​ᠲᠡᠷᠢᠭᠦᠯᠡᠭᠴᠢ ᠰᠢ ᠶᠢᠨ ᠫᠢᠩ ᠡᠨᠡ ᠵᠢᠯ ᠠᠩᠬ᠎ᠠ ᠤᠳᠠᠭ᠎ᠠ ᠠᠶᠢᠯᠴᠢᠯᠠᠯᠲᠠ ᠬᠢᠵᠦ ᠪᠠᠶᠢᠨ᠎ᠠ᠂ ᠡᠲᠡᠭᠡᠷ ᠭᠢᠯᠠᠰ ᠴᠡᠭ ᠢ ᠠᠩᠬᠠᠷᠤᠭᠤᠰᠢᠲᠠᠢ
ᠨᠡᠶᠢᠲᠡᠯᠡᠭᠰᠡᠨ ᠴᠠᠭ᠄
2025/4/18
      ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠦ᠋ ᠯᠢᠨ᠂ ᠪᠥᠬᠦᠳᠡ ᠨᠠᠶᠢᠷᠠᠮᠳᠠᠬᠤ ᠨᠡᠶᠢᠭᠡᠮ ᠵᠢᠷᠤᠮᠲᠤ ᠸᠢᠶᠧᠲᠨᠠᠮ ᠤᠯᠤᠰ ᠤᠨ ᠲᠡᠷᠢᠭᠦᠯᠡᠭᠴᠢ ᠯᠢᠶᠠᠩ ᠴᠢᠶᠠᠩ ᠤᠨ ᠤᠷᠢᠯᠭ᠎ᠠ ᠪᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ 4 ᠳ᠋ᠦ᠋ᠭᠡᠷ ᠰᠠᠷ᠎ᠠ ᠶᠢᠨ 14 ᠤ ᠡᠳᠦᠷ ᠠᠴᠠ 15 ᠤ ᠡᠳᠦᠷ ᠪᠣᠯᠲᠠᠯ᠎ᠠ ᠸᠢᠶᠧᠲᠨᠠᠮ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠣᠯᠣᠨ᠎ᠠ᠃ ᠮᠠᠯᠠᠶᠢᠰᠢᠶ᠎ᠠ ᠶᠢᠨ ᠬᠠᠮᠤᠭ ᠤᠨ ᠳᠡᠭᠡᠳᠦ ᠲᠡᠷᠢᠭᠦᠨ ᠢᠪᠦ᠋ᠯᠠᠰᠢᠨ᠂ ᠺᠠᠮᠪᠤᠵᠠ ᠶᠢᠨ ᠤᠯᠤᠰ ᠤᠨ ᠸᠠᠩ ᠰᠢᠬᠠᠮᠣᠨᠢ ᠶᠢᠨ ᠤᠷᠢᠯᠭ᠎ᠠ ᠪᠠᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 4 ᠳ᠋ᠦ᠋ᠭᠡᠷ ᠰᠠᠷ᠎ᠠ ᠶᠢᠨ 15 ᠤ ᠡᠳᠦᠷ ᠠᠴᠠ 18 ᠤ ᠡᠳᠦᠷ ᠪᠣᠯᠲᠠᠯ᠎ᠠ ᠮᠠᠯᠠᠶᠢᠰᠢᠶ᠎ᠠ᠂ ᠺᠠᠮᠪᠤᠵᠠ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠣᠯᠣᠨ᠎ᠠ᠃      ᠭᠢᠯᠠᠰ ᠴᠡᠭ 1᠄ ᠡᠨᠡ ᠵᠢᠯ ᠤᠨ ᠠᠩᠬᠠᠳᠠᠭᠴᠢ ᠠᠶᠢᠯᠴᠢᠯᠠᠯᠲᠠ ᠪᠠᠨ ᠬᠥᠷᠰᠢ ᠵᠡᠷᠭᠡᠯᠡᠳᠡᠭᠡ ᠶᠢᠨ ᠤᠯᠤᠰ ᠤᠳ ᠠᠴᠠ ᠡᠬᠢᠯᠡᠭᠦᠯᠪᠡ       ᠡᠨᠡ ᠬᠦ ᠤᠳᠠᠭᠠᠨ ᠤ ᠠᠶᠢᠯᠴᠢᠯᠠᠯᠲᠠ ᠪᠣᠯ ᠲᠡᠷᠢᠭᠦᠯᠡᠭᠴᠢ ᠰᠢ ᠶᠢᠨ ᠫᠢᠩ ᠤᠨ ᠥᠨᠥ ᠵᠢᠯ ᠤᠨ ᠠᠩᠬᠠᠳᠠᠭᠴᠢ ᠠᠶᠢᠯᠴᠢᠯᠠᠯᠲᠠ ᠪᠣᠯᠣᠨ᠎ᠠ᠂ ᠲᠣᠰ ᠠᠶᠢᠯᠴᠢᠯᠠᠯᠲᠠ ᠨᠢ ᠳᠤᠮᠳᠠᠳᠤ ᠤᠯᠤᠰ ᠪᠠ ᠸᠢᠶᠧᠲᠨᠠᠮ᠂ ᠮᠠᠯᠠᠶᠢᠰᠢᠶ᠎ᠠ᠂ ᠺᠠᠮᠪᠤᠵᠠ ᠵᠢᠴᠢ ᠳᠤᠮᠳᠠᠳᠤ ᠤᠯᠤᠰ ᠪᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠬᠠᠷᠢᠯᠴᠠᠭᠠᠨ ᠤ ᠪᠦᠬᠦᠯᠢ ᠴᠣᠭᠴᠠ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠬᠥᠭᠵᠢᠯᠲᠡ ᠳᠤ ᠰᠢᠨ᠎ᠡ ᠬᠥᠳᠡᠯᠭᠡᠭᠴᠢ ᠡᠨᠧᠷᠬᠢ ᠨᠡᠮᠡᠷᠢᠯᠡᠬᠦ ᠪᠣᠯᠣᠨ᠎ᠠ᠃      ᠭᠢᠯᠠᠰ ᠴᠡᠭ 2᠄ ᠳᠤᠮᠳᠠᠳᠤ ᠸᠢᠶᠧᠲᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠳᠠᠭᠰᠠᠨ 75 ᠵᠢᠯ ᠤᠨ ᠣᠶ ᠳᠤ ᠳᠣᠬᠢᠶᠠᠵᠤ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠪᠣᠯᠣᠨ᠎ᠠ      ᠡᠨᠡ ᠪᠣᠯ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠶᠢᠨ ᠬᠤᠪᠢ ᠪᠠᠷ ᠸᠢᠶᠧᠲᠨᠠᠮ ᠳᠤ ᠳᠥᠷᠪᠡᠳᠡᠬᠢ ᠤᠳᠠᠭ᠎ᠠ ᠪᠠᠨ ᠠᠶᠢᠯᠴᠢᠯᠠᠵᠤ ᠪᠠᠶᠢᠨ᠎ᠠ᠃      ᠶᠡᠷᠦᠩᠬᠡᠢ ᠱᠦᠵᠢ ᠰᠢ ᠶᠢᠨ ᠫᠢᠩ ᠶᠡᠷᠦᠩᠬᠡᠢ ᠱᠦᠵᠢ ᠰᠦ᠋ ᠯᠢᠨ ᠲᠠᠢ ᠬᠡᠯᠡᠯᠴᠡᠭᠡ ᠬᠢᠵᠦ᠂ ᠸᠢᠶᠧᠲᠨᠠᠮ ᠤᠨ ᠤᠯᠤᠰ ᠤᠨ ᠲᠡᠷᠢᠭᠦᠯᠡᠭᠴᠢ ᠯᠢᠶᠠᠩ ᠴᠢᠶᠠᠩ᠂ ᠶᠡᠷᠦᠩᠬᠡᠢ ᠰᠠᠶᠢᠳ ᠹᠠᠨ ᠮᠢᠩ ᠵᠧᠩ᠂ ᠤᠯᠤᠰ ᠤᠨ ᠬᠤᠷᠠᠯ ᠤᠨ ᠲᠡᠷᠢᠭᠦᠯᠡᠭᠴᠢ ᠴᠧᠨ ᠴᠢᠩ ᠮᠢᠨ ᠲᠠᠢ ᠠᠭᠤᠯᠵᠠᠨ᠎ᠠ᠃      ᠭᠢᠯᠠᠰ ᠴᠡᠭ 3᠄ 12 ᠵᠢᠯ ᠠᠯᠤᠰᠯᠠᠭᠠᠳ ᠮᠠᠯᠠᠶᠢᠰᠢᠶ᠎ᠠ ᠳᠤ ᠳᠠᠬᠢᠨᠲᠠ ᠠᠶᠢᠯᠴᠢᠯᠠᠯᠲᠠ ᠬᠢᠬᠦ  ᠨᠢ ᠴᠢᠬᠤᠯᠠ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ      ᠲᠡᠷᠢᠭᠦᠯᠡᠭᠴᠢ ᠰᠢ ᠶᠢᠨ ᠫᠢᠩ ᠬᠠᠮᠤᠭ ᠤᠨ ᠳᠡᠭᠡᠳᠦ ᠲᠡᠷᠢᠭᠦᠨ ᠢᠪᠦ᠋ᠯᠠᠰᠢᠨ ᠲᠠᠢ ᠠᠭᠤᠯᠵᠠᠵᠤ᠂ ᠶᠡᠷᠦᠩᠬᠡᠢ ᠰᠠᠶᠢᠳ ᠠᠨᠸᠠᠷ  ᠲᠠᠢ ᠬᠡᠯᠡᠯᠴᠡᠭᠡ ᠬᠢᠬᠦ ᠪᠣᠯᠣᠨ᠎ᠠ       ᠲᠤᠰ ᠤᠳᠠᠭᠠᠨ ᠤ ᠠᠶᠢᠯᠴᠢᠯᠠᠯᠲᠠ ᠪᠣᠯ ᠲᠡᠷᠢᠭᠦᠯᠡᠭᠴᠢ ᠰᠢ ᠶᠢᠨ ᠫᠢᠩ ᠤᠨ 12 ᠵᠢᠯ ᠤᠨ ᠳᠠᠷᠠᠭᠠᠬᠢ ᠠᠶᠢᠯᠴᠢᠯᠠᠯᠲᠠ ᠪᠠᠶᠢᠵᠤ᠂ ᠳᠤᠮᠳᠠᠳᠤ ᠮᠠᠯᠠᠶᠢᠰᠢᠶ᠎ᠠ ᠶᠢᠨ ᠬᠠᠷᠢᠯᠴᠠᠭ᠎ᠠ ᠶᠢ ᠰᠠᠶᠢᠵᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠳᠤ ᠴᠢᠬᠤᠯᠠ ᠬᠥᠰᠢᠶ᠎ᠡ ᠳᠤᠷᠠᠰᠬᠠᠯ ᠤᠨ ᠴᠢᠨᠠᠷᠲᠠᠢ ᠠᠴᠢ ᠬᠤᠯᠪᠣᠭᠳᠠᠯ ᠲᠠᠢ ᠶᠤᠮ᠃      ᠭᠢᠯᠠᠰ ᠴᠡᠭ 4᠄ 9 ᠵᠢᠯ ᠤᠨ ᠲᠠᠷᠠᠭ᠎ᠠ ᠳᠠᠬᠢᠨᠲᠠ ᠠᠶᠢᠯᠴᠢᠯᠠᠯᠲᠠ ᠬᠢᠬᠦ ᠨᠢ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠳᠤ ᠰᠢᠨ᠎ᠡ ᠴᠠᠭ ᠦᠶ᠎ᠡ ᠶᠢᠨ ᠠᠭᠤᠯᠤᠭᠳᠠᠬᠤᠨ ᠨᠡᠮᠡᠷᠢᠯᠡᠬᠦ ᠪᠣᠯᠣᠨ᠎ᠠ       ᠡᠨᠡ ᠬᠦ ᠤᠳᠠᠭᠠᠨ ᠤ ᠠᠶᠢᠯᠴᠢᠯᠠᠯᠲᠠ ᠪᠣᠯ ᠲᠡᠷᠢᠭᠦᠯᠡᠭᠴᠢ ᠰᠢ ᠶᠢᠨ ᠫᠢᠩ ᠤᠨ 9 ᠵᠢᠯ ᠤᠨ ᠳᠠᠷᠠᠭ᠎ᠠ ᠺᠠᠮᠪᠤᠵᠠ ᠳᠤ ᠳᠠᠬᠢᠨᠲᠠ ᠠᠶᠢᠯᠴᠢᠯᠠᠬᠤ ᠠᠶᠢᠯᠴᠢᠯᠠᠯᠲᠠ ᠪᠣᠯᠣᠨ᠎ᠠ᠂ ᠲᠡᠷᠢᠭᠦᠯᠡᠭᠴᠢ ᠰᠢ ᠶᠢᠨ ᠫᠢᠩ ᠺᠠᠮᠪᠤᠵᠠ ᠤᠯᠤᠰ ᠤᠨ ᠤᠯᠤᠰ ᠤᠨ ᠸᠠᠩ ᠰᠢᠬᠠᠮᠣᠨᠢ ᠬᠢᠭᠡᠳ ᠲᠠᠶᠢᠬᠡᠦ ᠮᠥ᠋ᠨᠢᠯᠧ ᠲᠠᠢ ᠲᠤᠰ ᠲᠤᠰ ᠠᠭᠤᠯᠵᠠᠵᠤ᠂ ᠠᠷᠠᠳ ᠤᠨ ᠨᠠᠮ ᠤᠨ ᠲᠡᠷᠢᠭᠦᠯᠡᠭᠴᠢ᠂ ᠳᠡᠭᠡᠳᠦ ᠵᠥᠪᠯᠡᠯᠭᠡᠨ ᠤ ᠲᠡᠷᠢᠭᠦᠯᠡᠭᠴᠢ ᠬᠤᠩᠰᠧᠨ ᠴᠢᠨ ᠸᠠᠩ ᠲᠠᠢ ᠠᠭᠤᠯᠵᠠᠵᠤ᠂ ᠲᠡᠷᠢᠭᠦᠨ ᠰᠠᠶᠢᠳ ᠬᠤᠩᠮᠠᠨᠠᠢ ᠲᠠᠢ ᠬᠡᠯᠡᠯᠴᠡᠭᠡ ᠬᠢᠬᠦ ᠪᠣᠯᠣᠨ᠎ᠠ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ