— ᠳᠤᠮᠳᠠᠳᠤ ᠸᠢᠶᠧᠲᠨᠠᠮ ᠤᠨ ᠠᠷᠠᠳ ᠲᠦᠮᠡᠨ ᠤ ᠬᠠᠮᠲᠤᠷᠠᠭᠰᠠᠨ ᠦᠪᠡᠳᠡᠭᠰᠢ ᠨᠠᠶᠢᠷ ᠤᠨ ᠠᠵᠢᠯᠯᠠᠭ᠎ᠠ ᠶᠢᠨ ᠲᠥᠯᠥᠭᠡᠯᠡᠭᠴᠢᠳ ᠲᠠᠢ ᠠᠭᠤᠯᠵᠠᠬᠤ ᠦᠶ᠎ᠡ ᠶᠢᠨ | ᠪᠠᠶᠠᠷ ᠤᠨ ᠦᠭᠡ | ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 15 ᠤ ᠴᠠᠭᠢᠯᠭᠠᠨ ᠮᠡᠳᠡᠭᠡ | ︵2025 ᠣᠨ ᠤ 4 ᠰᠠᠷ᠎ᠠ ᠶᠢᠨ 15 ᠤ ᠡᠳᠦᠷ ᠬᠠᠨᠤᠢ ᠳᠤ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠬᠦᠨᠳᠦᠲᠦ ᠶᠡᠷᠦᠩᠬᠡᠢ ᠱᠦᠵᠢ ᠰᠦ᠋ ᠯᠢᠨ | ᠳᠤᠮᠳᠠᠳᠤ ᠸᠢᠶᠧᠲᠨᠠᠮ ᠬᠤᠶᠠᠷ ᠤᠯᠤᠰ ᠤᠨ ᠨᠥᠬᠦᠳ ᠂ ᠨᠠᠶᠢᠵᠠ ᠨᠠᠷ ᠠ᠋ ᠄ | ᠰᠠᠶᠢᠨ ᠪᠠᠶᠢᠵᠠᠭᠠᠨ᠎ᠠ ᠦᠦ ︕ | ᠬᠠᠨᠤᠢ ᠳᠤ ᠳᠤᠮᠳᠠᠳᠤ ᠸᠢᠶᠧᠲᠨᠠᠮ ᠤᠨ ᠠᠷᠠᠳ ᠲᠦᠮᠡᠨ ᠤ ᠬᠠᠮᠲᠤᠷᠠᠭᠰᠠᠨ ᠦᠪᠡᠳᠡᠭᠰᠢ ᠨᠠᠶᠢᠷ ᠤᠨ ᠠᠵᠢᠯᠯᠠᠭ᠎ᠠ ᠳᠤ ᠣᠷᠣᠯᠴᠠᠬᠰᠠᠨ ᠬᠤᠶᠠᠷ ᠤᠯᠤᠰ ᠤᠨ | ᠲᠥᠯᠥᠭᠡᠯᠡᠭᠴᠢᠳ ᠲᠠᠢ ᠠᠭᠤᠯᠵᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ ᠂ ᠪᠢ ᠳᠤᠮᠳᠠᠳᠤ ᠤᠯᠤᠰ ᠤᠨ ᠨᠠᠮ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠲᠠ | ᠨᠠᠷ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ ᠃ ᠡᠨᠡ ᠪᠣᠯ ᠮᠢᠨᠤ 10 ᠵᠢᠯ ᠤᠨ ᠳᠣᠲᠣᠷ᠎ᠠ ᠸᠢᠶᠧᠲᠨᠠᠮ ᠳᠤ ᠳᠥᠷᠪᠡᠳᠡᠬᠢ ᠤᠳᠠᠭ᠎ᠠ | ᠠᠶᠢᠯᠴᠢᠯᠠᠵᠤ ᠪᠠᠶᠢᠭ᠎ᠠ ᠶᠠᠪᠤᠳᠠᠯ ᠪᠤᠯᠬᠤ ᠪᠥᠭᠡᠳ ᠪᠠᠰᠠ ᠴᠤ ᠮᠢᠨᠤ ᠡᠨᠡ ᠵᠢᠯ ᠤᠨ ᠠᠩᠬᠠᠳᠠᠭᠴᠢ ᠠᠶᠢᠯᠴᠢᠯᠠᠯᠲᠠ ᠶᠢᠨ ᠠᠩᠬᠠᠨ ᠤ ᠥᠷᠲᠡᠭᠡ ᠪᠣᠯᠣᠨ᠎ᠠ ᠃ | ᠥᠴᠥᠭᠡᠳᠦᠷ ᠦᠳᠡ ᠶᠢᠨ ᠬᠤᠶᠢᠨ᠎ᠠ ᠂ ᠪᠢ ᠶᠡᠷᠦᠩᠬᠡᠢ ᠱᠦᠵᠢ ᠰᠦ᠋ ᠯᠢᠨ ᠲᠠᠢ ᠪᠠᠶᠠᠯᠢᠭ ᠦᠷ᠎ᠡ ᠪᠦᠲᠦᠭᠡᠯ ᠣᠯᠣᠭᠰᠠᠨ ᠬᠡᠯᠡᠯᠴᠡᠭᠡ ᠬᠢᠵᠦ ᠂ ᠰᠢᠨ᠎ᠡ ᠴᠠᠭ ᠦᠶ᠎ᠡ ᠶᠢᠨ | ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠢ ᠴᠢᠬᠤᠯᠠ ᠬᠠᠮᠲᠤ ᠶᠢᠨ ᠲᠠᠨᠢᠯᠲᠠ ᠲᠠᠢ ᠪᠣᠯᠪᠠ ᠃ | ᠰᠠᠶ᠋ᠢᠬᠠᠨ ᠂ ᠶᠡᠷᠦᠩᠬᠡᠢ ᠱᠦᠵᠢ ᠰᠦ᠋ ᠯᠢᠨ ᠣᠷᠭᠢᠯᠤᠮ᠎ᠠ ᠬᠠᠯᠠᠭᠤᠨ ᠰᠡᠳᠬᠢᠯᠭᠡ ᠲᠠᠢ ᠶᠠᠷᠢᠶ᠎ᠠ ᠲᠠᠯᠪᠢᠪᠠ ᠂ ᠪᠢ ᠲᠡᠭᠦᠨ ᠤ ᠬᠤᠶᠠᠷ ᠨᠠᠮ ᠬᠤᠶᠠᠷ ᠤᠯᠤᠰ ᠤᠨ | ᠬᠠᠷᠢᠯᠴᠠᠭ᠎ᠠ ᠶᠢᠨ ᠲᠤᠬᠠᠢ ᠢᠳᠡᠪᠬᠢᠲᠡᠢ ᠦᠨᠡᠯᠡᠯᠲᠡ ᠶᠢ ᠪᠦᠷᠢᠮᠦᠰᠦᠨ ᠵᠥᠪᠰᠢᠶᠡᠷᠡᠵᠦ ᠪᠠᠶᠢᠨ᠎ᠠ ᠃ | ︽ ᠤᠷᠭᠤᠭ᠎ᠠ ᠮᠣᠳᠣ ᠦᠨᠳᠦᠰᠦ ᠲᠠᠢ ᠂ ᠠᠭᠤᠯᠠ ᠤᠰᠤ ᠡᠬᠢ ᠲᠠᠢ ︾ ᠃ ᠳᠤᠮᠳᠠᠳᠤ ᠸᠢᠶᠧᠲᠨᠠᠮ ᠤᠨ ᠬᠠᠷᠢᠯᠴᠠᠭ᠎ᠠ ᠶᠢᠨ ᠰᠠᠭᠤᠷᠢ ᠨᠢ ᠠᠷᠠᠳ ᠲᠦᠮᠡᠨ ᠳᠤ | ᠪᠠᠶᠢᠨ᠎ᠠ ᠂ ᠠᠮᠢᠨ ᠰᠤᠳᠠᠰᠤ ᠨᠢ ᠠᠷᠠᠳ ᠲᠦᠮᠡᠨ ᠳᠤ ᠪᠠᠶᠢᠨ᠎ᠠ ᠂ ᠬᠦᠴᠦᠨ ᠴᠢᠳᠠᠯ ᠨᠢ ᠠᠷᠠᠳ ᠲᠦᠮᠡᠨ ᠳᠤ ᠪᠠᠶᠢᠨ᠎ᠠ ᠃ ᠤᠷᠳᠤ ᠬᠤᠭᠤᠴᠠᠭᠠᠨ ᠤ ᠲᠤᠷᠰᠢ ᠂ ᠭᠠᠷ | ᠬᠤᠯᠪᠣᠨ ᠮᠥᠬᠦᠯ ᠠᠴᠠ ᠠᠪᠤᠷᠠᠵᠤ ᠣᠷᠣᠰᠢᠨ ᠲᠣᠭᠲᠠᠨᠢᠬᠤ ᠪᠠᠷ ᠲᠡᠮᠡᠴᠡᠵᠦ ᠬᠤᠪᠢᠰᠬᠠᠯ ᠤᠨ ᠦᠷ᠎ᠡ ᠶᠢ ᠰᠠᠴᠤᠭᠰᠠᠨ ᠠᠴᠠ᠂ ᠮᠥᠷᠥ ᠵᠡᠷᠭᠡᠴᠡᠨ ᠪᠠᠶᠢᠯᠳᠤᠵᠤ | ᠤᠯᠤᠰ ᠤᠨ ᠲᠤᠰᠠᠭᠠᠷ ᠲᠣᠭᠲᠠᠨᠢᠯ ᠪᠣᠯᠣᠨ ᠦᠨᠳᠦᠰᠦᠲᠡᠨ ᠤ ᠴᠢᠯᠦᠭᠡᠯᠡᠯᠲᠡ ᠪᠠᠨ ᠪᠡᠶᠡᠯᠡᠭᠦᠯᠦᠭᠰᠡᠨ ᠭᠦᠷᠲᠡᠯ᠎ᠡ ᠂ ᠲᠠᠭᠢᠭᠠᠳ ᠣᠳᠣᠬᠢᠴᠢᠯᠠᠯᠲᠠ ᠶᠢᠨ ᠠᠶᠠᠨ ᠳᠤ | ᠬᠠᠮᠲᠤ ᠪᠠᠷ ᠤᠷᠤᠭᠰᠢᠯᠠᠭᠰᠠᠨ ᠭᠦᠷᠲᠡᠯ᠎ᠡ ᠂ ᠳᠤᠮᠳᠠᠳᠤ ᠸᠢᠶᠧᠲᠨᠠᠮ ᠬᠤᠶᠠᠷ ᠤᠯᠤᠰ ᠤᠨ ᠠᠷᠠᠳ ᠲᠦᠮᠡᠨ ᠢᠮᠠᠭᠲᠠ ᠬᠠᠲᠠᠭᠤ ᠪᠡᠷᠬᠡᠰᠢᠶᠡᠯ ᠢ ᠬᠠᠮᠲᠤ ᠪᠠᠷ | ᠲᠤᠭᠤᠯᠵᠤ ᠂ ᠵᠢᠷᠭᠠᠯ ᠵᠣᠪᠠᠯᠠᠩ ᠢᠶᠠᠨ ᠬᠠᠮᠲᠤᠳᠬᠠᠵᠤ ᠂ ᠳᠤᠮᠳᠠᠳᠤ ᠸᠢᠶᠧᠲᠨᠠᠮ ᠤᠨ ᠨᠥᠬᠦᠷᠯᠡᠯ ᠤᠨ ᠲᠡᠦᠬᠡᠨ ᠬᠠᠭᠤᠳᠠᠰᠤ ᠶᠢ ᠬᠠᠮᠲᠤ ᠪᠠᠷ ᠪᠢᠴᠢᠭᠯᠡᠭᠰᠡᠭᠡᠷ ᠢᠷᠡᠪᠡ ᠃ | | ᠳᠤᠮᠳᠠᠳᠤ ᠸᠢᠶᠧᠲᠨᠠᠮ ᠤᠨ ᠨᠥᠬᠦᠷᠯᠡᠯ ᠬᠤᠶᠠᠷ ᠤᠯᠤᠰ ᠤᠨ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠳᠤᠮᠳᠠ ᠦᠨᠳᠦᠰᠦᠯᠡᠨ | ᠰᠣᠶᠣᠭᠠᠯᠠᠪᠠ ᠃ ᠳᠤᠮᠳᠠᠳᠤ ᠤᠯᠤᠰ ᠸᠢᠶᠧᠲᠨᠠᠮ ᠤᠨ ᠠᠷᠠᠳ ᠲᠦᠮᠡᠨ ᠤ ᠹᠷᠠᠨᠼᠢ ᠶᠢ ᠡᠰᠡᠷᠭᠦᠴᠡᠬᠦ ᠂ ᠠᠮᠧᠷᠢᠺᠠ ᠶᠢ ᠡᠰᠡᠷᠭᠦᠴᠡᠵᠦ ᠤᠯᠤᠰ ᠢᠶᠠᠨ ᠠᠪᠤᠷᠠᠬᠤ | ᠲᠡᠮᠡᠴᠡᠯ ᠢ ᠪᠦᠭᠦ ᠬᠦᠴᠦ ᠪᠠᠷ ᠢᠶᠠᠨ ᠲᠡᠮᠵᠢᠪᠠ ᠃ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠸᠢᠶᠧᠲᠨᠠᠮ ᠤᠨ ᠰᠤᠷᠤᠬᠴᠢ ᠂ ᠸᠢᠶᠧᠲᠨᠠᠮ ᠤᠨ ᠡᠪ ᠬᠠᠮᠲᠤ ᠨᠠᠮ ᠤᠨ | ᠡᠷᠲᠡ ᠦᠶ᠎ᠡ ᠶᠢᠨ ᠤᠳᠤᠷᠢᠳᠤᠭᠴᠢ ᠯᠢ ᠬᠤᠩ ᠹᠧᠩ ᠭᠤᠸᠠᠩᠵᠧᠦ ᠶᠢᠨ ᠪᠣᠰᠣᠯᠭ᠎ᠠ ᠳᠤ ᠣᠷᠣᠯᠴᠠᠵᠤ ᠂ ︽ ᠬᠤᠶᠠᠷ ᠤᠯᠤᠰ ᠤᠨ ᠵᠠᠩᠵᠤᠨ ︾ ᠬᠤᠩ ᠱᠦᠢ | ᠳᠤᠮᠳᠠᠳᠤ ᠤᠯᠤᠰ ᠤᠨ ᠠᠵᠢᠯᠴᠢᠨ ᠲᠠᠷᠢᠶᠠᠴᠢᠨ ᠤ ᠤᠯᠠᠭᠠᠨ ᠴᠡᠷᠢᠭ ᠤᠨ ᠤᠷᠳᠤ ᠵᠠᠮ ᠤᠨ ᠠᠶᠠᠨ ᠲᠠᠶᠢᠨ ᠳᠤ ᠣᠷᠣᠯᠴᠠᠪᠠ ᠃ ᠤᠯᠤᠰ ᠤᠨ ᠲᠤᠰᠠᠭᠠᠷ ᠲᠣᠭᠲᠠᠨᠢᠯ | ᠪᠣᠯᠣᠨ ᠦᠨᠳᠦᠰᠦᠲᠡᠨ ᠤ ᠴᠢᠯᠦᠭᠡᠯᠡᠯᠲᠡ ᠶᠢ ᠲᠡᠮᠡᠴᠡᠨ ᠣᠯᠬᠤ ᠰᠢᠳᠤᠷᠭᠤ ᠶᠣᠰᠣᠨ ᠤ ᠦᠢᠯᠡᠰ ᠤᠨ ᠳᠤᠮᠳᠠ ᠂ ᠳᠤᠮᠳᠠᠳᠤ ᠸᠢᠶᠧᠲᠨᠠᠮ ᠬᠤᠶᠠᠷ ᠤᠯᠤᠰ ᠤᠨ ᠠᠷᠠᠳ | ᠲᠦᠮᠡᠨ ᠮᠥᠷᠥ ᠵᠡᠷᠭᠡᠴᠡᠨ ᠪᠠᠶᠢᠯᠳᠤᠵᠤ ᠂ ︽ ᠨᠥᠬᠦᠷ ᠪᠥᠭᠡᠳ ᠠᠬ᠎ᠠ ᠳᠡᠭᠦᠦ ︾ ᠶᠢᠨ ᠭᠦᠨ ᠵᠤᠵᠠᠭᠠᠨ ᠨᠥᠬᠦᠷᠯᠡᠯ ᠢ ᠭᠠᠯ ᠤᠯᠠᠭᠠᠨ ᠳᠡᠪᠢᠰᠬᠡᠷ ᠥᠩᠭᠡ ᠪᠠᠷ | ᠪᠤᠳᠤᠭᠯᠠᠪᠠ ᠃ | ᠳᠤᠮᠳᠠᠳᠤ ᠸᠢᠶᠧᠲᠨᠠᠮ ᠤᠨ ᠨᠥᠬᠦᠷᠯᠡᠯ ᠬᠤᠶᠠᠷ ᠤᠯᠤᠰ ᠤᠨ ᠠᠷᠠᠳ ᠲᠦᠮᠡᠨ ᠤ ᠪᠦᠯᠬᠦᠮᠳᠡᠯ ᠬᠠᠮᠵᠢᠯᠴᠠᠭ᠎ᠠ ᠳᠤᠮᠳᠠ ᠴᠡᠴᠡᠭᠯᠡᠨ ᠵᠢᠮᠢᠰᠯᠡᠪᠡ ᠃ ᠣᠶᠢᠷ᠎ᠠ ᠶᠢᠨ | ᠵᠢᠯ ᠠᠴᠠ ᠨᠠᠭᠠᠰᠢ ᠂ ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ ᠢᠲᠡᠭᠡᠯᠴᠡᠭᠡ ᠨᠡᠩ ᠥᠨᠳᠥᠷ ᠂ ᠠᠮᠤᠷ ᠲᠦᠪᠰᠢᠨ ᠤ ᠬᠠᠮᠲᠤᠷᠠᠯᠴᠠᠭ᠎ᠠ ᠨᠡᠩ ᠪᠣᠳᠠᠲᠠᠢ ᠂ | ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠨᠡᠩ ᠭᠦᠨᠵᠡᠭᠡᠢ ᠂ ᠠᠷᠠᠳ ᠤᠨ ᠰᠠᠨᠠᠭ᠎ᠠ ᠶᠢᠨ ᠰᠠᠭᠤᠷᠢ ᠨᠡᠩ ᠪᠠᠲᠤ ᠂ ᠤᠯᠠᠨ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ | ᠨᠡᠩ ᠴᠢᠩᠭ᠎ᠠ ᠂ ᠵᠥᠷᠢᠯᠳᠦᠭᠡᠨ ᠢ ᠬᠠᠮᠢᠶᠠᠷᠤᠨ ᠡᠵᠡᠮᠳᠡᠵᠦ ᠰᠢᠢᠳᠪᠦᠷᠢᠯᠡᠬᠦ ᠨᠡᠩ ᠰᠠᠶᠢᠨ ︽ ᠵᠢᠷᠭᠤᠭᠠᠨ ᠨᠡᠩ ᠪᠠᠶᠢᠬᠤ ︾ ᠶᠡᠷᠦᠩᠬᠡᠢ ᠬᠠᠷᠠᠯᠲᠠ ᠳᠤ ᠠᠩᠬᠠᠷᠤᠯ | ᠲᠥᠪᠯᠡᠷᠡᠭᠦᠯᠵᠦ ᠂ ᠤᠯᠤᠰ ᠲᠦᠷᠦ ᠂ ᠠᠮᠤᠷ ᠲᠦᠪᠰᠢᠨ ᠂ ᠠᠵᠤ ᠠᠬᠤᠢ ᠠᠷᠠᠯᠵᠢᠶ᠎ᠠ ᠂ ᠰᠣᠶᠣᠯ ᠢᠷᠭᠡᠨᠰᠢᠯ ᠵᠡᠷᠭᠡ ᠬᠦᠷᠢᠶᠡᠨ ᠳᠠᠬᠢ 30 ᠭᠠᠷᠤᠢ | ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ ᠂ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ ᠤᠳᠠᠭ᠎ᠠ ᠳᠠᠷᠠᠭᠠᠯᠠᠨ ᠰᠢᠨ᠎ᠡ ᠲᠡᠮᠳᠡᠭᠯᠡᠯ ᠢ ᠡᠭᠦᠳᠴᠦ ᠂ ᠳᠤᠮᠳᠠᠳᠤ | ᠤᠯᠤᠰ ᠨᠢ ᠸᠢᠶᠧᠲᠨᠠᠮ ᠤᠨ ᠭᠠᠳᠠᠭᠠᠳᠤ ᠪᠡᠯᠡ ᠶᠢᠨ ᠢᠷᠡᠯᠲᠡ ᠶᠢᠨ ᠤᠯᠤᠰ ᠤᠨ ᠡᠮᠦᠨ᠎ᠡ ᠡᠩᠨᠡᠭᠡᠨ ᠳᠤ ᠣᠷᠣᠵᠤ ᠂ ᠬᠤᠶᠠᠷ ᠤᠯᠤᠰ ᠤᠨ ᠠᠵᠤ ᠦᠢᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠲᠠᠰᠤᠷᠠᠯᠳᠠ ᠦᠭᠡᠢ ᠭᠦᠨᠵᠡᠭᠡᠶᠢᠷᠡᠵᠦ ᠂ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠂ | ᠰᠢᠨ᠎ᠡ ᠪᠠᠷ ᠮᠠᠨᠳᠤᠭᠰᠠᠨ ᠬᠦᠷᠢᠶᠡᠨ ᠳᠠᠬᠢ ᠬᠠᠮᠲᠤᠷᠠᠯᠴᠠᠭ᠎ᠠ ᠂ ᠣᠶᠤᠨᠲᠤ ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠢᠳᠡ ᠭᠦᠭ ᠲᠠᠢ ᠶᠠᠪᠤᠭᠳᠠᠵᠤ | ᠪᠠᠶᠢᠨ᠎ᠠ ᠃ ᠬᠤᠶᠠᠷ ᠤᠯᠤᠰ ᠢᠶᠠᠷ ᠢᠶᠠᠨ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠵᠤ ᠂ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠨᠡᠶᠢᠭᠡᠮ | ᠵᠢᠷᠤᠮ ᠤᠨ ᠵᠠᠮ ᠢᠶᠠᠷ ᠵᠠᠮᠨᠠᠬᠤ ᠶᠢ ᠡᠷᠡᠰ ᠳᠡᠮᠵᠢᠵᠦ ᠂ ᠲᠠᠰᠤᠷᠠᠯᠲᠠ ᠦᠭᠡᠢ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠦᠢᠯᠡᠰ ᠤᠨ ᠰᠢᠨ᠎ᠡ | ᠠᠮᠵᠢᠯᠲᠠ ᠪᠦᠲᠦᠮᠵᠢ ᠶᠢ ᠣᠯᠪᠠ ᠃ | ᠳᠤᠮᠳᠠᠳᠤ ᠸᠢᠶᠧᠲᠨᠠᠮ ᠤᠨ ᠨᠥᠬᠦᠷᠯᠡᠯ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠬᠥᠭᠡᠭᠡᠴᠡᠯᠳᠦᠯ ᠳᠤᠮᠳᠠ ᠤᠯᠠᠮᠵᠢᠯᠠᠭᠳᠠᠨ ᠭᠦᠨᠵᠡᠭᠡᠶᠢᠷᠡᠪᠡ ᠃ | ᠳᠡᠯᠡᠬᠡᠢ ᠶᠢᠨ ᠡᠩᠬᠡ ᠲᠠᠶᠢᠪᠤᠩ ᠪᠠ ᠬᠥᠮᠥᠨ ᠲᠥᠷᠥᠯᠬᠢᠲᠡᠨ ᠤ ᠲᠠᠪᠰᠢᠯᠳᠠ ᠪᠣᠯ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠪᠠᠷ ᠬᠥᠭᠡᠭᠡᠴᠡᠯᠳᠦᠬᠦ ᠡᠷᠬᠢᠮ | ᠳᠡᠭᠡᠳᠦ ᠦᠢᠯᠡᠰ ᠮᠥᠨ ᠃ ᠤᠷᠪᠠᠭᠠᠨ ᠬᠥᠷᠪᠡᠭᠡᠨ ᠰᠣᠯᠪᠢᠴᠠᠭᠰᠠᠨ ᠳᠡᠯᠡᠬᠡᠢ ᠶᠢᠨ ᠪᠠᠶᠢᠳᠠᠯ ᠤᠨ ᠡᠮᠦᠨ᠎ᠡ ᠂ ᠬᠤᠶᠠᠷ ᠲᠠᠯ᠎ᠠ ᠪᠠᠷ ᠢᠶᠠᠨ ᠪᠦᠭᠦ ᠪᠥᠮᠪᠥᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ | ᠢᠳᠡᠪᠬᠢᠲᠡᠢ ᠦᠢᠯᠡᠳᠦᠯᠭᠡᠵᠢᠭᠦᠯᠵᠦ ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠵᠤ ᠂ ᠢᠮᠠᠭᠲᠠ ᠲᠡᠦᠬᠡ ᠶᠢᠨ ᠵᠥᠪ ᠲᠠᠯ᠎ᠠ ᠂ ᠴᠠᠭ | ᠦᠶ᠎ᠡ ᠶᠢᠨ ᠲᠠᠪᠰᠢᠯᠳᠠ ᠶᠢᠨ ᠲᠠᠯ᠎ᠠ ᠳᠤ ᠪᠠᠲᠤ ᠵᠣᠭᠰᠣᠵᠤ ᠂ ᠠᠽᠢᠶ᠎ᠠ ᠲᠢᠪ ᠪᠣᠯᠣᠨ ᠳᠡᠯᠡᠬᠡᠢ ᠳ᠋ᠠᠬᠢᠨ ᠳᠤ ᠨᠡᠩ ᠤᠯᠠᠨ ᠲᠣᠬᠲᠠᠭᠠᠯᠳᠤ ᠴᠢᠨᠠᠷ ᠪᠣᠯᠣᠨ ᠢᠳᠡᠪᠬᠢ | ᠬᠦᠴᠦᠨ ᠢ ᠬᠠᠩᠭᠠᠶ᠎ᠠ ᠃ | ᠨᠥᠬᠦᠳ ᠠ᠋ ᠂ ᠨᠠᠶᠢᠵᠠ ᠨᠠᠷ ᠠ᠋ ︕ | ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠭᠴᠢ ᠂ ᠬᠤᠶᠠᠷ ᠤᠯᠤᠰ ᠤᠨ ᠠᠷᠠᠳ ᠲᠦᠮᠡᠨ ᠤ ᠬᠦᠷᠢᠶᠡᠯᠡᠯ ᠪᠣᠯᠣᠨ ᠳᠡᠮᠵᠢᠯᠭᠡ ᠪᠣᠯ ᠳᠤᠮᠳᠠᠳᠤ | ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢᠨ ᠪᠠᠲᠤ ᠪᠠᠬᠢ ᠰᠠᠭᠤᠷᠢ ᠮᠥᠨ ᠃ ᠡᠨᠡ ᠵᠢᠯ ᠪᠣᠯ ᠳᠤᠮᠳᠠᠳᠤ ᠸᠢᠶᠧᠲᠨᠠᠮ ᠤᠨ | ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠵᠢᠴᠢ ︽ ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ ︾ ᠪᠣᠯᠣᠨ᠎ᠠ ᠂ ᠪᠢᠳᠡ | ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠤᠨ ᠨᠠᠷᠢᠨ ᠭᠤᠷᠤᠬ᠎ᠠ ᠶᠢ ᠳᠤᠮᠳᠠᠳᠤ ᠸᠢᠶᠧᠲᠨᠠᠮ ᠤᠨ | ᠨᠥᠬᠦᠷᠯᠡᠯ ᠤᠨ ᠳᠣᠯᠭᠢᠶᠠᠯᠠᠨ ᠤᠷᠤᠰᠬᠤ ᠶᠡᠭᠡ ᠭᠤᠣᠯ ᠪᠤᠯᠭᠠᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠂ ᠨᠡᠩ | ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ ᠃ | ᠠᠳᠡ ᠰᠠᠭᠤᠯᠴᠠᠬᠰᠠᠳ ᠤᠨ ᠳᠣᠲᠣᠷ᠎ᠠ ᠴᠥᠭᠡᠨ ᠪᠤᠰᠤ ᠵᠠᠯᠠᠭᠤ ᠨᠠᠶᠢᠵᠠ ᠪᠠᠶᠢᠨ᠎ᠠ ᠃ ᠵᠠᠯᠠᠭᠤᠴᠤᠳ ᠪᠣᠯ ᠠᠵᠢᠯ ᠦᠢᠯᠡᠰ ᠤᠨ ᠢᠷᠡᠭᠡᠳᠦᠢ ᠪᠠ ᠬᠦᠰᠡᠯ | ᠡᠷᠡᠮᠡᠯᠵᠡᠯ ᠮᠥᠨ ᠃ ᠳᠤᠮᠳᠠᠳᠤ ᠤᠯᠤᠰ ᠬᠤᠶᠢᠰᠢᠳᠠ ᠶᠢᠨ 3 ᠵᠢᠯ ᠳᠤ ᠸᠢᠶᠧᠲᠨᠠᠮ ᠤᠨ ᠵᠠᠯᠠᠭᠤᠴᠤᠳ ᠢ ᠤᠷᠢᠵᠤ ᠳᠤᠮᠳᠠᠳᠤ ᠤᠯᠤᠰ ᠲᠤ ᠢᠷᠡᠭᠦᠯᠵᠦ ︽ | ᠬᠤᠪᠢᠰᠬᠠᠯᠲᠤ ᠰᠤᠳᠤᠯᠤᠨ ᠰᠤᠷᠤᠯᠴᠠᠬᠤ ᠠᠶᠠᠯᠠᠯ ︾ ᠢ ᠥᠷᠨᠢᠭᠦᠯᠵᠦ ᠂ ᠬᠤᠶᠠᠷ ᠨᠠᠮ ᠬᠤᠶᠠᠷ ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ ᠤᠨ | ᠬᠤᠪᠢᠰᠬᠠᠯ ᠤᠨ ᠤᠯᠠ ᠮᠥᠷ ᠢ ᠮᠥᠷᠳᠡᠵᠦ ᠂ ᠳᠤᠮᠳᠠᠳᠤ ᠸᠢᠶᠧᠲᠨᠠᠮ ᠤᠨ ᠨᠥᠬᠦᠷᠯᠡᠯ ᠤᠨ ᠬᠤᠪᠢᠰᠬᠠᠯᠲᠤ ᠤᠳᠤᠮᠰᠢᠯ ᠢ ᠡᠷᠢᠯᠬᠢᠯᠡᠵᠦ ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠥᠩᠭᠡ ᠢᠯᠭᠠᠷᠠᠭᠰᠠᠨ ᠳᠦᠷᠰᠦ ᠪᠠᠶᠢᠳᠠᠯ ᠢ ᠣᠶᠢᠯᠠᠭᠠᠭᠤᠯᠵᠤ ᠂ ᠬᠤᠶᠠᠷ ᠤᠯᠤᠰ ᠤᠨ ᠲᠤᠰ ᠲᠤᠰ ᠤᠨ ᠨᠡᠶᠢᠭᠡᠮ ᠵᠢᠷᠤᠮ ᠤᠨ | ᠠᠵᠢᠯ ᠦᠢᠯᠡᠰ ᠪᠣᠯᠣᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢ ᠨᠢᠭᠲᠠᠷᠠᠭᠤᠯᠤᠶ᠎ᠠ ᠃ | ᠣᠯᠠᠨ ᠳᠤ ᠪᠠᠶᠠᠷᠯᠠᠯ᠎ᠠ ︕ | |