳᠤ ᠤᠯᠤᠰ ᠤᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠠᠢ ᠨᠢᠭᠲᠠ ᠣᠯᠣᠯᠴᠠᠨ ᠬᠠᠮᠲᠤᠷᠠᠯᠴᠠᠵᠤ ᠂ ᠬᠤᠶᠠᠷ ᠨᠠᠮ ᠬᠤᠶᠠᠷ ᠤᠯᠤᠰ ᠤᠨ ᠬᠠᠮᠤᠭ ᠤᠨ ᠳᠡᠭᠡᠳᠦ ᠤᠳᠤᠷᠢᠳᠬᠤ ᠬᠥᠮᠥᠰ ᠤᠨ ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ ᠦᠨᠡᠨ ᠬᠦ ᠰᠠᠶᠢᠲᠤᠷ ᠨᠠᠶᠢᠳᠠᠪᠤᠷᠢᠵᠢᠭᠤᠯᠵᠤ ᠂ ᠬᠤᠶᠠᠷ ᠤᠯᠤᠰ ᠤᠨ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠬᠤ ᠂ ᠠᠷᠠᠳ ᠲᠦᠮᠡᠨ ᠤ ᠨᠥᠬᠦᠷᠯᠡᠯ ᠢ ᠵᠤᠵᠠᠭᠠᠳᠬᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ ᠃  ᠼᠠᠢ ᠴᠢ ᠂ ᠸᠠᠩ ᠢ ᠂ ᠸᠠᠩ ᠰᠢᠶᠣᠣ ᠬᠤᠩ ᠨᠠᠷ ᠣᠷᠣᠯᠴᠠᠵᠠᠢ ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ