ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 15 ᠤ ᠴᠠᠭᠢᠯᠭᠠᠨ ᠮᠡᠳᠡᠭᠡ 4 ᠰᠠᠷ᠎ᠠ ᠶᠢᠨ 16 ᠤ ᠡᠳᠦᠷ ᠬᠡᠪᠯᠡᠭᠳᠡᠭᠰᠡᠨ 8 ᠳ᠋ᠤᠭᠠᠷ | ᠬᠤᠭᠤᠴᠠᠭᠠᠨ ᠤ ︽ᠦᠨᠡᠨ︾ ᠰᠡᠳᠬᠦᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠰᠣᠶᠣᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ | ᠪᠠᠶᠢᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ | ᠵᠣᠬᠢᠶᠠᠯ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠪᠢᠳᠡ ᠰᠣᠶᠣᠯ ᠤᠨ ᠪᠠᠶᠢᠭᠤᠯᠤᠯᠲᠠ ᠶᠢ ᠲᠦᠷᠦ ᠶᠢ ᠵᠠᠰᠠᠵᠤ ᠵᠠᠰᠠᠭ ᠢ ᠡᠷᠭᠢᠯᠡᠭᠦ | ᠲᠣᠪᠣᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠯᠢ ᠤᠯᠠᠨ ᠴᠢᠬᠤᠯᠠ ᠶᠡᠭᠡ ᠪᠠᠶᠢᠷᠢᠯᠠᠭᠤᠯᠤᠯᠲᠠ ᠬᠢᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠰᠣᠶᠣᠯ ᠤᠨ ᠦᠵᠡᠯ ᠰᠠᠨᠠᠭ᠎ᠠ ᠶᠢ ᠪᠦᠷᠢᠯᠳᠦᠭᠦᠯᠵᠦ᠂ ᠰᠣᠶᠣᠯ ᠤᠨ ᠪᠠᠶᠢᠭᠤᠯᠤᠯᠲᠠ ᠨᠢ ᠤᠭ ᠦᠨᠳᠦᠰᠦ ᠠᠴᠠ ᠨᠢ | ᠴᠡᠭᠴᠡᠯᠡᠨ ᠵᠠᠰᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠳᠤᠮᠳᠠ ᠲᠡᠦᠬᠡᠲᠦ ᠴᠢᠨᠠᠷᠲᠠᠢ ᠠᠮᠵᠢᠯᠲᠠ ᠣᠯᠬᠤ ᠶᠢ ᠠᠬᠢᠭᠤᠯᠵᠤ᠂ ᠨᠡᠶᠢᠭᠡᠮ ᠵᠢᠷᠤᠮ ᠤᠨ | ᠰᠣᠶᠣᠯ ᠤᠨ ᠬᠦᠴᠦᠷᠬᠡᠭ ᠤᠯᠤᠰ ᠤᠨ ᠪᠠᠶᠢᠭᠤᠯᠤᠯᠲᠠ ᠯᠠᠪᠳᠠᠭᠤᠨ ᠪᠠᠲᠤᠲᠠᠢ ᠠᠯᠬᠤᠮ ᠢ ᠠᠯᠬᠤᠪᠠ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠪᠦᠭᠦ ᠲᠠᠯ᠎ᠠ ᠳᠤ ᠬᠤᠯᠪᠣᠭᠳᠠᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠦᠢᠯᠡᠰ ᠲᠤ ᠬᠤᠯᠪᠣᠭᠳᠠᠵᠤ᠂ ᠳᠡᠯᠡᠬᠡᠢ | ᠳᠡᠭᠡᠷᠡᠬᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠭᠦ ᠳᠤ ᠬᠤᠯᠪᠣᠭᠳᠠᠨ᠎ᠠ᠃ ᠪᠢᠳᠡ 2035 ᠣᠨ ᠳᠤ ᠰᠣᠶᠣᠯ ᠤᠨ ᠬᠦᠴᠦᠷᠬᠡᠭ ᠤᠯᠤᠰ ᠢ ᠪᠠᠶᠢᠭᠤᠯᠬᠤ | ᠪᠠᠶᠢᠯᠳᠤᠬᠤ ᠪᠣᠳᠣᠯᠭ᠎ᠠ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠷᠺᠰ ᠤᠨ ᠦᠵᠡᠯ ᠭᠡᠬᠦ ᠡᠨᠡ ᠬᠦ ᠦᠨᠳᠦᠰᠦᠨ ᠵᠢᠯᠤᠭᠤᠳᠬᠤ ᠦᠵᠡᠯ ᠰᠠᠨᠠᠭ᠎ᠠ ᠶᠢ | ᠪᠠᠷᠢᠮᠲᠠᠯᠠᠵᠤ᠂ ᠥᠷᠭᠡᠨ ᠳᠡᠯᠭᠡᠷ ᠭᠦᠨ ᠭᠦᠨᠵᠡᠭᠡᠢ ᠳᠤᠮᠳᠠᠳᠤ ᠶᠢᠨ ᠪᠣᠯᠪᠠᠰᠤᠨ ᠳᠤ ᠦᠨᠳᠦᠰᠦᠯᠡᠵᠦ᠂ ᠮᠡᠳᠡᠭᠡ ᠵᠠᠩᠭᠢ ᠶᠢᠨ ᠮᠡᠷᠭᠡᠵᠢᠯ ᠤᠨ ᠬᠥᠭᠵᠢᠯᠲᠡ ᠶᠢᠨ | ᠤᠷᠤᠰᠬᠠᠯ ᠳᠤ ᠵᠣᠬᠢᠴᠠᠵᠤ᠂ ᠬᠦᠴᠦᠷᠬᠡᠭ ᠶᠡᠭᠡ ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠬᠦᠴᠦᠨ᠂ ᠣᠶᠤᠨ ᠰᠠᠨᠠᠭᠠᠨ ᠤ ᠨᠢᠭᠲᠠᠷᠠᠯ ᠤᠨ ᠬᠦᠴᠦᠨ᠂ | ᠥᠷᠲᠡᠭ ᠤᠨ ᠤᠷᠢᠶᠠᠯᠠᠬᠤ ᠬᠦᠴᠦᠨ᠂ ᠳᠡᠯᠡᠬᠡᠢ ᠳ᠋ᠠᠬᠢᠨ ᠳᠤ ᠨᠥᠯᠥᠭᠡᠯᠡᠬᠦ ᠬᠦᠴᠦᠨ ᠲᠠᠢ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠰᠣᠶᠣᠯ ᠢ ᠲᠠᠰᠤᠷᠠᠯᠲᠠ ᠦᠭᠡᠢ ᠬᠥᠭᠵᠢᠭᠦᠯᠵᠦ᠂ ᠠᠷᠠᠳ ᠲᠦᠮᠡᠨ ᠤ ᠣᠶᠤᠨ ᠰᠠᠨᠠᠭᠠᠨ ᠤ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠣᠶᠣᠯ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠵᠣᠬᠢᠶᠠᠯ ᠳᠤ 5 ᠲᠠᠯ᠎ᠠ ᠪᠠᠷ ᠰᠣᠶᠣᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠲᠤᠬᠠᠢ ᠪᠠᠶᠢᠷᠢᠯᠠᠭᠤᠯᠤᠯᠲᠠ ᠬᠢᠵᠡᠢ᠃ | ᠨᠢᠭᠡᠳᠦᠭᠡᠷ ᠲᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠣᠶᠣᠯ ᠤᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ | ᠬᠡᠷᠡᠭᠲᠡᠢ᠃ ᠡᠨᠡ ᠬᠦ ᠵᠠᠮ ᠤᠨ ᠬᠠᠮᠤᠭ ᠤᠨ ᠮᠥᠨ ᠴᠢᠨᠠᠷ ᠤᠨ ᠣᠨᠴᠠᠯᠢᠭ ᠪᠣᠯ ᠳᠠᠷᠤᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠠᠪᠤᠳᠠᠯ ᠪᠣᠯᠣᠨ᠎ᠠ᠃ ᠡᠷᠬᠡᠪᠰᠢ | ᠨᠠᠮ ᠠᠴᠠ ᠤᠬᠠᠭᠤᠯᠭ᠎ᠠ ᠶᠢ ᠬᠠᠮᠢᠶᠠᠷᠬᠤ᠂ ᠨᠠᠮ ᠠᠴᠠ ᠦᠵᠡᠯ ᠤᠬᠠᠮᠰᠠᠷ ᠤᠨ ᠭᠡᠯᠪᠡᠷᠢ ᠶᠢ ᠬᠠᠮᠢᠶᠠᠷᠬᠤ᠂ ᠨᠠᠮ ᠠᠴᠠ ᠵᠠᠭᠤᠴᠢᠯᠠᠭᠤᠷ ᠢ ᠬᠠᠮᠢᠶᠠᠷᠬᠤ᠂ ᠨᠠᠮ ᠠᠴᠠ | ᠢᠨᠲ᠋ᠧᠷ ᠰᠦᠯᠵᠢᠶ᠎ᠡ ᠶᠢ ᠬᠠᠮᠢᠶᠠᠷᠬᠤ ᠵᠠᠷᠴᠢᠮ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠮᠡᠳᠡᠭᠡ ᠵᠠᠩᠭᠢᠵᠢᠯᠲᠠ ᠶᠢᠨ ᠨᠥᠬᠦᠴᠡᠯ ᠳᠣᠣᠷᠠᠬᠢ ᠰᠣᠶᠣᠯ ᠤᠨ ᠬᠦᠷᠢᠶᠡᠨ ᠤ | ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠦᠵᠡᠯ ᠰᠠᠨᠠᠭ᠎ᠠ᠂ ᠤᠶᠤᠨ ᠰᠠᠨᠠᠭ᠎ᠠ᠂ ᠰᠣᠶᠣᠯ ᠤᠨ ᠲᠠᠯ᠎ᠠ ᠳᠡᠭᠡᠷᠡᠬᠢ ᠨᠠᠮ ᠤᠨ ᠲᠦᠷᠦ ᠪᠠᠷᠢᠬᠤ ᠰᠠᠭᠤᠷᠢ ᠪᠣᠯᠣᠨ | ᠤᠯᠠᠨ ᠲᠦᠮᠡᠨᠴᠢ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠮᠠᠷᠺᠰ ᠤᠨ ᠦᠵᠡᠯ ᠤᠨ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠠᠬᠢ ᠵᠢᠯᠤᠭᠤᠳᠬᠤ ᠪᠠᠶᠢᠷᠢ | ᠰᠠᠭᠤᠷᠢ ᠶᠢᠨ ᠦᠨᠳᠦᠰᠦᠨ ᠪᠠᠶᠢᠭᠤᠯᠤᠯ ᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠣᠶᠣᠯ ᠤᠨ | ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠣᠳᠣᠬᠢᠴᠢᠯᠠᠯᠲᠠ ᠳᠤ ᠬᠠᠨᠳᠤᠭᠤᠯᠤᠭᠰᠠᠨ᠂ ᠳᠡᠯᠡᠬᠡᠢ ᠳᠤ ᠬᠠᠨᠳᠤᠭᠤᠯᠤᠭᠰᠠᠨ᠂ ᠢᠷᠡᠭᠡᠳᠦᠢ ᠳᠤ | ᠬᠠᠨᠳᠤᠭᠤᠯᠤᠭᠰᠠᠨ᠂ ᠦᠨᠳᠦᠰᠦᠲᠡᠨ ᠤ ᠪᠥᠭᠡᠳ ᠰᠢᠨᠵᠢᠯᠡᠬᠦ ᠤᠬᠠᠭᠠᠨᠴᠢ ᠤᠯᠠᠨ ᠲᠦᠮᠡᠨᠴᠢ ᠨᠡᠶᠢᠭᠡᠮ ᠵᠢᠷᠤᠮ ᠤᠨ ᠰᠣᠶᠣᠯ ᠢ ᠬᠥᠭᠵᠢᠭᠦᠯᠬᠦ ᠬᠡᠷᠡᠭᠲᠡᠢ᠃ | ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠲᠠᠢ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠭᠡᠯᠪᠡᠷᠢ ᠶᠢ ᠪᠠᠶᠢᠭᠤᠯᠬᠤ ᠲᠠᠢ | ᠨᠢᠭᠲᠠ ᠤᠶᠠᠯᠳᠤᠭᠤᠯᠤᠨ ᠨᠡᠶᠢᠭᠡᠮ ᠵᠢᠷᠤᠮ ᠤᠨ ᠭᠤᠣᠯᠯᠠᠭᠴᠢ ᠦᠷᠲᠡᠭ ᠤᠨ ᠦᠵᠡᠯᠲᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ | ᠵᠣᠷᠢᠭ ᠰᠠᠨᠠᠭ᠎ᠠ᠂ ᠳᠤᠮᠳᠠᠳᠤ ᠤᠯᠤᠰ ᠤᠨ ᠦᠷᠲᠡᠭ᠂ ᠳᠤᠮᠳᠠᠳᠤ ᠤᠯᠤᠰ ᠤᠨ ᠬᠦᠴᠦᠨ ᠢ ᠲᠠᠰᠤᠷᠠᠯᠲᠠ ᠦᠭᠡᠢ ᠪᠠᠶᠢᠭᠤᠯᠵᠤ᠂ ᠭᠤᠣᠯ ᠦᠷᠲᠡᠭ᠂ ᠭᠤᠣᠯ ᠶᠠᠷᠢᠶ᠎ᠠ | ᠬᠡᠯᠡᠯᠴᠡᠭᠡ᠂ ᠭᠤᠣᠯ ᠰᠣᠶᠣᠯ ᠢ ᠬᠥᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠢ᠃ | ᠬᠤᠶᠠᠳᠤᠭᠠᠷ ᠲᠤ᠂ ᠪᠦᠭᠦ ᠦᠨᠳᠦᠰᠦᠲᠡᠨ ᠤ ᠰᠣᠶᠣᠯ ᠤᠨ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠦᠴᠦᠯᠡᠨ ᠬᠥᠭᠵᠢᠭᠡᠬᠦ | ᠬᠡᠷᠡᠭᠲᠡᠢ᠃ ᠰᠣᠶᠣᠯ ᠤᠨ ᠠᠮᠢᠵᠢᠷᠠᠯ ᠤᠨ ᠬᠦᠴᠦᠨ ᠨᠢ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠳᠤ ᠪᠤᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ | ᠲᠠᠯᠪᠢᠬᠤ᠂ ᠨᠡᠶᠢᠭᠡᠮ ᠤᠨ ᠦᠷ᠎ᠡ ᠠᠰᠢᠭ ᠪᠣᠯᠣᠨ ᠠᠵᠤ ᠠᠬᠤᠢ ᠶᠢᠨ ᠦᠷ᠎ᠡ ᠠᠰᠢᠭ ᠢ ᠨᠢᠭᠡᠳᠬᠡᠬᠦ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠡᠭᠦᠳᠦᠨ ᠪᠦᠲᠦᠭᠡᠬᠦ | ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠰᠣᠶᠣᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠭᠤᠣᠯ ᠭᠤᠭᠴᠤᠭ᠎ᠠ ᠪᠤᠯᠭᠠᠵᠤ᠂ | ᠰᠣᠶᠣᠯ ᠤᠨ ᠬᠠᠮᠢᠶᠠᠷᠤᠯᠲᠠ ᠶᠢᠨ ᠪᠠᠶᠢᠭᠤᠯᠤᠯ ᠪᠣᠯᠣᠨ ᠦᠢᠯᠡᠳᠪᠦᠷᠢᠯᠡᠯ ᠡᠵᠡᠩᠨᠡᠯᠲᠡ ᠶᠢᠨ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠢ᠃ ᠤᠳᠬ᠎ᠠ | ᠤᠷᠠᠯᠢᠭ ᠤᠨ ᠵᠣᠬᠢᠶᠠᠨ ᠪᠦᠲᠦᠭᠡᠯᠭᠡ ᠶᠢᠨ ᠦᠢᠯᠡᠳᠪᠦᠷᠢᠯᠡᠯ ᠤᠨ ᠦᠢᠯᠡᠴᠢᠯᠡᠭᠡ᠂ ᠬᠥᠲᠥᠯᠥᠨ ᠵᠢᠯᠤᠭᠤᠳᠬᠤ᠂ ᠵᠣᠬᠢᠶᠠᠨ ᠪᠠᠶᠢᠭᠤᠯᠬᠤ ᠠᠵᠢᠯ ᠤᠨ ᠲᠣᠭᠲᠠᠴᠠ ᠶᠢ | ᠰᠠᠶᠢᠵᠢᠷᠠᠭᠤᠯᠵᠤ᠂ ᠬᠥᠮᠥᠰ ᠤᠨ ᠰᠡᠳᠬᠢᠯ ᠳᠤ ᠬᠠᠳᠠᠩᠰᠢᠭᠰᠠᠨ ᠨᠢᠭᠡ ᠪᠦᠯᠦᠭ ᠴᠠᠭ ᠦᠶ᠎ᠡ ᠶᠢᠨ ᠰᠣᠩᠭᠤᠳᠠᠭ ᠪᠦᠲᠦᠭᠡᠯ ᠢ ᠵᠣᠬᠢᠶᠠᠨ ᠪᠦᠲᠦᠭᠡᠬᠦ ᠬᠡᠷᠡᠭᠲᠡᠢ᠃ | ᠰᠠᠶᠢᠨ ᠰᠠᠶᠢᠬᠠᠨ ᠰᠣᠶᠣᠯ ᠤᠨ ᠠᠮᠢ ᠠᠬᠤᠢ ᠶᠢ ᠢᠳᠡᠪᠬᠢᠲᠡᠢ ᠪᠤᠢ ᠪᠤᠯᠭᠠᠵᠤ᠂ ᠰᠣᠶᠣᠯ ᠤᠨ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠤ | ᠦᠷᠭᠦᠯᠵᠢᠯᠡᠨ ᠪᠠᠳᠠᠷᠠᠬᠤ ᠶᠢ ᠠᠬᠢᠭᠤᠯᠬᠤ ᠬᠡᠷᠡᠭᠲᠡᠢ᠃ ᠰᠣᠶᠣᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠰᠤᠯᠴᠠᠯ ᠤᠨ ᠪᠦᠲᠦᠮᠵᠢᠲᠡᠶ ᠲᠣᠭᠲᠠᠴᠠ ᠶᠢ | ᠰᠦᠪᠡᠭᠴᠢᠯᠡᠵᠦ᠂ ᠰᠣᠶᠣᠯ ᠤᠨ ᠪᠠᠶᠢᠭᠤᠯᠤᠯᠲᠠ ᠳᠤ ᠲᠣᠭᠠᠴᠢᠯᠠᠯᠲᠠ ᠪᠠᠷ ᠬᠦᠴᠦᠨ ᠣᠯᠭᠤᠬᠤ᠂ ᠮᠡᠳᠡᠭᠡ ᠵᠠᠩᠭᠢᠵᠢᠯᠲᠠ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ | ᠪᠡᠶᠡᠯᠡᠭᠦᠯᠬᠦ ᠬᠡᠷᠡᠭᠲᠡᠢ᠃ | ᠭᠤᠷᠪᠠᠳᠤᠭᠠᠷ ᠲᠤ᠂ ᠰᠣᠶᠣᠯ ᠤᠨ ᠪᠠᠶᠢᠭᠤᠯᠤᠯᠲᠠ ᠶᠢ ᠠᠷᠠᠳ ᠲᠦᠮᠡᠨ ᠤ ᠲᠠᠯ᠎ᠠ ᠠᠴᠠ ᠪᠣᠳᠣᠯᠬᠢᠯᠠᠬᠤ᠂ ᠲᠤᠰᠤᠯᠲᠠ ᠨᠢ ᠠᠷᠠᠳ ᠲᠦᠮᠡᠨ ᠤ ᠳᠡᠭᠡᠷ᠎ᠡ | ᠪᠠᠶᠢᠬᠤ ᠶᠢ ᠢᠮᠠᠭᠲᠠ ᠪᠠᠷᠢᠮᠲᠠᠯᠠᠬᠤ ᠬᠡᠷᠡᠭᠲᠡᠢ᠃ ᠰᠣᠶᠣᠯ ᠤᠨ ᠬᠦᠴᠦᠷᠬᠡᠭ ᠤᠯᠤᠰ ᠤᠨ ︽ᠬᠦᠴᠦᠷᠬᠡᠭ︾ ᠨᠢ ᠡᠴᠦᠰ ᠲᠡᠭᠡᠨ ᠠᠷᠠᠳ ᠲᠦᠮᠡᠨ ᠤ ᠦᠵᠡᠯ | ᠰᠠᠨᠠᠭᠠᠨ ᠤ ᠲᠦᠪᠰᠢᠨ᠂ ᠤᠶᠤᠨ ᠰᠠᠨᠠᠭᠠᠨ ᠤ ᠪᠠᠶᠢᠳᠠᠯ᠂ ᠰᠣᠶᠣᠯ ᠤᠨ ᠪᠣᠯᠪᠠᠰᠤᠷᠠᠯ ᠳᠡᠭᠡᠷ᠎ᠡ ᠢᠯᠡᠷᠡᠬᠦ ᠶᠤᠮ᠃ ᠰᠣᠶᠣᠯ ᠤᠨ ᠦᠢᠯᠡᠴᠢᠯᠡᠭᠡ ᠪᠠ ᠰᠣᠶᠣᠯ ᠤᠨ | ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠤᠯᠠᠨ ᠤ ᠰᠣᠶᠣᠯ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠢ | ᠨᠡᠮᠡᠭᠳᠡᠭᠦᠯᠬᠦ ᠬᠡᠷᠡᠭᠲᠡᠢ᠃ ᠰᠣᠶᠣᠯ ᠤᠨ ᠰᠡᠳᠬᠢᠯ ᠰᠠᠨᠠᠭ᠎ᠠ ᠵᠣᠷᠢᠭ ᠢ ᠤᠷᠮᠠᠰᠢᠭᠤᠯᠬᠤ᠂ ᠵᠠᠩ ᠠᠷᠠᠨᠰᠢᠨ ᠢ ᠪᠣᠶᠢᠵᠢᠭᠤᠯᠬᠤ ᠦᠢᠯᠡᠳᠦᠯ ᠢ ᠪᠠᠳᠠᠷᠠᠭᠤᠯᠬᠤ ᠶᠢ | ᠴᠢᠬᠤᠯᠠᠴᠢᠯᠠᠵᠤ᠂ ᠪᠦᠭᠦ ᠦᠨᠳᠦᠰᠦᠲᠡᠨ ᠤ ᠴᠤᠭ ᠵᠣᠷᠢᠭ ᠪᠠᠳᠠᠷᠠᠩᠭᠤᠢ ᠡᠷᠡᠮᠡᠬᠡᠶᠢᠯᠡᠨ ᠲᠠᠪᠰᠢᠬᠤ ᠴᠤᠭ ᠵᠢᠪᠬᠤᠭ᠎ᠠ ᠶᠢ ᠪᠤᠯᠪᠠᠰᠤᠷᠠᠭᠤᠯᠬᠤ ᠬᠡᠷᠡᠭᠲᠡᠢ᠃ | ᠴᠢᠳᠠᠪᠤᠷᠢᠲᠠᠨ ᠢ ᠬᠥᠮᠥᠵᠢᠭᠦᠯᠬᠦ᠂ ᠡᠩᠨᠡᠭᠡ ᠶᠢ ᠪᠠᠶᠢᠭᠤᠯᠬᠤ ᠶᠢ ᠴᠢᠬᠤᠯᠠ ᠪᠥᠭᠡᠳ ᠪᠠᠴᠢᠮ ᠲᠤᠯᠭᠠᠮ ᠪᠠᠶᠢᠯᠳᠤᠬᠤ ᠪᠣᠳᠣᠯᠭ᠎ᠠ ᠶᠢᠨ ᠡᠭᠦᠷᠭᠡ ᠪᠤᠯᠭᠠᠵᠤ᠂ | ᠬᠡᠪᠴᠢᠶ᠎ᠡ ᠪᠠᠷ ᠠᠤᠭ᠎ᠠ ᠶᠡᠭᠡ᠂ ᠪᠦᠲᠦᠴᠡ ᠨᠢ ᠵᠦᠢ ᠵᠣᠬᠢᠰᠲᠠᠢ᠂ ᠡᠷᠡᠰ ᠰᠢᠭᠤᠷᠬᠠᠢ ᠪᠠᠷ ᠰᠢᠨ᠎ᠡ ᠶᠢ ᠡᠭᠦᠳᠬᠦ ᠥᠨᠳᠥᠷ ᠲᠦᠪᠰᠢᠨ ᠪᠦᠬᠦᠢ ᠰᠣᠶᠣᠯ ᠤᠨ | ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ ᠬᠡᠷᠡᠭᠲᠡᠢ᠃ | ᠳᠥᠷᠪᠡᠳᠦᠭᠡᠷ ᠲᠤ᠂ ᠪᠦᠲᠦᠭᠡᠯᠴᠢ ᠴᠢᠨᠠᠷᠲᠠᠢ ᠪᠠᠷ ᠣᠨᠳᠣᠣᠰᠢᠭᠤᠯᠬᠤ ᠪᠠ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠳᠤᠮᠳᠠ ᠳᠤᠮᠳᠠᠳᠤ ᠶᠢᠨ | ᠰᠣᠶᠣᠯ ᠤᠨ ᠤᠳᠤᠮᠰᠢᠯ ᠢ ᠵᠠᠯᠭᠠᠮᠵᠢᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠭᠤᠣᠯ ᠴᠣᠭᠴᠠᠲᠤ ᠴᠢᠨᠠᠷ ᠢ ᠥᠨᠳᠥᠷ ᠮᠠᠨᠳᠤᠭᠤᠯᠵᠤ᠂ | ᠤᠯᠠᠷᠢᠯ ᠬᠤᠪᠢᠰᠤᠯᠲᠠ ᠶᠢ ᠲᠤᠭᠤᠯᠤᠬᠰᠠᠨ ᠳᠤᠮᠳᠠᠳᠤ ᠶᠢᠨ ᠪᠣᠯᠪᠠᠰᠤᠨ ᠤ ᠦᠨᠡᠲᠦ ᠡᠷᠳᠡᠨᠢ ᠶᠢ ᠰᠠᠶᠢᠲᠤᠷ ᠬᠠᠮᠠᠭᠠᠯᠠᠵᠤ᠂ ᠰᠠᠶᠢᠲᠤᠷ ᠪᠠᠳᠠᠷᠠᠭᠤᠯᠵᠤ᠂ ᠰᠠᠶᠢᠲᠤᠷ | ᠬᠥᠭᠵᠢᠭᠦᠯᠬᠦ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠲᠡᠦᠬᠡᠲᠦ ᠬᠠᠷᠢᠭᠤᠴᠠᠯᠭ᠎ᠠ ᠪᠠ ᠲᠠᠷᠬᠠᠨ ᠡᠭᠦᠷᠭᠡ ᠮᠥᠨ᠃ ᠡᠷᠲᠡᠨ ᠤ ᠬᠢ ᠶᠢ | ᠡᠳᠦᠭᠡ ᠳᠤ ᠦᠢᠯᠡᠴᠢᠯᠡᠭᠦᠯᠬᠦ᠂ ᠬᠠᠭᠤᠴᠢᠨ ᠢ ᠥᠭᠡᠷᠡᠴᠢᠯᠡᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠪᠦᠲᠦᠭᠡᠯᠴᠢ ᠴᠢᠨᠠᠷᠲᠠᠢ ᠪᠠᠷ ᠣᠨᠳᠣᠣᠰᠢᠭᠤᠯᠬᠤ᠂ ᠰᠢᠨ᠎ᠡ ᠶᠢ | ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠶᠤᠨ ᠰᠠᠨᠠᠭᠠᠨ ᠤ ᠠᠭᠤᠯᠬᠤᠨ ᠢ ᠭᠦᠨᠵᠡᠭᠡᠢ | ᠠᠭᠤᠳᠠᠯᠤᠨ ᠲᠠᠶᠢᠯᠪᠤᠷᠢᠯᠠᠵᠤ᠂ ᠮᠠᠷᠺᠰ ᠤᠨ ᠦᠵᠡᠯ ᠢᠶᠠᠷ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠰᠢᠯᠢᠳᠡᠭ ᠡᠯᠧᠮᠧᠨ᠋ᠲ ᠢ ᠬᠥᠭᠵᠢᠭᠡᠬᠦ ᠶᠢᠨ ᠬᠠᠮᠲᠤ | ᠲᠡᠭᠦᠨ ᠳᠤ ᠴᠠᠭ ᠦᠶ᠎ᠡ ᠶᠢᠨ ᠰᠢᠨ᠎ᠡ ᠠᠭᠤᠯᠬᠤᠨ ᠣᠯᠭᠤᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠰᠣᠶᠣᠯ ᠢ ᠬᠥᠭᠵᠢᠭᠦᠯᠬᠦ ᠬᠡᠷᠡᠭᠲᠡᠢ᠃ ᠲᠡᠦᠬᠡ ᠶᠢ ᠪᠢᠰᠢᠷᠡᠨ ᠵᠢᠷᠦᠬᠡᠰᠢᠶᠡᠬᠦ᠂ ᠰᠣᠶᠣᠯ ᠢ ᠬᠠᠶᠢᠷᠠᠯᠠᠬᠤ ᠰᠡᠳᠬᠢᠯ ᠢ ᠪᠠᠷᠢᠮᠲᠠᠯᠠᠵᠤ᠂ ᠬᠠᠮᠠᠭᠠᠯᠠᠬᠤ ᠶᠢ ᠲᠡᠷᠢᠭᠦᠨ ᠳᠤ | ᠲᠠᠯᠪᠢᠬᠤ᠂ ᠵᠦᠢ ᠵᠣᠬᠢᠰᠲᠠᠢ ᠠᠰᠢᠭᠯᠠᠬᠤ ᠪᠠ ᠬᠠᠮᠤᠭ ᠤᠨ ᠪᠠᠭ᠎ᠠ ᠬᠡᠮᠵᠢᠶ᠎ᠡ ᠪᠠᠷ ᠭᠠᠷ ᠲᠦᠷᠦᠭᠦ ᠵᠠᠷᠴᠢᠮ ᠢ ᠪᠠᠷᠢᠮᠲᠠᠯᠠᠵᠤ᠂ ᠰᠣᠶᠣᠯ ᠤᠨ ᠥᠪ ᠤᠨ ᠰᠢᠰᠲ᠋ᠧᠮᠲᠦ | ᠴᠢᠨᠠᠷᠲᠠᠢ ᠬᠠᠮᠠᠭᠠᠯᠠᠯᠲᠠ ᠪᠠ ᠨᠢᠭᠡᠳᠦᠯᠲᠡᠢ ᠬᠢᠨᠠᠯᠲᠠ ᠬᠠᠮᠢᠶᠠᠷᠤᠯᠲᠠ ᠶᠢ ᠠᠬᠢᠭᠤᠯᠬᠤ ᠬᠡᠷᠡᠭᠲᠡᠢ᠃ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ | ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ | ᠲᠠᠪᠤᠳᠤᠭᠠᠷ ᠲᠤ᠂ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠪᠠ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ ᠲᠠᠰᠤᠷᠠᠯᠳᠠ ᠦᠭᠡᠢ | ᠳᠡᠭᠡᠭᠰᠢᠯᠡᠭᠦᠯᠭᠦ ᠬᠡᠷᠡᠭᠲᠡᠢ᠃ ᠣᠳᠣᠬᠠᠨ ᠳᠤ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠤᠯᠤᠰ ᠤᠨ | ᠰᠣᠶᠣᠯ ᠤᠨ ᠨᠥᠯᠥᠭᠡᠯᠡᠬᠦ ᠬᠦᠴᠦᠨ ᠤ ᠥᠷᠢᠰᠦᠯᠳᠦᠭᠡᠨ ᠴᠦ ᠡᠳᠦᠷ ᠢᠷᠡᠬᠦᠶ᠎ᠡ ᠰᠢᠷᠦᠭᠦᠰᠴᠦ ᠪᠠᠶᠢᠨ᠎ᠠ᠃ ᠬᠠᠷᠢᠭᠤᠴᠠᠯᠭ᠎ᠠ ᠲᠠᠢ ᠲᠣᠮᠣ ᠤᠯᠤᠰ ᠪᠣᠯᠤᠭᠰᠠᠨ ᠤ | ᠬᠤᠪᠢ ᠳᠤ ᠪᠢᠳᠡ ᠡᠷᠬᠡᠪᠰᠢ ᠳᠤᠮᠳᠠᠳᠤ ᠤᠯᠤᠰ ᠤᠨ ᠵᠣᠷᠢᠯᠲᠠ ᠶᠢ ᠨᠡᠩ ᠰᠠᠨᠠᠭᠠᠴᠢᠯᠠᠭ᠎ᠠ ᠠᠴᠠ ᠪᠠᠨ ᠤᠬᠠᠭᠤᠯᠤᠨ ᠲᠠᠨᠢᠯᠴᠠᠭᠤᠯᠵᠤ᠂ ᠳᠤᠮᠳᠠᠳᠤ ᠶᠢᠨ ᠰᠣᠶᠣᠯ ᠢ | ᠳᠠᠮᠵᠢᠭᠤᠯᠵᠤ᠂ ᠳᠤᠮᠳᠠᠳᠤ ᠤᠯᠤᠰ ᠤᠨ ᠳᠦᠷᠢ ᠲᠥᠷᠬᠦ ᠶᠢ ᠢᠯᠡᠷᠡᠭᠦᠯᠬᠦ ᠬᠡᠷᠡᠭᠲᠡᠢ᠃ ᠤᠯᠠᠨ ᠤᠯᠤᠰ ᠤᠨ ᠳᠠᠮᠵᠢᠭᠤᠯᠭ᠎ᠠ ᠶᠢᠨ ᠪᠠᠶᠢᠷᠢᠰᠢᠯ ᠢ ᠲᠠᠭᠢᠨ | ᠪᠠᠶᠢᠭᠤᠯᠬᠤ ᠶᠢ ᠠᠬᠢᠭᠤᠯᠵᠤ᠂ ᠤᠯᠠᠨ ᠠᠷᠭ᠎ᠠ ᠵᠠᠮ᠂ ᠪᠣᠰᠤᠭ᠎ᠠ ᠴᠣᠭᠴᠠᠲᠤ ᠮᠠᠶ᠋ᠢᠭ ᠤᠨ ᠭᠠᠳᠠᠭᠠᠳᠤ ᠳᠠᠮᠵᠢᠭᠤᠯᠭ᠎ᠠ ᠶᠢᠨ ᠪᠠᠶᠢᠷᠢᠰᠢᠯ ᠢ ᠪᠠᠶᠢᠭᠤᠯᠬᠤ ᠬᠡᠷᠡᠭᠲᠡᠢ᠃ | ᠰᠣᠶᠣᠯ ᠢᠶᠠᠷ ᠳᠡᠯᠡᠬᠡᠢ ᠳ᠋ᠠᠬᠢᠨ ᠲᠠᠢ ᠶᠠᠷᠢᠯᠴᠠᠭ᠎ᠠ ᠬᠢᠬᠦ ᠣᠶᠢᠯᠠᠭᠠᠭᠳᠠᠬᠤᠨ ᠢ ᠴᠢᠩᠭᠠᠳᠬᠠᠵᠤ᠂ ᠤᠯᠠᠨ ᠶᠠᠩᠵᠤ ᠭᠡᠯᠪᠡᠷᠢ ᠶᠢᠨ ᠤᠯᠠᠨ ᠤᠯᠤᠰ ᠤᠨ ᠰᠣᠶᠣᠯ | ᠢᠷᠭᠡᠨᠰᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠢ᠃ ᠬᠥᠮᠥᠨ ᠲᠥᠷᠥᠯᠬᠢᠲᠡᠨ ᠤ ᠠᠯᠢᠪᠠ ᠰᠢᠯᠢᠳᠡᠭ ᠪᠣᠯᠪᠠᠰᠤᠨ ᠤ ᠦᠷ᠎ᠡ | ᠪᠦᠲᠦᠭᠡᠯ ᠢ ᠨᠡᠩ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠰᠤᠷᠤᠯᠴᠠᠨ ᠲᠣᠯᠢ ᠪᠤᠯᠭᠠᠵᠤ᠂ ᠡᠷᠲᠡᠨ ᠡᠳᠦᠭᠡᠬᠢ ᠶᠢ ᠠᠭᠤᠰᠬᠠᠬᠤ᠂ ᠳᠤᠮᠳᠠᠳᠤ ᠭᠠᠳᠠᠭᠠᠳᠤ ᠶᠢ | ᠨᠡᠪᠲᠡᠷᠡᠭᠦᠯᠬᠦ ᠨᠢᠭᠡ ᠪᠦᠯᠦᠭ ᠰᠣᠶᠣᠯ ᠤᠨ ᠦᠷ᠎ᠡ ᠪᠦᠲᠦᠭᠡᠯ ᠢ ᠡᠭᠦᠳᠦᠨ ᠪᠦᠲᠦᠭᠡᠬᠦ ᠬᠡᠷᠡᠭᠲᠡᠢ᠃ | ᠵᠣᠬᠢᠶᠠᠯ ᠳᠤ᠂ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠪᠦᠭᠦ ᠨᠠᠮ ᠪᠦᠭᠦ ᠨᠡᠶᠢᠭᠡᠮ ᠤᠨ ᠬᠠᠮᠲᠤ ᠶᠢᠨ ᠡᠭᠦᠷᠭᠡ ᠮᠥᠨ᠃ ᠨᠠᠮ ᠤᠨ | ᠲᠥᠪ ᠬᠤᠷᠢᠶ᠎ᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ | ᠰᠣᠶᠣᠯ ᠤᠨ ᠪᠠᠶᠢᠭᠤᠯᠤᠯᠲᠠ ᠶᠢ ᠤᠳᠤᠷᠢᠳᠤᠨ ᠬᠠᠮᠢᠶᠠᠷᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠠ | ᠵᠠᠰᠠᠭ ᠤᠨ ᠣᠷᠳᠣᠨ ᠰᠣᠶᠣᠯ ᠤᠨ ᠪᠠᠶᠢᠭᠤᠯᠤᠯᠲᠠ ᠶᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠦᠨᠡᠨ ᠬᠦ ᠴᠢᠩᠭᠠᠳᠬᠠᠨ᠂ | ᠰᠣᠶᠣᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | |