ᠰᠢᠨᠬᠤᠸᠠ ᠬᠤᠷᠢᠶ᠎ᠠ ᠶᠢᠨ ᠺᠤᠸᠠᠯᠠ ᠯᠦᠮᠫᠦ᠋ᠷ ᠤᠨ 4 ᠰᠠᠷ᠎ᠠ ᠶᠢᠨ 16 ᠤ ᠴᠠᠭᠢᠯᠭᠠᠨ ᠮᠡᠳᠡᠭᠡ 4 ᠰᠠᠷ᠎ᠠ ᠶᠢᠨ 16 ᠤ ᠦᠳᠡ ᠶᠢᠨ ᠡᠮᠦᠨ᠎ᠡ᠂ | ᠮᠠᠯᠠᠶᠢᠰᠢᠶ᠎ᠠ ᠶᠢᠨ ᠬᠠᠮᠤᠭ ᠤᠨ ᠳᠡᠭᠡᠳᠦ ᠲᠡᠷᠢᠭᠦᠨ ᠢᠪᠦ᠋ᠯᠠᠰᠢᠨ ᠮᠠᠯᠠᠶᠢᠰᠢᠶ᠎ᠠ ᠶᠢᠨ ᠤᠯᠤᠰ ᠤᠨ ᠸᠠᠩ ᠤᠨ ᠣᠷᠳᠣᠨ ᠳᠤ ᠳᠤᠮᠳᠠᠳᠤ ᠤᠯᠤᠰ ᠤᠨ ᠤᠯᠤᠰ ᠤᠨ | ᠲᠡᠷᠢᠭᠦᠯᠡᠭᠴᠢ ᠰᠢ ᠶᠢᠨ ᠫᠢᠩ ᠲᠠᠢ ᠠᠭᠤᠯᠵᠠᠪᠠ᠃ | 4 ᠰᠠᠷ᠎ᠠ ᠶᠢᠨ ᠺᠤᠸᠠᠯᠠ ᠯᠦᠮᠫᠦ᠋ᠷ ᠲᠤ ᠨᠠᠷᠠᠠ ᠳᠤᠯᠠᠶᠢᠵᠤ᠂ ᠡᠪᠡᠰᠦ ᠮᠣᠳᠣ ᠬᠥᠬᠡᠷᠡᠨ ᠨᠣᠭᠤᠭᠠᠷᠠᠨ᠎ᠠ᠃ | ᠢᠪᠦ᠋ᠯᠠᠰᠢᠨ ᠤᠯᠤᠰ ᠤᠨ ᠸᠠᠩ ᠤᠨ ᠣᠷᠳᠣᠨ ᠤ ᠠᠭᠤᠳᠠᠮ ᠲᠠᠯᠠᠪᠠᠢ ᠳᠤ ᠰᠢ ᠶᠢᠨ ᠫᠢᠩ ᠢ ᠤᠭᠲᠤᠬᠤ ᠦᠪᠡᠳᠡᠭᠰᠢ ᠶᠡᠭᠡ ᠶᠣᠰᠣᠯᠠᠯ ᠶᠠᠪᠤᠭᠤᠯᠪᠠ᠃ | ᠰᠢ ᠶᠢᠨ ᠫᠢᠩ ᠲᠡᠷᠭᠡ ᠪᠠᠷ ᠬᠦᠷᠴᠦ ᠢᠷᠡᠬᠦ ᠳᠤ ᠢᠪᠦ᠋ᠯᠠᠰᠢᠨ ᠪᠣᠯᠣᠨ ᠮᠠᠯᠠᠶᠢᠰᠢᠶ᠎ᠠ ᠶᠢᠨ ᠶᠡᠷᠦᠩᠬᠡᠢ ᠰᠠᠶᠢᠳ ᠠᠨᠸᠠᠷ ᠲᠡᠷᠭᠡᠨ ᠠᠴᠠ ᠪᠠᠭᠤᠬᠤ ᠭᠠᠵᠠᠷ ᠲᠤ | ᠬᠠᠯᠠᠭᠤᠨ ᠢᠶᠠᠷ ᠤᠭᠲᠤᠵᠤ ᠠᠪᠤᠪᠠ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ | ᠮᠠᠯᠠᠶᠢᠰᠢᠶ᠎ᠠ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠶᠣᠰᠣᠯᠠᠯ ᠤᠨ ᠫᠤᠤ ᠶᠢ 21 ᠤᠳᠠᠭ᠎ᠠ ᠳᠤᠤᠭᠠᠷᠭᠠᠪᠠ᠃ ᠰᠢ ᠶᠢᠨ ᠫᠢᠩ | ᠶᠣᠰᠣᠯᠠᠯ ᠤᠨ ᠠᠩᠭᠢ ᠶᠢ ᠰᠢᠯᠭᠠᠨ ᠦᠵᠡᠪᠡ᠃ ᠬᠤᠶᠠᠷ ᠤᠯᠤᠰ ᠤᠨ ᠲᠡᠷᠢᠭᠦᠨ ᠤᠯᠤᠰ ᠤᠨ ᠸᠠᠩ ᠤᠨ ᠣᠷᠳᠣᠨ ᠤ ᠶᠡᠭᠡ ᠲᠢᠩᠬᠢᠮ ᠳᠤ ᠣᠷᠣᠵᠤ᠂ ᠬᠤᠶᠠᠷ | ᠲᠠᠯ᠎ᠠ ᠶᠢᠨ ᠪᠡᠷ᠎ᠠ ᠪᠣᠯᠣᠭᠰᠠᠳ ᠲᠠᠢ ᠭᠠᠷ ᠠᠳᠬᠤᠨ ᠮᠡᠨᠳᠦᠴᠢᠯᠡᠪᠡ᠃ | ᠤᠭᠲᠤᠬᠤ ᠶᠣᠰᠣᠯᠠᠯ ᠤᠨ ᠲᠠᠷᠠᠭ᠎ᠠ ᠰᠢ ᠶᠢᠨ ᠫᠢᠩ ᠢᠪᠦ᠋ᠯᠠᠰᠢᠨ ᠲᠠᠢ ᠠᠭᠤᠯᠵᠠᠪᠠ᠃ | | | | | | | 4 ᠰᠠᠷ᠎ᠠ ᠶᠢᠨ 16 ᠤ ᠦᠳᠡ ᠶᠢᠨ ᠡᠮᠦᠨ᠎ᠡ᠂ ᠮᠠᠯᠠᠶᠢᠰᠢᠶ᠎ᠠ ᠶᠢᠨ ᠬᠠᠮᠤᠭ ᠤᠨ ᠳᠡᠭᠡᠳᠦ ᠲᠡᠷᠢᠭᠦᠨ ᠢᠪᠦ᠋ᠯᠠᠰᠢᠨ ᠮᠠᠯᠠᠶᠢᠰᠢᠶ᠎ᠠ ᠶᠢᠨ ᠤᠯᠤᠰ ᠤᠨ ᠸᠠᠩ ᠤᠨ | ᠣᠷᠳᠣᠨ ᠳᠤ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ ᠠᠭᠤᠯᠵᠠᠪᠠ᠃ ᠵᠢᠷᠤᠭ ᠪᠣᠯ ᠰᠢ ᠶᠢᠨ ᠫᠢᠩ ᠶᠣᠰᠣᠯᠠᠯ ᠤᠨ ᠠᠩᠭᠢ ᠶᠢ | ᠰᠢᠯᠭᠠᠨ ᠦᠵᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠠᠢ ᠵᠢᠶᠠᠨ ᠯᠠᠨ ᠰᠡᠭᠦᠳᠡᠷᠯᠡᠪᠡ | ᠰᠢ ᠶᠢᠨ ᠫᠢᠩ᠂ ᠳᠤᠮᠳᠠᠳᠤ ᠤᠯᠤᠰ ᠪᠣᠯᠣᠨ ᠮᠠᠯᠠᠶᠢᠰᠢᠶ᠎ᠠ ᠪᠣᠯ ᠰᠠᠶᠢᠨ ᠬᠥᠷᠰᠢ᠂ ᠰᠠᠶᠢᠨ ᠨᠠᠶᠢᠵᠠ᠂ ᠰᠠᠶᠢᠨ ᠬᠠᠨᠢᠲᠠᠨ ᠮᠥᠨ᠂ ᠦᠷᠭᠦᠯᠵᠢ ᠶᠠᠪᠤᠯᠴᠠᠵᠤ᠂ | ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠳᠠᠭ᠃ ᠬᠤᠶᠠᠷ ᠤᠯᠤᠰ ᠤᠨ ᠬᠠᠷᠢᠯᠴᠠᠭ᠎ᠠ ᠰᠦᠷ ᠳᠠᠯᠠᠶᠢᠴᠠᠲᠠᠢ ᠬᠠᠭᠠᠰ ᠵᠠᠭᠤᠨ ᠢ ᠥᠩᠭᠡᠷᠡᠭᠡᠵᠦ᠂ ᠨᠡᠩ ᠰᠠᠶᠢᠨ | ᠰᠠᠶᠢᠬᠠᠨ ᠢᠷᠡᠭᠡᠳᠦᠢ ᠶᠢ ᠤᠭᠲᠤᠵᠤ ᠪᠠᠶᠢᠨ᠎ᠠ᠃ ᠪᠢ ᠳᠤᠷᠠᠲᠠᠶ᠎ᠠ ᠬᠠᠮᠤᠭ ᠤᠨ ᠳᠡᠭᠡᠳᠦ ᠲᠡᠷᠢᠭᠦᠨ ᠢᠪᠦ᠋ᠯᠠᠰᠢᠨ ᠲᠠᠢ ᠬᠠᠮᠲᠤ ᠪᠠᠷ ᠴᠢᠷᠮᠠᠶᠢᠵᠤ᠂ ᠳᠤᠮᠳᠠᠳᠤ | ᠮᠠᠯᠠᠶᠢᠰᠢᠶ᠎ᠠ ᠶᠢᠨ ᠬᠠᠷᠢᠯᠴᠠᠭ᠎ᠠ ᠶᠢᠨ ᠤᠷᠳᠤ ᠬᠤᠭᠤᠴᠠᠭᠠᠨ ᠤ ᠲᠣᠭᠲᠠᠭᠤᠨ ᠬᠥᠭᠵᠢᠯᠲᠡ ᠶᠢ ᠬᠥᠲᠥᠯᠥᠨ ᠳᠠᠭᠠᠭᠤᠯᠵᠤ᠂ ᠥᠨᠳᠥᠷ ᠲᠦᠪᠰᠢᠨ ᠪᠦᠬᠦᠢ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠵᠤ᠂ ᠡᠶᠡᠯᠳᠡᠭ ᠬᠥᠷᠰᠢ ᠶᠢᠨ | ᠨᠥᠭᠦᠷᠰᠡᠭ ᠬᠠᠷᠢᠯᠴᠠᠭ᠎ᠠ᠂ ᠪᠦᠯᠬᠦᠮᠳᠡᠨ ᠬᠠᠮᠲᠤᠷᠠᠯᠴᠠᠬᠤ ᠰᠢᠨ᠎ᠡ ᠬᠠᠭᠤᠳᠠᠰᠤ ᠶᠢ ᠪᠢᠴᠢᠭᠯᠡᠵᠦ᠂ ᠳᠤᠮᠳᠠᠳᠤ ᠮᠠᠯᠠᠶᠢᠰᠢᠶ᠎ᠠ ᠶᠢᠨ ᠬᠠᠷᠢᠯᠴᠠᠭ᠎ᠠ ᠶᠢᠨ ᠰᠢᠨ᠎ᠡ ︽ᠰᠢᠵᠢᠷ | ᠠᠯᠳᠠᠨ 50 ᠵᠢᠯ︾ ᠢ ᠨᠡᠭᠡᠭᠡᠨ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠮᠠᠯᠠᠶᠢᠰᠢᠶ᠎ᠠ ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ ᠢᠲᠡᠭᠡᠯᠴᠡᠭᠡ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠲᠤᠰ | ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠳᠡᠮᠵᠢᠶ᠎ᠠ᠃ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠭᠦᠨᠵᠡᠭᠡᠶᠢᠷᠡᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠬᠦᠷᠲᠡᠵᠦ᠂ ᠭᠠᠷ ᠬᠤᠯᠪᠣᠨ ᠣᠳᠣᠬᠢᠴᠢᠯᠠᠯᠲᠠ ᠶᠢᠨ ᠵᠠᠮ ᠢᠶᠠᠷ ᠰᠠᠶᠢᠲᠤᠷ ᠵᠠᠮᠨᠠᠶ᠎ᠠ᠃ ︽ᠬᠤᠶᠠᠷ ᠤᠯᠤᠰ ᠤᠨ ᠬᠤᠣᠰ ᠬᠦᠷᠢᠶᠡᠯᠡᠩ︾᠂ ᠵᠡᠭᠦᠨ ᠳᠠᠯᠠᠢ ᠶᠢᠨ | ᠡᠷᠭᠢ ᠶᠢᠨ ᠲᠡᠮᠦᠷ ᠵᠠᠮ ᠵᠡᠷᠭᠡ ᠴᠢᠬᠤᠯᠠ ᠶᠡᠭᠡ ᠲᠥᠷᠥᠯ ᠵᠦᠢᠯ ᠢ ᠰᠠᠶᠢᠲᠤᠷ ᠪᠦᠲᠦᠭᠡᠨ ᠪᠠᠶᠢᠭᠤᠯᠵᠤ᠂ ᠵᠣᠬᠢᠶᠠᠮᠠᠯ ᠣᠶᠤᠨ ᠴᠢᠳᠠᠪᠤᠷᠢ᠂ ᠲᠣᠭᠠᠴᠢᠯᠠᠭᠰᠠᠨ ᠠᠵᠤ | ᠠᠬᠤᠢ᠂ ᠪᠣᠬᠢᠷᠳᠤᠯ ᠦᠭᠡᠢ ᠠᠵᠤ ᠠᠬᠤᠢ ᠵᠡᠷᠭᠡ ᠢᠷᠡᠭᠡᠳᠦᠢ ᠶᠢᠨ ᠠᠵᠤ ᠦᠢᠯᠡᠰ ᠤᠨ ᠬᠠᠮᠲᠤᠷᠠᠯᠴᠠᠭ᠎ᠠ ᠶᠢ ᠱᠠᠯᠠᠪᠳᠠᠨ ᠪᠣᠶᠢᠵᠢᠭᠤᠯᠤᠶ᠎ᠠ᠃ ᠮᠠᠯᠠᠶᠢᠰᠢᠶ᠎ᠠ ᠶᠢᠨ ᠨᠡᠩ | ᠤᠯᠠᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠣᠷᠣᠵᠤ ᠢᠷᠡᠬᠦ ᠶᠢ ᠳᠤᠮᠳᠠᠳᠤ ᠤᠯᠤᠰ ᠪᠠᠶᠠᠷᠯᠠᠨ | ᠤᠭᠲᠤᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠮᠠᠯᠠᠶᠢᠰᠢᠶ᠎ᠠ ᠳᠤ ᠬᠦᠷᠴᠦ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠬᠦ ᠶᠢ | ᠵᠣᠷᠢᠭᠵᠢᠭᠤᠯᠤᠨ᠎ᠠ᠃ ᠳᠤᠷᠠᠲᠠᠶ᠎ᠠ ᠮᠠᠯᠠᠶᠢᠰᠢᠶ᠎ᠠ ᠶᠢᠨ ᠬᠢᠨ ᠲᠠᠢ ︽ᠺᠦᠩᠽᠢ ᠶᠢᠨ ᠰᠤᠷᠭᠠᠯ ᠢᠰᠯᠠᠮ ᠤᠨ ᠱᠠᠰᠢᠨ ᠤ ᠪᠣᠯᠪᠠᠰᠤᠨ ᠤ ᠶᠠᠷᠢᠯᠴᠠᠭ᠎ᠠ︾ ᠶᠢ ᠠᠬᠢᠭᠤᠯᠵᠤ᠂ | ᠨᠠᠩ ᠣᠯᠠᠨ ᠰᠣᠶᠣᠯ᠂ ᠵᠢᠭᠤᠯᠴᠢᠯᠠᠯ᠂ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠥᠷᠨᠢᠭᠦᠯᠵᠦ᠂ ᠬᠤᠶᠠᠷ ᠤᠯᠤᠰ ᠤᠨ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ | ᠨᠡᠮᠡᠭᠳᠡᠭᠦᠯᠦᠨ᠎ᠡ᠃ ᠳᠤᠮᠳᠠᠳᠤ ᠶᠢᠨ ᠬᠢᠨ ᠮᠠᠯᠠᠶᠢᠰᠢᠶ᠎ᠠ ᠶᠢᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠤᠨ | ᠲᠤᠰᠢᠶᠠᠯ ᠢ ᠡᠭᠦᠷᠭᠡᠯᠡᠬᠦ ᠶᠢ ᠳᠡᠮᠵᠢᠵᠦ᠂ ᠳᠤᠷᠠᠲᠠᠶ᠎ᠠ ᠮᠠᠯᠠᠶᠢᠰᠢᠶ᠎ᠠ ᠶᠢᠨ ᠲᠠᠯ᠎ᠠ ᠶᠢᠨ ᠬᠢᠨ ᠲᠠᠢ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ | ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠪᠦᠭᠦ | ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠤᠯᠪᠤᠭᠠᠯᠠᠨ ᠬᠦᠴᠦᠷᠬᠡᠭᠵᠢᠬᠦ᠂ ᠬᠠᠮᠲᠤ ᠪᠠᠷ ᠬᠥᠭᠵᠢᠬᠦ ᠶᠢ ᠠᠬᠢᠭᠤᠯᠵᠤ᠂ ᠭᠠᠵᠠᠷ ᠣᠷᠣᠨ ᠪᠣᠯᠣᠨ | ᠳᠡᠯᠡᠬᠡᠢ ᠳ᠋ᠠᠬᠢᠨ ᠳᠤ ᠨᠡᠩ ᠤᠯᠠᠨ ᠲᠣᠬᠲᠠᠭᠠᠯᠲᠤ ᠴᠢᠨᠠᠷ ᠪᠣᠯᠣᠨ ᠢᠳᠡᠪᠬᠢ ᠬᠦᠴᠦᠨ ᠬᠠᠩᠭᠠᠨ᠎ᠠ ᠭᠡᠵᠦ ᠴᠢᠬᠤᠯᠠᠴᠢᠯᠠᠪᠠ᠃ | | | | | | 4 ᠰᠠᠷ᠎ᠠ ᠶᠢᠨ 16 ᠤ ᠦᠳᠡ ᠶᠢᠨ ᠡᠮᠦᠨ᠎ᠡ᠂ ᠮᠠᠯᠠᠶᠢᠰᠢᠶ᠎ᠠ ᠶᠢᠨ ᠬᠠᠮᠤᠭ ᠤᠨ ᠳᠡᠭᠡᠳᠦ ᠲᠡᠷᠢᠭᠦᠨ ᠢᠪᠦ᠋ᠯᠠᠰᠢᠨ ᠮᠠᠯᠠᠶᠢᠰᠢᠶ᠎ᠠ ᠶᠢᠨ ᠤᠯᠤᠰ ᠤᠨ ᠸᠠᠩ ᠤᠨ | ᠣᠷᠳᠣᠨ ᠳᠤ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠢᠪᠦ᠋ᠯᠠᠰᠢᠨ᠂ ᠲᠡᠷᠢᠭᠦᠯᠡᠭᠴᠢ ᠰᠢ ᠶᠢᠨ ᠫᠢᠩ ᠤᠨ ᠮᠠᠯᠠᠶᠢᠰᠢᠶ᠎ᠠ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠣᠯ ᠬᠤᠶᠠᠷ ᠤᠯᠤᠰ ᠤᠨ ᠬᠠᠷᠢᠯᠴᠠᠭᠠᠨ ᠤ | ᠨᠢᠭᠡᠨ ᠲᠣᠮᠣ ᠶᠠᠪᠤᠳᠠᠯ ᠪᠠᠶᠢᠵᠤ᠂ ᠮᠠᠯᠠᠶᠢᠰᠢᠶ᠎ᠠ ᠳᠤᠮᠳᠠᠳᠤ ᠶᠢᠨ ᠬᠠᠷᠢᠯᠴᠠᠭᠠᠨ ᠤ ᠥᠨᠳᠥᠷ ᠲᠦᠪᠰᠢᠨ ᠢ ᠭᠦᠢᠴᠡᠳ ᠬᠠᠷᠠᠭᠤᠯᠵᠤ ᠪᠠᠶᠢᠨ᠎ᠠ᠃ ᠪᠢ ᠨᠢᠳᠤᠨᠤᠨ ᠤ 9 | ᠰᠠᠷ᠎ᠠ ᠳᠤ ᠳᠤᠮᠳᠠᠳᠤ ᠤᠯᠤᠰ ᠲᠤ ᠠᠮᠵᠢᠯᠲᠠ ᠲᠠᠢ ᠪᠠᠷ ᠠᠶᠢᠯᠴᠢᠯᠠᠬᠰᠠᠨ ᠢᠶᠠᠨ ᠤᠳᠤ ᠪᠤᠯᠲᠠᠯ᠎ᠠ ᠲᠣᠳᠣᠷᠬᠠᠢ ᠴᠡᠭᠡᠵᠢᠯᠡᠭᠰᠡᠭᠡᠷ ᠪᠠᠶᠢᠨ᠎ᠠ᠃ ᠲᠡᠷᠢᠭᠦᠯᠡᠭᠴᠢ ᠰᠢ ᠶᠢᠨ | ᠫᠢᠩ ᠤᠨ ᠲᠤᠰ ᠤᠳᠠᠭ᠎ᠠ ᠶᠢᠨ ᠮᠠᠯᠠᠶᠢᠰᠢᠶ᠎ᠠ ᠳᠠᠬᠢ ᠠᠶᠢᠯᠴᠢᠯᠠᠯᠲᠠ ᠨᠢ ᠬᠤᠶᠠᠷ ᠤᠯᠤᠰ ᠤᠨ ᠬᠠᠷᠢᠯᠴᠠᠭ᠎ᠠ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠡᠯ᠎ᠡ | ᠬᠦᠷᠢᠶᠡᠨ ᠳᠠᠬᠢ ᠬᠠᠮᠲᠤᠷᠠᠯᠴᠠᠭ᠎ᠠ ᠶᠢᠨ ᠥᠷᠨᠢᠩᠭᠦᠢ ᠬᠥᠭᠵᠢᠯᠲᠡ ᠶᠢ ᠠᠬᠢᠭᠤᠯᠬᠤ ᠶᠢ ᠢᠲᠡᠭᠡᠵᠦ ᠪᠠᠶᠢᠨ᠎ᠠ᠃ ᠳᠤᠮᠳᠠᠳᠤ ᠤᠯᠤᠰ ᠬᠥᠮᠥᠰ ᠢ ᠱᠠᠬᠰᠢᠭᠤᠯᠤᠮᠠ | ᠬᠥᠭᠵᠢᠯᠲᠡ ᠶᠢᠨ ᠠᠮᠵᠢᠯᠲᠠ ᠪᠦᠳᠦᠮᠵᠢ ᠣᠯᠣᠭᠰᠠᠨ ᠨᠢ ᠲᠡᠷᠢᠭᠦᠯᠡᠭᠴᠢ ᠰᠢ ᠶᠢᠨ ᠫᠢᠩ ᠤᠨ ᠥᠨᠳᠥᠷ ᠲᠤ ᠵᠣᠭᠰᠣᠨ ᠠᠯᠤᠰ ᠢ ᠪᠠᠷᠠᠯᠠᠭᠰᠠᠨ ᠪᠠ ᠳᠤᠮᠳᠠᠳᠤ | ᠤᠯᠤᠰ ᠤᠨ ᠠᠷᠠᠳ ᠲᠦᠮᠡᠨ ᠤ ᠰᠢᠷᠭᠠᠭᠤ ᠭᠦᠳᠡᠯᠮᠦᠷᠢ ᠠᠴᠠ ᠪᠣᠯᠤᠭᠰᠠᠨ ᠶᠤᠮ᠃ ᠮᠠᠯᠠᠶᠢᠰᠢᠶ᠎ᠠ ᠶᠢᠨ ᠬᠢᠨ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠳᠡᠯᠡᠬᠡᠢ ᠶᠢᠨ ᠪᠠᠶᠢᠳᠠᠯ ᠳᠤ ᠶᠠᠭᠠᠬᠢᠵᠤ ᠬᠤᠪᠢᠷᠠᠯᠲᠠ ᠭᠠᠷᠤᠭᠰᠠᠨ ᠴᠤ ᠴᠥᠮ ᠭᠠᠷ ᠬᠤᠯᠪᠣᠨ ᠬᠠᠮᠲᠤ ᠪᠠᠷ | ᠤᠷᠤᠭᠰᠢᠯᠠᠨ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠬᠦᠷᠲᠡᠵᠦ᠂ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠮᠠᠯᠠᠶᠢᠰᠢᠶ᠎ᠠ ᠶᠢᠨ ᠲᠠᠯ᠎ᠠ ᠶᠢᠨ ᠬᠢᠨ ᠣᠷᠣᠨ ᠪᠦᠰᠡ ᠶᠢᠨ ᠠᠵᠤ ᠠᠬᠤᠢ ᠶᠢᠨ ᠨᠢᠭᠡ | ᠴᠣᠭᠴᠠᠵᠢᠯᠲᠠ ᠶᠢ ᠴᠢᠬᠤᠯᠠᠴᠢᠯᠠᠵᠤ᠂ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠡᠷᠡᠰ ᠲᠡᠮᠵᠢᠵᠥ᠂ ᠳᠤᠷᠠᠲᠠᠶ᠎ᠠ ᠳᠤᠮᠳᠠᠳᠤ ᠶᠢᠨ ᠲᠠᠯ᠎ᠠ ᠶᠢᠨ ᠬᠢᠨ ᠲᠠᠢ | ᠠᠷᠠᠯᠵᠢᠶ᠎ᠠ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠬᠠᠮᠲᠤ ᠪᠠᠷ | ᠲᠣᠭᠲᠠᠪᠤᠷᠢᠵᠢᠭᠤᠯᠵᠤ᠂ ᠬᠤᠯᠪᠣᠯᠳᠤᠨ ᠨᠡᠪᠲᠡᠷᠡᠯᠴᠡᠬᠦ ᠲᠦᠪᠰᠢᠨ ᠢᠶᠠᠨ ᠳᠡᠭᠡᠭᠰᠢᠯᠡᠭᠦᠯᠵᠦ᠂ ᠰᠤᠷᠭᠠᠨ ᠬᠥᠮᠦᠵᠢᠯ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ | ᠴᠢᠩᠭᠠᠳᠬᠠᠨ᠎ᠠ᠃ ᠣᠶᠢᠷ᠎ᠠ ᠳᠤ ᠳᠤᠮᠳᠠᠳᠤ ᠤᠯᠤᠰ ᠤᠨ ᠬᠤᠷᠠᠯᠳᠤᠭᠤᠯᠤᠭᠰᠠᠨ ᠲᠥᠪ ᠤᠨ ᠬᠥᠷᠰᠢ ᠵᠡᠷᠭᠡᠯᠡᠳᠡᠭᠡ ᠶᠢᠨ ᠠᠵᠢᠯ ᠤᠨ ᠬᠤᠷᠠᠯ ᠢ ᠮᠠᠯᠠᠶᠢᠰᠢᠶ᠎ᠠ ᠶᠢᠨ | ᠲᠠᠯ᠎ᠠ ᠶᠢᠨ ᠬᠢᠨ ᠳᠡᠭᠡᠳᠦ ᠬᠡᠮᠵᠢᠶ᠎ᠡ ᠪᠠᠷ ᠦᠨᠡᠯᠡᠵᠦ᠂ ᠪᠦᠭᠦ ᠪᠥᠮᠪᠥᠷᠴᠡᠭ ᠪᠣᠯᠣᠨ ᠭᠠᠵᠠᠷ ᠣᠷᠣᠨ ᠤ ᠥᠷᠢᠰᠦᠯᠳᠦᠭᠡᠨ ᠢ ᠠᠷᠭᠠᠴᠠᠭᠠᠬᠤ ᠳᠤ ᠦᠵᠡᠭᠦᠯᠭᠦ ᠳᠤᠮᠳᠠᠳᠤ | ᠤᠯᠤᠰ ᠤᠨ ᠴᠢᠬᠤᠯᠠ ᠦᠢᠯᠡᠳᠦᠯ ᠢ ᠴᠢᠬᠤᠯᠠᠴᠢᠯᠠᠨ ᠦᠵᠡᠪᠡ᠃ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ | ᠪᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ — ᠳᠤᠮᠳᠠᠳᠤ ᠤᠯᠤᠰ ᠤᠨ ᠬᠠᠷᠢᠯᠴᠠᠭ᠎ᠠ ᠶᠢᠨ ᠵᠣᠬᠢᠴᠠᠭᠤᠯᠤᠭᠴᠢ ᠤᠯᠤᠰ ᠪᠣᠯᠤᠭᠰᠠᠨ ᠤ | ᠬᠤᠪᠢ ᠳᠤ ᠮᠠᠯᠠᠶᠢᠰᠢᠶ᠎ᠠ ᠶᠢᠨ ᠬᠢᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ — ᠳᠤᠮᠳᠠᠳᠤ ᠤᠯᠤᠰ ᠤᠨ ᠬᠠᠷᠢᠯᠴᠠᠭ᠎ᠠ ᠶᠢᠨ ᠨᠡᠩ ᠶᠡᠭᠡ | ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠪᠠᠷ ᠬᠦᠴᠦᠯᠡᠵᠦ᠂ ᠡᠩᠬᠡ ᠲᠠᠶᠢᠪᠤᠩ ᠬᠥᠭᠵᠢᠯ ᠴᠡᠴᠡᠭᠯᠡᠯ ᠤᠨ ᠢᠷᠡᠭᠡᠳᠦᠢ ᠶᠢ ᠬᠠᠮᠲᠤ ᠪᠠᠷ ᠴᠣᠭᠴᠠᠯᠠᠨ᠎ᠠ ᠭᠡᠵᠦ | ᠢᠯᠡᠳᠬᠡᠪᠡ᠃ | ᠠᠭᠤᠯᠵᠠᠯᠲᠠ ᠶᠢᠨ ᠳᠠᠷᠠᠭ᠎ᠠ ᠰᠢ ᠶᠢᠨ ᠫᠢᠩ ᠢᠪᠦ᠋ᠯᠠᠰᠢᠨ ᠤ ᠡᠷᠭᠢᠯᠡᠭᠰᠡᠨ ᠤᠭᠲᠤᠬᠤ ᠳᠠᠶᠢᠯᠠᠯᠭ᠎ᠠ ᠳᠤ ᠣᠷᠣᠯᠴᠠᠪᠠ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | |