4 ᠳ᠋ᠦ᠋ᠭᠡᠷ ᠰᠠᠷ᠎ᠠ ᠶᠢᠨ 7 ᠠᠴᠠ 4 ᠳ᠋ᠦ᠋ᠭᠡᠷ ᠰᠠᠷ᠎ᠠ ᠶᠢᠨ 8 ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · | ᠳᠠᠯᠠᠨᠲᠠᠢ ᠬᠦᠷᠢᠶ᠎ᠡ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠠᠮᠢ ᠠᠬᠤᠶ ᠶᠢᠨ ᠣᠷᠴᠢᠨ | ᠲᠣᠭᠤᠷᠢᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠣᠯᠤᠨ ᠬᠦᠷᠢᠶ᠎ᠡ ᠬᠤᠰᠢᠭᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ | ᠣᠷᠣᠯᠴᠠᠵᠠᠶ᠃ | | | | | ᠴᠢ᠊ · ᠳᠠᠯᠠᠨᠲᠠᠢ ᠨᠠᠷ ᠤᠷᠢᠳ ᠬᠤᠵᠢᠳ ᠬᠦᠷᠢᠶ᠎ᠡ ᠬᠤᠰᠢᠭᠤᠨ ᠤ ᠠᠯᠠᠰᠢᠨ ᠦᠬᠡᠷ ᠨᠢᠲᠤᠯᠵᠤ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠤᠨ | ᠬᠦᠷᠢᠶᠡᠯᠡᠩ᠂ ᠱᠧᠨ ᠲᠢᠶᠠᠨ ᠶᠤᠸᠠᠨ ᠱᠧᠩ ᠲᠠᠢ ᠢᠳᠡᠭᠡᠨ ᠤ ᠬᠢᠵᠠᠭᠠᠷᠲᠤ ᠺᠣᠮᠫᠠᠨᠢ᠂ ᠱᠧᠩ ᠯᠢᠨ · ᠾᠧᠩ ᠶᠤᠸᠠᠨ ᠬᠤᠷᠤᠭ᠎ᠠ ᠶᠢᠨ ᠲᠦᠷᠦᠯ ᠵᠦᠢᠯ᠂ ᠵᠢᠩ | ᠳ᠋ᠦᠩ ᠭᠡᠷ ᠤᠨ ᠴᠠᠬᠢᠯᠭᠠᠨ ᠬᠡᠷᠡᠭᠰᠡᠯ᠂ ᠵᠡᠭᠦᠨ ᠵᠤᠤᠬᠠᠴᠢᠨ ᠭᠠᠴᠠᠭ᠎ᠠ ᠶᠢᠨ ᠲᠤᠰᠬᠠᠢ ᠬᠤᠷᠰᠢᠶ᠎ᠠ ᠳᠤ ᠬᠦᠷᠴᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ᠂ ᠬᠠᠭᠤᠴᠢᠨ ᠢᠶᠠᠷ ᠰᠢᠨ᠎ᠡ ᠶᠢ ᠰᠣᠯᠢᠵᠤ ᠬᠡᠷᠡᠭᠯᠡᠭᠡ ᠶᠢ ᠠᠬᠢᠭᠤᠯᠬᠤ᠂ ᠮᠠᠯ ᠲᠠᠷᠢᠶᠠᠯᠠᠩ ᠤᠨ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ | ᠠᠵᠢᠯ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠡᠷᠡ᠂ ᠪᠦᠬᠦ ᠬᠦᠴᠦᠨ ᠢᠶᠠᠷ ᠢᠶᠠᠨ ᠪᠠᠷᠢᠯᠭ᠎ᠠ ᠶᠢᠨ ᠬᠤᠭᠤᠴᠠᠭ᠎ᠠ ᠶᠢ ᠠᠮᠵᠢᠵᠤ᠂ | ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ | ᠮᠥᠷᠳᠡᠨ ᠦᠢᠯᠡᠴᠢᠯᠡᠬᠦ ᠪᠠ ᠬᠦᠴᠦᠨ ᠵᠦᠢᠯ ᠤᠨ ᠪᠠᠲᠤᠯᠠᠭ᠎ᠠ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠤᠯᠠᠮ ᠴᠢᠨᠠᠭᠰᠢᠳᠠ ᠬᠡᠯᠬᠢᠶ᠎ᠡ ᠪᠠᠨ ᠤᠷᠲᠤᠳᠬᠠᠨ | ᠬᠡᠯᠬᠢᠶ᠎ᠡ ᠪᠠᠨ ᠨᠥᠬᠦᠪᠥᠷᠢᠯᠡᠵᠦ ᠬᠡᠯᠬᠢᠶ᠎ᠡ ᠪᠠᠨ ᠴᠢᠩᠭᠠᠳᠬᠠᠬᠤ ᠶᠢ ᠠᠬᠢᠭᠤᠯᠵᠤ᠂ ᠠᠵᠤ ᠦᠢᠯᠡᠰ ᠤᠨ ᠳᠡᠭᠡᠳᠦ ᠲᠡᠰᠵᠢᠯᠲᠡ᠂ ᠪᠣᠬᠢᠷᠲᠤᠯ ᠦᠭᠡᠢ ᠲᠡᠰ ᠳᠡᠪᠰᠢᠬᠦ ᠶᠢ | ᠠᠬᠢᠭᠤᠯᠵᠤ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠤᠶᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ | ᠬᠦᠴᠦᠨ ᠨᠡᠮᠡᠷᠢᠯᠡᠬᠦ ᠬᠡᠷᠡᠭᠲᠡᠢ᠃ ᠬᠡᠷᠡᠭᠯᠡᠭᠡ ᠶᠢ ᠠᠬᠢᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ | ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠠᠵᠤ ᠠᠬᠤᠶᠢᠯᠠᠯ᠂ ᠠᠷᠠᠳ ᠤᠯᠠᠨ ᠳᠤ | ᠲᠤᠯᠭᠠᠷᠠᠭᠰᠠᠨ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠵᠤ᠂ ᠠᠷᠠᠳ ᠤᠯᠠᠨ ᠳᠤ ᠨᠡᠩ | ᠰᠠᠶᠢᠨ ᠠᠰᠢᠭ ᠬᠦᠷᠲᠡᠭᠡᠬᠦ ᠬᠡᠷᠡᠭᠲᠡᠢ᠃ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠲᠠᠰᠤᠷᠠᠯᠲᠠ ᠦᠭᠡᠢ ᠠᠬᠢᠭᠤᠯᠵᠤ᠂ ᠭᠠᠵᠠᠷ ᠰᠢᠷᠣᠢ ᠶᠢᠨ ᠬᠡᠪᠴᠢᠶᠡᠵᠢᠭᠰᠡᠨ᠂ ᠡᠷᠴᠢᠮᠵᠢᠭᠰᠡᠨ ᠡᠵᠡᠩᠨᠡᠯᠲᠡ ᠶᠢ ᠠᠬᠢᠭᠤᠯᠵᠤ᠂ ᠲᠠᠷᠢᠶᠠᠯᠠᠩ ᠲᠠᠢ ᠬᠤᠯᠪᠣᠭᠠᠯᠠᠵᠤ | ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ᠂ ᠤᠯᠠᠨ ᠡᠰᠢᠵᠢᠬᠦᠯᠦᠨ | ᠠᠭᠤᠰᠤᠯᠴᠠᠭᠤᠯᠬᠤ᠂ ᠨᠢᠭᠡᠳᠦᠯᠲᠡᠢ ᠳᠠᠷᠢᠵᠤ ᠬᠠᠮᠲᠤ ᠪᠠᠷ ᠪᠠᠶᠠᠵᠢᠭᠤᠯᠬᠤ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠲᠠᠷᠢᠶᠠᠯᠠᠩ ᠤᠨ ᠦᠷ᠎ᠡ ᠠᠰᠢᠭ ᠢ | ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | | | ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠴᠢ᠊ · ᠳᠠᠯᠠᠨᠲᠠᠢ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠰᠤᠭᠤᠴᠢᠨ ᠪᠠᠶᠢᠴᠠᠭᠠᠪᠠ᠃ | ᠰᠢᠶᠠᠨ ᠶᠢᠨ ᠤ ᠤᠢ ᠰᠢᠭᠤᠢ ᠶᠢᠨ ᠲᠠᠯᠠᠪᠠᠢ᠂ ᠲᠢᠶᠧ ᠨᠢᠦ ᠭᠤᠣᠯ ᠳᠤ ᠭᠦᠨᠵᠡᠭᠡᠶᠢᠷᠡᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠵᠦ ᠭᠠᠯ | ᠤᠨᠲᠠᠷᠠᠭᠠᠬᠤ ᠪᠠ ᠭᠤᠣᠯ ᠤᠨ ᠵᠠᠰᠠᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠭᠤᠣᠯ ᠮᠥᠷᠡᠨ ᠢ ᠲᠣᠭᠤᠷᠢᠨ ᠪᠠᠶᠢᠴᠠᠭᠠᠬᠤ | ᠠᠵᠢᠯ ᠥᠷᠨᠢᠭᠦᠯᠪᠠ᠃ |