ᠪᠦᠭᠦ ᠤᠯᠤᠰ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠮᠡᠷᠭᠡᠵᠢᠯ ᠤᠨ ᠪᠣᠯᠪᠠᠰᠤᠷᠠᠯ ᠵᠢᠴᠢ ᠠᠬᠤᠢ ᠲᠠᠯᠠᠪᠠᠢ ᠶᠢᠨ ᠦᠵᠡᠭᠦᠯᠭᠡ ᠶᠢᠨ ᠬᠤᠷᠠᠯ ᠮᠠᠨ ᠤ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2025/4/18
                   ᠰᠤᠷᠪᠤᠯᠵᠢᠯᠠᠬᠴᠢ  ᠄ ᠵᠠᠩ ᠴᠢ ᠪᠦᠦ ᡁᠢ ᠪᠢᠨ      4 ᠰᠠᠷ᠎ᠠ ᠶᠢᠨ 12 ᠤᠨ ᠡᠳᠦᠷ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠤᠯᠤᠰ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠮᠲᠤᠷᠠᠨ ᠡᠷᠭᠢᠯᠡᠭᠰᠡᠨ ᠪᠦᠭᠦ ᠤᠯᠤᠰ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠮᠡᠷᠭᠡᠵᠢᠯ ᠤᠨ ᠪᠣᠯᠪᠠᠰᠤᠷᠠᠯ ᠵᠢᠴᠢ ᠠᠬᠤᠢ ᠲᠠᠯᠠᠪᠠᠢ ᠶᠢᠨ ᠦᠵᠡᠭᠦᠯᠭᠡ ᠶᠢᠨ ᠬᠤᠷᠠᠯ ᠮᠠᠨ ᠤ ᠬᠤᠳᠠ ᠳᠤ ᠬᠤᠷᠠᠯᠳᠤᠪᠠ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠮᠧᠬᠠᠨᠢᠭᠵᠢᠭᠤᠯᠤᠯᠲᠠ ᠶᠢᠨ ᠶᠡᠷᠦᠩᠬᠡᠢ ᠥᠷᠲᠡᠭᠡᠨ ᠤ ᠳᠡᠳ᠋ ᠳᠠᠷᠤᠭ᠎ᠠ ᠯᠢᠦ ᠰᠢᠶᠣᠣ ᠸᠧᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠢᠩᠬᠢᠮ ᠤᠨ ᠳᠠᠷᠤᠭ᠎ᠠ ᠵᠠᠩ ᠢᠦᠢ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠮᠧᠬᠠᠨᠢᠭᠵᠢᠭᠤᠯᠤᠯᠲᠠ ᠶᠢᠨ ᠬᠠᠮᠢᠶᠠᠷᠤᠯᠲᠠ ᠶᠢᠨ ᠵᠤᠷᠭᠠᠨ ᠤ ᠲᠣᠨᠤᠭ ᠲᠥᠬᠦᠭᠡᠷᠦᠮᠵᠢ ᠶᠢ ᠳᠡᠯᠭᠡᠷᠡᠭᠦᠯᠬᠦ ᠭᠠᠵᠠᠷ ᠤᠨ ᠳᠠᠷᠤᠭ᠎ᠠ ᠯᠢᠨ ᠯᠢ᠂ ᠳᠡᠳ᠋ ᠬᠤᠲᠠ ᠶᠢᠨ ᠳᠠᠷᠤᠭ᠎ᠠ ᠯᠢᠦᠢ ᠭᠦᠸᠧ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃     ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠲᠦᠩᠯᠢᠶᠣᠣ ᠬᠤᠳᠠ ᠶᠢᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠠᠬᠤᠢ ᠲᠠᠯᠠᠪᠠᠢ ᠵᠢᠴᠢ ᠮᠠᠰᠢᠨ ᠪᠠᠭᠠᠵᠢ ᠶᠢᠨ ᠦᠵᠡᠭᠦᠯᠭᠡ ᠶᠢ ᠲᠣᠭᠤᠷᠢᠨ ᠦᠵᠡᠵᠦ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠠᠷᠤᠭ᠎ᠠ ᠯᠦ ᠵᠠᠨ ᠶᠤᠸᠠᠨ ᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠭᠦ ᠮᠡᠷᠭᠡᠵᠢᠯ ᠤᠨ ᠲᠤᠬᠠᠢ ᠡᠷᠳᠡᠮ ᠰᠢᠨᠵᠢᠯᠡᠭᠡᠨ ᠤ ᠮᠡᠳᠡᠭᠦᠯᠦᠯᠲᠡ ᠶᠢ ᠰᠣᠨᠣᠰᠴᠤ᠂ ᠤᠯᠠᠨ ᠲᠤᠰᠬᠠᠢ ᠮᠡᠷᠭᠡᠵᠢᠯᠲᠡᠨ ᠬᠠᠮᠢᠶ᠎ᠠ ᠪᠦᠬᠦᠢ ᠭᠤᠣᠯ ᠰᠡᠳᠦᠪ ᠤᠨ ᠲᠣᠭᠤᠷᠢᠨ ᠳᠤ ᠡᠷᠳᠡᠮ ᠰᠢᠨᠵᠢᠯᠡᠭᠡᠨ ᠤ ᠶᠠᠷᠢᠶ᠎ᠠ ᠢᠯᠡᠳᠬᠡᠯ ᠬᠢᠵᠡᠢ᠃ ᠡᠯ᠎ᠡ ᠮᠤᠵᠢ ᠣᠷᠣᠨ᠂ ᠶᠡᠭᠡ ᠳᠡᠭᠡᠳᠦ ᠰᠤᠷᠭᠠᠭᠤᠯᠢ᠂ ᠬᠠᠮᠢᠶ᠎ᠠ ᠪᠦᠬᠦᠢ ᠠᠵᠤ ᠠᠬᠤᠶᠢᠯᠠᠯ ᠤᠨ ᠲᠥᠯᠥᠭᠡᠯᠡᠭᠴᠢᠳ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠦᠷ᠎ᠡ ᠪᠦᠲᠦᠭᠡᠯ ᠵᠢᠴᠢ ᠳᠡᠯᠭᠡᠷᠡᠭᠦᠯᠬᠦ ᠦᠢᠯᠡᠴᠢᠯᠡᠭᠡ ᠵᠡᠷᠭᠡ ᠲᠠᠯ᠎ᠠ ᠶᠢᠨ ᠲᠤᠷᠰᠢᠯᠭ᠎ᠠ ᠪᠠᠨ ᠬᠤᠪᠢᠶᠠᠯᠴᠠᠨ ᠰᠣᠯᠢᠯᠴᠠᠪᠠ᠃ᠮᠠᠨ ᠤ ᠬᠤᠲᠠ ᠲᠣᠰ ᠤᠳᠠᠭᠠᠨ ᠤ ᠠᠬᠤᠢ ᠲᠠᠯᠠᠪᠠᠢ ᠶᠢᠨ ᠬᠤᠷᠠᠯ ᠢᠶᠠᠷ ᠠᠵᠠ ᠲᠣᠭᠢᠶᠠᠯ ᠪᠤᠯᠭᠠᠵᠤ᠂ ᠡᠯ᠎ᠡ ᠤᠳᠤᠷᠢᠳᠤᠯᠭ᠎ᠠ ᠪᠠ ᠲᠤᠰᠬᠠᠢ ᠮᠡᠷᠭᠡᠵᠢᠯᠲᠡᠨ ᠤ ᠵᠢᠭᠠᠪᠤᠷᠢ ᠱᠠᠭᠠᠷᠳᠠᠯᠭ᠎ᠠ ᠰᠠᠨᠠᠯ ᠰᠠᠨᠠᠭᠤᠯᠭ᠎ᠠ ᠶᠢ ᠬᠢᠨᠠᠮᠠᠭᠠᠢ ᠰᠣᠨᠣᠰᠴᠤ᠂ ᠡᠯ᠎ᠡ ᠭᠠᠵᠠᠷ ᠤᠨ ᠲᠡᠷᠢᠭᠦᠨ ᠤ ᠲᠤᠷᠰᠢᠯᠭ᠎ᠠ ᠪᠠ ᠪᠦᠲᠦᠮᠵᠢᠲᠡᠶ ᠠᠷᠭ᠎ᠠ ᠬᠢᠳᠡᠯ ᠢ ᠰᠤᠷᠤᠯᠴᠠᠨ ᠯᠠᠪᠯᠠᠯᠲᠠ ᠪᠤᠯᠭᠠᠵᠤ᠂ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠰᠢᠨ᠎ᠡ ᠮᠡᠷᠭᠡᠵᠢᠯ ᠢ ᠲᠥᠪᠯᠡᠷᠡᠭᠦᠯᠦᠨ ᠬᠡᠷᠡᠭᠯᠡᠬᠦ᠂ ᠲᠤᠷᠰᠢᠯᠲᠠ ᠬᠢᠵᠦ ᠵᠢᠱᠢᠶ᠎ᠡ ᠦᠵᠡᠭᠦᠯᠭᠦ ᠪᠠ ᠮᠡᠷᠭᠡᠵᠢᠯ ᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠠᠵᠢᠯ ᠤᠨ ᠳᠠᠭᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠤᠨ᠎ᠠ᠃     ᠣᠶᠢᠷ᠎ᠠ ᠶᠢᠨ ᠵᠢᠯ᠂ ᠮᠠᠨ ᠤ ᠬᠤᠲᠠ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠶᠢ ᠪᠦᠭᠦ ᠬᠦᠴᠦᠨ ᠢᠶᠠᠷ ᠠᠬᠢᠭᠤᠯᠵᠤ᠂ ︽ᠡᠰᠢ ᠰᠦᠷᠡᠯ ᠢ ᠪᠦᠭᠦ ᠬᠡᠮᠵᠢᠶ᠎ᠡ ᠪᠠᠷ ᠪᠦᠷᠬᠦᠭᠦᠯᠬᠦ + ᠵᠤᠷᠪᠤᠰᠯᠠᠨ ᠳᠠᠷᠢᠬᠤ ᠪᠠ ᠬᠠᠭᠠᠯᠪᠤᠷᠢᠯᠠᠬᠤ ᠦᠭᠡᠢ ᠪᠠᠷ ᠳᠠᠷᠢᠬᠤ + ᠤᠰᠤ ᠪᠣᠷᠳᠣᠭᠤᠷ ᠢ ᠨᠢᠭᠡ ᠴᠣᠭᠴᠠᠵᠢᠭᠤᠯᠬᠤ ︾ ᠮᠡᠷᠭᠡᠵᠢᠯ ᠤᠨ ᠵᠠᠭᠪᠤᠷ ᠢ ᠰᠦᠪᠡᠭᠴᠢᠯᠡᠨ ᠭᠠᠷᠭᠠᠵᠤ᠂ ︽ᠥᠷᠭᠡᠨ ᠨᠠᠷᠢᠨ ᠮᠥᠷ ᠢᠶᠠᠷ ᠡᠭᠡᠯᠵᠢᠯᠡᠨ ᠳᠠᠷᠢᠬᠤ︾ ᠵᠡᠷᠭᠡ 12 ᠵᠦᠢᠯ ᠤᠨ ᠵᠠᠩᠭᠢᠯᠠᠭ᠎ᠠ ᠶᠢᠨ ᠮᠡᠷᠭᠡᠵᠢᠯ ᠢ ᠰᠢᠨ᠎ᠡ ᠪᠠᠷ ᠡᠭᠦᠳᠦᠨ ᠳᠡᠯᠭᠡᠷᠡᠭᠦᠯᠵᠦ᠂ ︽ᠡᠷᠳᠡᠨᠢ ᠰᠢᠰᠢ ᠶᠢᠨ ᠡᠰᠢ ᠰᠦᠷᠡᠯ ᠢ ᠪᠦᠷᠢᠨ ᠪᠦᠷᠬᠦᠭᠦᠯᠵᠦ ᠵᠤᠷᠪᠤᠰᠯᠠᠨ ᠳᠠᠷᠢᠬᠤ ᠪᠠ ᠬᠠᠭᠠᠯᠪᠤᠷᠢᠯᠠᠬᠤ ᠦᠭᠡᠢ ᠪᠠᠷ ᠳᠠᠷᠢᠬᠤ︾ ᠵᠠᠭᠪᠤᠷ ᠢ 2024 ᠣᠨ ᠤ ᠤᠯᠤᠰ ᠤᠨ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠠᠷᠪᠠᠨ ᠶᠡᠭᠡ ᠨᠡᠶᠢᠲᠡᠯᠢᠭ ᠬᠡᠷᠡᠭ ᠤᠨ ᠵᠢᠱᠢᠶ᠎ᠡ ᠳᠤ ᠰᠣᠩᠭᠤᠨ ᠣᠷᠣᠭᠤᠯᠵᠤ᠂ ᠳᠣᠬᠢᠭᠤᠷ ᠲᠤᠯᠤᠭᠠᠨ ᠣᠲᠣ ᠠᠶᠠᠯᠠᠯ ᠵᠢᠯᠤᠭᠤᠳᠬᠤ ᠵᠢᠯᠣᠭᠤᠴᠢ ᠦᠭᠡᠢ ᠦᠷ᠎ᠡ ᠰᠠᠴᠤᠬᠤ ᠮᠠᠰᠢᠨ᠂ ᠣᠶᠤᠨᠴᠢ ᠬᠢᠨᠠᠨ ᠬᠡᠮᠵᠢᠬᠦ ᠦᠵᠦᠭᠦᠷ ᠲᠥᠬᠦᠭᠡᠷᠦᠮᠵᠢ ᠵᠡᠷᠭᠡ 1.2 ᠲᠦᠮᠡᠨ ᠢᠵᠢ ᠲᠡᠷᠢᠭᠦᠨ ᠤ ᠲᠣᠨᠤᠭ ᠲᠥᠬᠦᠭᠡᠷᠦᠮᠵᠢ ᠶᠢ ᠳᠡᠯᠭᠡᠷᠡᠭᠦᠯᠦᠨ᠂ ᠪᠦᠭᠦ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ ᠶᠢ 91.61% ᠳᠤ ᠬᠦᠷᠭᠡᠪᠡ᠃ ᠲᠠᠪᠤᠨ ᠵᠢᠯ ᠤᠨ ᠲᠤᠷᠰᠢ᠂ ᠪᠦᠭᠦ ᠬᠤᠲᠠ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠶᠢ 605 ᠲᠦᠮᠡᠨ ᠮᠦ ᠬᠡᠷᠡᠭᠵᠢᠭᠦᠯᠵᠦ᠂ 13 ᠥᠨᠳᠥᠷ ᠪᠠᠷᠢᠮᠵᠢᠶᠠᠲᠤ ᠵᠢᠱᠢᠶ᠎ᠡ ᠦᠵᠡᠭᠦᠯᠭᠦ ᠰᠠᠭᠤᠷᠢᠨ ᠭᠠᠵᠠᠷ ᠢ ᠪᠠᠶᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠬᠢ ᠶᠢ 18% ᠪᠠᠷ ᠳᠡᠭᠡᠭᠰᠢᠯᠡᠭᠦᠯᠵᠦ᠂ ᠠᠮᠢ ᠠᠬᠤᠢ ᠶᠢᠨ ᠦᠷ᠎ᠡ ᠠᠰᠢᠭ ᠬᠢᠭᠡᠳ ᠠᠵᠤ ᠠᠬᠤᠢ ᠶᠢᠨ ᠦᠷ᠎ᠡ ᠠᠰᠢᠭ ᠤᠨ ︽ᠬᠤᠣᠰ ᠦᠰᠦᠷᠦᠯᠲᠡ︾ ᠶᠢ ᠪᠡᠶᠡᠯᠡᠭᠦᠯᠪᠡ᠃ 
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ