ᠰᠢᠨᠬᠤᠸᠠ ᠬᠤᠷᠢᠶ᠎ᠠ ᠶᠢᠨ ᠺᠤᠸᠠᠯᠠ ᠯᠦᠮᠫᠦ᠋ᠷ ᠤᠨ 4 ᠰᠠᠷ᠎ᠠ ᠶᠢᠨ 15 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 4 ᠰᠠᠷ᠎ᠠ ᠶᠢᠨ 15 ᠤ | ᠣᠷᠣᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ ᠺᠤᠸᠠᠯᠠ ᠯᠦᠮᠫᠦ᠋ᠷ ᠲᠤ ᠬᠦᠷᠴᠦ ᠂ ᠮᠠᠯᠠᠶᠢᠰᠢᠶ᠎ᠠ ᠶᠢᠨ ᠬᠠᠮᠤᠭ ᠤᠨ ᠳᠡᠭᠡᠳᠦ ᠲᠡᠷᠢᠭᠦᠨ | ᠢᠪᠦ᠋ᠯᠠᠰᠢᠨ ᠤ ᠤᠷᠢᠯᠭ᠎ᠠ ᠪᠠᠷ ᠮᠠᠯᠠᠶᠢᠰᠢᠶ᠎ᠠ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠡᠬᠢᠯᠡᠪᠡ ᠃ | | | | | | | ᠲᠤᠰᠬᠠᠢ ᠨᠢᠰᠬᠡᠯ ᠺᠦᠸᠠᠯᠠ ᠯᠦᠮᠫᠦ᠋ᠷ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠦᠷᠬᠦ ᠳᠤ ᠮᠠᠯᠠᠶᠢᠰᠢᠶ᠎ᠠ ᠶᠢᠨ ᠶᠡᠷᠦᠩᠬᠡᠢ ᠰᠠᠶᠢᠳ ᠠᠨᠸᠠᠷ ᠂ | ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠮᠦᠬᠠᠨᠮᠦ᠋ᠳ᠋ ᠂ ᠪᠠᠷ᠎ᠠ ᠪᠤᠯᠬᠤ ᠶᠠᠮᠤᠨ ᠤ ᠰᠠᠶᠢᠳ ᠂ ᠵᠠᠮ ᠬᠠᠷᠢᠯᠴᠠᠭᠠᠨ ᠤ ᠶᠠᠮᠤᠨ ᠤ ᠰᠠᠶᠢᠳ ᠯᠦ ᠵᠤᠤ ᠹᠦ᠋ ᠵᠡᠷᠭᠡ | ᠳᠡᠭᠡᠳᠦ ᠲᠡᠰ ᠤᠨ ᠠᠯᠪᠠᠨ ᠲᠤᠰᠢᠶᠠᠯᠲᠠᠨ ᠬᠠᠯᠠᠭᠤᠨ ᠢᠶᠠᠷ ᠤᠭᠲᠤᠪᠠ ᠃ ᠮᠠᠯᠠᠶᠢᠰᠢᠶ᠎ᠠ ᠶᠢᠨ ᠬᠡᠦᠬᠡᠳ ᠰᠢ ᠶᠢᠨ ᠫᠢᠩ ᠳᠤ ᠰᠣᠷᠭᠤᠭ ᠴᠡᠴᠡᠭ ᠬᠦᠷᠭᠡᠵᠦ ᠂ | ᠮᠠᠯᠠᠶᠢᠰᠢᠶ᠎ᠠ ᠶᠢᠨ ᠵᠠᠯᠠᠭᠤᠴᠤᠳ ᠪᠠᠭᠠᠴᠤᠳ ᠲᠤᠬᠠᠢ ᠶᠢᠨ ᠭᠠᠵᠠᠷ ᠤᠨ ᠣᠨᠴᠠᠯᠢᠭ ᠪᠦᠬᠦᠢ ᠪᠥᠵᠢᠭ ᠢ ᠪᠥᠵᠢᠭᠯᠡᠵᠦ ᠂ ᠳᠤᠮᠳᠠᠳᠤ ᠮᠠᠯᠠᠶᠢᠰᠢᠶ᠎ᠠ ᠬᠤᠶᠠᠷ ᠤᠯᠤᠰ ᠤᠨ | ᠤᠯᠤᠰ ᠤᠨ ᠲᠤᠭ ᠢ ᠬᠤᠷᠤᠶᠢᠯᠠᠵᠤ ᠂ ᠰᠢ ᠶᠢᠨ ᠫᠢᠩ ᠤᠨ ᠠᠶᠢᠯᠴᠢᠯᠠᠷ᠎ᠠ ᠢᠷᠡᠭᠰᠡᠨ ᠢ ᠬᠠᠯᠠᠭᠤᠨ ᠢᠶᠠᠷ ᠤᠭᠲᠤᠪᠠ ᠃ | | | | | | | ᠰᠢ ᠶᠢᠨ ᠫᠢᠩ ᠪᠢᠴᠢᠭ ᠤᠨ ᠭᠡᠯᠪᠡᠷᠢ ᠪᠠᠷ ᠶᠠᠷᠢᠶ᠎ᠠ ᠲᠠᠯᠪᠢᠵᠤ ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ | ᠲᠦᠮᠡᠨ ᠤ ᠡᠮᠦᠨ᠎ᠡ ᠠᠴᠠ ᠮᠠᠯᠠᠶᠢᠰᠢᠶ᠎ᠠ ᠶᠢᠨ ᠵᠠᠰᠠᠭ ᠤᠨ ᠣᠷᠳᠣᠨ ᠪᠣᠯᠣᠨ ᠮᠠᠯᠠᠶᠢᠰᠢᠶ᠎ᠠ ᠶᠢᠨ ᠠᠷᠠᠳ ᠲᠦᠮᠡᠨ ᠳᠤ ᠴᠢᠩ ᠰᠡᠳᠬᠢᠯ ᠤᠨ ᠮᠡᠨᠳᠦᠴᠢᠯᠡᠯ ᠪᠣᠯᠣᠨ ᠰᠠᠶᠢᠨ | ᠰᠠᠶᠢᠬᠠᠨ ᠵᠥᠩᠨᠡᠯ ᠳᠡᠪᠰᠢᠭᠦᠯᠵᠡᠢ ᠃ | ᠰᠢ ᠶᠢᠨ ᠫᠢᠩ᠂ ᠳᠤᠮᠳᠠᠳᠤ ᠮᠠᠯᠠᠶᠢᠰᠢᠶ᠎ᠠ ᠪᠣᠯ ᠲᠠᠯᠠᠢ ᠲᠠᠩᠭᠢᠰ ᠠᠯᠤᠰᠯᠠᠨ ᠰᠠᠭᠤᠭᠰᠠᠨ ᠨᠥᠭᠦᠷᠰᠡᠭ ᠬᠥᠷᠰᠢ ᠤᠯᠤᠰ ᠮᠥᠨ ᠂ ᠤᠯᠠᠮᠵᠢᠯᠠᠯᠲᠤ ᠨᠥᠬᠦᠷᠯᠡᠯ | ᠮᠢᠩᠭᠠᠨ ᠣᠨ ᠦᠷᠭᠦᠯᠵᠢᠯᠡᠵᠦ ᠪᠤᠢ ᠃ ᠬᠠᠷᠢᠯᠴᠠᠭ᠎ᠠ ᠪᠠᠶᠢᠭᠤᠯᠤᠭᠰᠠᠨ ᠬᠠᠭᠠᠰ ᠭᠠᠷᠤᠢ ᠵᠠᠭᠤᠨ ᠤ ᠲᠤᠷᠰᠢ ᠬᠤᠶᠠᠷ ᠤᠯᠤᠰ ᠢᠶᠠᠷ ᠢᠶᠠᠨ ᠬᠠᠷᠢᠯᠴᠠᠨ ᠬᠦᠨᠳᠦᠳᠬᠡᠬᠦ ᠂ | ᠡᠷᠬᠡ ᠲᠡᠭᠰᠢ ᠪᠠᠷ ᠬᠠᠨᠳᠤᠬᠤ ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ ᠂ ᠤᠯᠤᠰ ᠪᠣᠯᠣᠨ ᠤᠯᠤᠰ ᠤᠨ ᠬᠤᠭᠤᠷᠣᠨᠳᠣᠭᠢ | ᠬᠠᠷᠢᠯᠴᠠᠭ᠎ᠠ ᠶᠢᠨ ᠬᠡᠪ ᠳᠠᠭᠤᠷᠢᠶᠠᠯ ᠢ ᠪᠤᠢ ᠪᠣᠯᠭᠠᠪᠠ ᠃ 2023 ᠣᠨ ᠳᠤ ᠬᠤᠶᠠᠷ ᠲᠠᠯ᠎ᠠ ᠪᠠᠷ ᠢᠶᠠᠨ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠬᠠᠮᠲᠤ ᠪᠠᠷ ᠪᠠᠶᠢᠭᠤᠯᠬᠤ ᠲᠤᠬᠠᠢ ᠴᠢᠬᠤᠯᠠ ᠬᠠᠮᠲᠤ ᠶᠢᠨ ᠲᠠᠨᠢᠯᠲᠠ ᠲᠠᠢ ᠪᠣᠯᠵᠤ ᠂ ᠨᠢᠳᠤᠨᠤᠨ ᠬᠤᠶᠠᠷ ᠤᠯᠤᠰ ᠢᠶᠠᠷ ᠢᠶᠠᠨ ᠭᠠᠳᠠᠭᠠᠳᠤ ᠬᠠᠷᠢᠯᠴᠠᠭ᠎ᠠ | ᠪᠠᠶᠢᠭᠤᠯᠤᠭᠰᠠᠨ 50 ᠵᠢᠯ ᠤᠨ ᠣᠶ ᠶᠢ ᠦᠪᠡᠳᠡᠭᠰᠢ ᠶᠡᠭᠡ ᠪᠠᠷ ᠪᠡᠯᠭᠡᠯᠡᠪᠡ ᠃ ᠴᠢᠬᠤᠯᠠ ᠬᠥᠭᠵᠢᠵᠦ ᠪᠠᠶᠢᠭ᠎ᠠ ᠤᠯᠤᠰ ᠪᠣᠯᠣᠨ ᠪᠦᠭᠦ ᠪᠥᠮᠪᠥᠷᠴᠡᠭ ᠤᠨ ᠬᠥᠭᠵᠢᠵᠦ | ᠪᠠᠶᠢᠭ᠎ᠠ ᠤᠯᠤᠰ ᠤᠳ ᠤᠨ ᠪᠦᠷᠢᠯᠳᠦᠭᠦᠨ ᠪᠣᠯᠤᠭᠰᠠᠨ ᠤ ᠬᠤᠪᠢ ᠳᠤ ᠳᠤᠮᠳᠠᠳᠤ ᠮᠠᠯᠠᠶᠢᠰᠢᠶ᠎ᠠ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠨᠢ ᠬᠤᠶᠠᠷ ᠤᠯᠤᠰ ᠤᠨ ᠬᠠᠮᠲᠤ ᠶᠢᠨ ᠠᠰᠢᠭ ᠲᠤᠰᠠ ᠲᠠᠢ ᠨᠡᠶᠢᠴᠡᠵᠦ ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ | ᠡᠩᠬᠡ ᠲᠠᠶᠢᠪᠤᠩ ᠂ ᠲᠣᠭᠲᠠᠭᠤᠨ ᠂ ᠬᠥᠭᠵᠢᠯ ᠴᠡᠴᠡᠭᠯᠡᠯ ᠳᠤ ᠠᠰᠢᠭᠲᠠᠢ ᠶᠤᠮ ᠃ ᠪᠢ ᠡᠨᠡ ᠤᠳᠠᠭ᠎ᠠ ᠶᠢᠨ ᠠᠶᠢᠯᠴᠢᠯᠠᠯᠲᠠ ᠪᠠᠷ ᠠᠵᠠ ᠲᠣᠭᠢᠶᠠᠯ ᠪᠤᠯᠭᠠᠵᠤ ᠂ ᠬᠤᠶᠠᠷ | ᠤᠯᠤᠰ ᠤᠨ ᠤᠯᠠᠮᠵᠢᠯᠠᠯᠲᠤ ᠨᠥᠬᠦᠷᠯᠡᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠂ ᠬᠤᠶᠠᠷ ᠲᠠᠯ᠎ᠠ ᠶᠢᠨ ᠤᠯᠤᠰ ᠲᠦᠷᠦ ᠶᠢᠨ ᠢᠲᠡᠭᠡᠯᠴᠡᠭᠡ ᠶᠢ ᠨᠡᠮᠡᠭᠳᠡᠭᠦᠯᠵᠦ ᠂ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠲᠤᠷᠠᠯᠴᠠᠭ᠎ᠠ ᠶᠢ ᠠᠬᠢᠭᠤᠯᠵᠤ ᠂ ᠪᠣᠯᠪᠠᠰᠤᠨ ᠤ ᠰᠣᠯᠢᠯᠴᠠᠭ᠎ᠠ ᠬᠠᠷᠢᠯᠴᠠᠨ ᠲᠣᠯᠢ ᠪᠤᠯᠭᠠᠬᠤ ᠶᠢ | ᠬᠠᠮᠲᠤ ᠪᠠᠷ ᠠᠬᠢᠭᠤᠯᠵᠤ ᠂ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠠᠰᠤᠷᠠᠯᠳᠠ ᠦᠭᠡᠢ ᠰᠢᠨ᠎ᠡ | ᠳᠡᠭᠲᠡᠷ ᠲᠤ ᠭᠠᠷᠬᠤ ᠶᠢ ᠠᠬᠢᠭᠤᠯᠵᠤ ᠂ ᠳᠤᠮᠳᠠᠳᠤ ᠮᠠᠯᠠᠶᠢᠰᠢᠶ᠎ᠠ ᠶᠢᠨ ᠬᠠᠷᠢᠯᠴᠠᠭ᠎ᠠ ᠶᠢᠨ ᠰᠢᠨ᠎ᠡ ︽ ᠰᠢᠵᠢᠷ ᠠᠯᠳᠠᠨ 50 ᠵᠢᠯ ︾ ᠢ ᠡᠬᠢᠯᠡᠭᠦᠯᠬᠦ ᠶᠢ ᠬᠦᠰᠡᠵᠦ | ᠪᠠᠶᠢᠨ᠎ᠠ ᠭᠡᠵᠦ ᠵᠢᠭᠠᠵᠤ ᠭᠠᠷᠭᠠᠪᠠ ᠃ | ᠼᠠᠢ ᠴᠢ ᠂ ᠸᠠᠩ ᠢ ᠂ ᠸᠠᠩ ᠰᠢᠶᠣᠣ ᠬᠤᠩ ᠵᠡᠷᠭᠡ ᠪᠠᠷ᠎ᠠ ᠪᠣᠯᠣᠭᠰᠠᠳ ᠨᠢᠭᠡ ᠨᠢᠰᠬᠡᠯ ᠢᠶᠠᠷ ᠬᠠᠮᠲᠤ ᠭᠦᠷᠪᠡ ᠃ | ᠮᠠᠯᠠᠶᠢᠰᠢᠶ᠎ᠠ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠧᠦ ᠶᠠᠩ ᠢᠦᠢ ᠵᠢᠩ ᠪᠠᠰᠠ ᠨᠢᠰᠬᠡᠯ ᠤᠨ ᠪᠠᠭᠤᠳᠠᠯ ᠳᠤ ᠬᠦᠷᠴᠦ ᠤᠭᠲᠤᠵᠠᠢ ᠃ | ᠰᠢ ᠶᠢᠨ ᠫᠢᠩ ᠲᠡᠷᠭᠡᠨ ᠳᠤ ᠰᠠᠭᠤᠵᠤ ᠨᠢᠰᠬᠡᠯ ᠤᠨ ᠪᠠᠭᠤᠳᠠᠯ ᠠᠴᠠ ᠰᠠᠭᠠᠲᠠᠨ ᠪᠠᠭᠤᠬᠤ ᠪᠠᠭᠤᠳᠠᠯ ᠳᠠᠭᠠᠨ ᠬᠦᠷᠬᠦ ᠵᠠᠮ ᠵᠠᠭᠤᠷ᠎ᠠ ᠲᠤᠬᠠᠢ ᠶᠢᠨ ᠭᠠᠵᠠᠷ ᠤᠨ | ᠳᠤᠮᠳᠠᠳᠤ ᠶᠢᠨ ᠪᠡᠯᠡᠲᠤ ᠠᠵᠤ ᠠᠬᠤᠶᠢᠯᠠᠯ ᠤᠨ ᠬᠥᠮᠥᠰ ᠂ ᠭᠠᠳᠠᠭᠠᠳᠤ ᠳᠤ ᠰᠤᠷᠤᠯᠴᠠᠵᠦ ᠪᠠᠶᠢᠭ᠎ᠠ ᠰᠤᠷᠤᠬᠴᠢᠳ ᠵᠠᠮ ᠤᠨ ᠬᠤᠶᠠᠷ ᠬᠠᠵᠠᠭᠤ ᠳᠤ ᠳᠤᠮᠳᠠᠳᠤ | ᠮᠠᠯᠠᠶᠢᠰᠢᠶ᠎ᠠ ᠬᠤᠶᠠᠷ ᠤᠯᠤᠰ ᠤᠨ ᠤᠯᠤᠰ ᠤᠨ ᠲᠤᠭ ᠢ ᠬᠤᠷᠤᠶᠢᠯᠠᠵᠤ ᠂ ︽ ᠲᠡᠷᠢᠭᠦᠯᠡᠭᠴᠢ ᠰᠢ ᠶᠢᠨ ᠫᠢᠩ ᠤᠨ ᠮᠠᠯᠠᠶᠢᠰᠢᠶ᠎ᠠ ᠳᠤ ᠠᠶᠢᠯᠴᠢᠯᠠᠷ᠎ᠠ ᠢᠷᠡᠭᠰᠡᠨ ᠢ | ᠪᠠᠶᠠᠷᠯᠠᠨ ᠤᠭᠲᠤᠶ᠎ᠠ ︾ ᠂ ︽ ᠳᠤᠮᠳᠠᠳᠤ ᠮᠠᠯᠠᠶᠢᠰᠢᠶ᠎ᠠ ᠶᠢᠨ ᠨᠥᠬᠦᠷᠯᠡᠯ ᠮᠠᠨᠳᠤᠲᠤᠭᠠᠢ ︾ ᠵᠡᠷᠭᠡ ᠤᠯᠠᠭᠠᠨ ᠥᠩᠭᠡ ᠶᠢᠨ ᠬᠥᠨᠳᠡᠯᠡᠨ ᠪᠢᠴᠢᠭᠡᠰᠦ ᠶᠢ ᠥᠨᠳᠥᠷ ᠡᠷᠭᠦᠵᠦ ᠂ | ᠳᠤᠮᠳᠠᠳᠤ ᠶᠢᠨ ᠬᠠᠷᠢᠶᠠᠲᠤ ᠪᠠ ᠳᠤᠮᠳᠠᠳᠤᠴᠤᠳ ᠭᠦᠷ ᠬᠥᠭᠵᠢᠶᠡᠨ ᠲᠠᠢ ᠪᠠᠷ ᠠᠷᠰᠯᠠᠨ ᠲᠣᠭᠯᠠᠭᠤᠯᠤᠨ ᠪᠥᠵᠢᠭᠯᠡᠵᠦ ᠂ ᠰᠢ ᠶᠢᠨ ᠫᠢᠩ ᠤᠨ ᠠᠶᠢᠯᠴᠢᠯᠠᠷ᠎ᠠ | ᠢᠷᠡᠭᠰᠡᠨ ᠢ ᠪᠠᠶᠠᠷᠯᠠᠨ ᠤᠭᠲᠤᠪᠠ ᠃ | |