ᠬᠤᠤᠯᠢᠩᠭᠤᠣᠯ ᠬᠤᠳᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠬᠤᠷ ᠸᠢᠳᠢᠤ᠋ ᠦᠢᠯᠡᠳᠴᠦ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠲᠠᠭᠢᠨ ᠰᠢᠯᠢᠳᠡᠭᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2025/4/18
    ︽ᠡᠮᠦᠨ᠎ᠡ ᠨᠢᠭᠡ ᠬᠡᠰᠡᠭ ᠬᠤᠭᠤᠴᠠᠭᠠᠨ ᠳᠤ ᠲᠠᠨ ᠤ ᠳᠠᠮᠵᠢᠭᠤᠯᠤᠭᠰᠠᠨ ︿ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠬᠡᠬᠦ﹀ ᠣᠬᠤᠷ ᠸᠢᠳᠢᠤ᠋ ᠶᠢ ᠣᠯᠵᠤ ᠦᠵᠡᠵᠡᠢ᠂ ᠥᠨᠥᠳᠥᠷ ︿ᠺᠤᠮᠫᠠᠨᠢ ᠶᠢᠨ ᠬᠤᠪᠢᠷᠠᠭᠤᠯᠤᠯᠲᠠ﹀ ᠶᠢᠨ ᠦᠢᠯᠡᠴᠢᠯᠡᠭᠡ ᠶᠢ ᠣᠶᠢᠯᠠᠭᠠᠬᠤ ᠪᠠᠷ ᠢᠷᠡᠵᠡᠢ᠂ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ᠂ ᠠᠵᠤ ᠠᠬᠤᠶᠢᠯᠠᠯ ᠤᠨ ᠲᠠᠮᠠᠭ᠎ᠠ ᠰᠡᠶᠢᠯᠬᠦ ᠵᠡᠷᠭᠡ ᠶᠢ ᠨᠢᠭᠡ ᠯᠡ ᠤᠳᠠᠭ᠎ᠠ ᠳᠤ ᠭᠦᠢᠴᠡᠳᠬᠡᠵᠦ ᠳᠠᠭᠤᠰᠬᠠᠵᠠᠢ᠂ ᠦᠨᠡᠬᠡᠷ ᠲᠦᠭᠦᠮ ᠪᠠᠶᠢᠨ᠎ᠠ︾ ᠭᠡᠵᠦ ᠬᠤᠤᠯᠢᠩᠭᠤᠣᠯ ᠬᠤᠲᠠ ᠶᠢᠨ ᠨᠢᠭᠡᠨ ᠰᠠᠭᠤᠭᠠᠯᠢ ᠠᠷᠠᠳ ᠵᠠᠩ ᠠᠪᠤᠭᠠᠢ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠳᠥᠭᠦᠮ ᠳᠥᠲᠡ ᠦᠢᠯᠡᠴᠢᠯᠡᠭᠡ ᠳᠤ ᠮᠠᠰᠢ ᠬᠠᠨᠤᠮᠵᠢᠲᠠᠶ ᠪᠠᠶᠢᠯ᠎ᠠ᠃   ᠬᠤᠤᠯᠢᠩᠭᠤᠣᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠬᠤᠷ ᠸᠢᠳᠢᠤ᠋ ᠶᠢᠨ ᠨᠣᠮᠧᠷ ᠢ ᠨᠡᠭᠡᠭᠡᠪᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠬᠠᠮᠢᠶ᠎ᠠ ᠪᠦᠬᠦᠢ ᠠᠭᠤᠯᠭ᠎ᠠ ᠨᠢᠳᠦᠨ ᠳᠤ ᠲᠣᠳᠣᠷᠠᠵᠤ᠂ ᠠᠵᠤ ᠠᠬᠤᠶᠢᠯᠠᠯ ᠪᠣᠯᠣᠨ ᠣᠯᠠᠨ ᠲᠦᠮᠡᠨ ᠢ ᠳᠠᠭᠠᠭᠤᠯᠤᠨ ᠥᠨᠳᠥᠷ ᠪᠦᠲᠦᠮᠵᠢᠲᠡᠶ ᠳᠥᠭᠦᠮ ᠳᠥᠲᠡ ᠪᠠᠷ ᠨᠢᠭᠡ ᠶᠠᠪᠤᠳᠠᠯ ᠢ ᠭᠦᠢᠴᠡᠳᠬᠡᠭᠰᠡᠨ ᠵᠢᠷᠤᠭ ᠰᠡᠭᠦᠳᠡᠷ ᠬᠠᠷᠠᠭᠳᠠᠵᠤ᠂ ᠥᠷᠭᠡᠨ ᠣᠯᠠᠨ ᠲᠦᠮᠡᠨ ᠪᠠ ᠠᠵᠤ ᠠᠬᠤᠶᠢᠯᠠᠯ ᠤᠨ ᠬᠠᠨᠤᠮᠵᠢ ᠶᠢᠨ ᠪᠠᠶᠢᠳᠠᠯ ᠢ ᠣᠶᠢᠯᠠᠭᠠᠵᠤ ᠮᠡᠳᠡᠳᠡᠭ᠃   ᠠᠵᠤ ᠠᠬᠤᠶᠢᠯᠠᠯ ᠪᠣᠯᠣᠨ ᠣᠯᠠᠨ ᠲᠦᠮᠡᠨ ᠳᠤ ᠣᠳᠣᠬᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠡᠩ ᠳᠥᠭᠦᠮ ᠳᠥᠲᠡ ᠪᠠᠷ ᠭᠦᠢᠴᠡᠳ ᠣᠶᠢᠯᠠᠭᠠᠭᠤᠯᠬᠤ ᠶᠢᠨ ᠲᠥᠯᠥᠭᠡ᠂ ᠬᠤᠤᠯᠢᠩᠭᠤᠣᠯ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ︽ᠬᠤᠤᠯᠢᠩᠭᠤᠣᠯ ᠬᠤᠲᠠ ᠵᠠᠰᠠᠭ ᠤᠨ ᠶᠠᠪᠤᠳᠠᠯ ᠲᠠᠢ︾ ᠭᠡᠬᠦ ᠣᠬᠤᠷ ᠸᠢᠳᠢᠤ᠋ ᠶᠢ ᠦᠢᠯᠡᠳᠦᠨ ᠳᠡᠯᠭᠡᠷᠡᠭᠦᠯᠵᠦ᠂ ᠠᠵᠤ ᠠᠬᠤᠶᠢᠯᠠᠯ ᠪᠣᠯᠣᠨ ᠤᠯᠠᠨ ᠲᠦᠮᠡᠨ ᠳᠤ ᠬᠠᠷᠠᠭᠠᠯᠵᠠᠯ ᠦᠵᠡᠭᠦᠯᠭᠦ ᠲᠥᠷᠥ ᠶᠢᠨ ᠪᠣᠳᠣᠯᠭ᠎ᠠ ᠪᠠ ᠦᠢᠯᠡᠴᠢᠯᠡᠭᠡ ᠶᠢ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠭᠡᠯᠪᠡᠷᠢ ᠪᠠᠷ ᠤᠬᠠᠭᠤᠯᠤᠨ ᠲᠠᠨᠢᠯᠴᠠᠭᠤᠯᠵᠤ᠂ ᠵᠠᠰᠠᠭ ᠤᠨ ᠶᠠᠪᠤᠳᠠᠯ ᠪᠣᠯᠣᠨ ᠤᠯᠠᠨ ᠲᠦᠮᠡᠨ ᠤ ᠬᠠᠷᠢᠯᠴᠠᠨ ᠦᠢᠯᠡᠳᠦᠯᠴᠡᠬᠦ ᠪᠦᠲᠦᠮᠵᠢᠲᠡᠢ ᠠᠷᠭ᠎ᠠ ᠵᠠᠮ ᠢ ᠨᠡᠭᠡᠭᠡᠪᠡ᠃   ︽ᠪᠢᠳᠡ ᠣᠯᠠᠨ ᠲᠦᠮᠡᠨ ᠲᠠᠢ ︿ᠰᠦᠯᠵᠢᠶᠡᠨ ᠳᠡᠭᠡᠷ᠎ᠡ ᠬᠠᠷᠢᠯᠴᠠᠨ ᠬᠥᠳᠡᠯᠦᠯᠴᠡᠬᠦ﹀ ᠶᠢ ᠴᠢᠬᠤᠯᠠᠴᠢᠯᠠᠵᠤ᠂ ᠣᠯᠠᠨ ᠲᠦᠮᠡᠨ ᠤ ᠦᠭᠡ ᠦᠯᠡᠳᠡᠭᠡᠬᠦ ᠭᠡᠯᠪᠡᠷᠢ  ᠶᠢᠨ ᠴᠢᠳᠠᠮᠵᠢ ᠶᠢ ᠨᠡᠭᠡᠭᠡᠬᠦ ᠪᠠᠷ ᠳᠠᠮᠵᠢᠨ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠢᠳᠡᠪᠬᠢᠲᠡᠢ ᠪᠠᠷ ᠬᠠᠷᠢᠭᠤᠯᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠲᠣᠬᠢᠷᠠᠭᠤᠯᠤᠨ ᠦᠢᠯᠡᠴᠢᠯᠡᠭᠡᠨ ᠤ ᠠᠭᠤᠯᠭ᠎ᠠ ᠪᠠᠨ ᠲᠣᠬᠢᠷᠠᠭᠤᠯᠵᠤ ᠪᠠᠶᠢᠨ᠎ᠠ︾ ᠭᠡᠵᠦ ᠬᠤᠤᠯᠢᠩᠭᠤᠣᠯ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠤᠬᠠᠭᠤᠯᠭ᠎ᠠ ᠬᠥᠮᠦᠵᠢᠯ ᠤᠨ ᠲᠠᠰᠤᠭ ᠤᠨ ᠬᠠᠷᠢᠭᠤᠴᠠᠯᠭᠠᠲᠠᠨ ᠭᠦᠸᠧ ᠰᠢ ᠴᠤᠤ ᠶᠠᠷᠢᠵᠤ ᠪᠠᠶᠢᠯ᠎ᠠ᠃   ᠬᠤᠤᠯᠢᠩᠭᠤᠣᠯ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ᠂ ᠡᠮ ᠡᠮᠨᠡᠯᠭᠡ ᠶᠢᠨ ᠪᠠᠲᠤᠯᠠᠭ᠎ᠠ᠂ ᠥᠯᠥ ᠬᠥᠳᠡᠯᠬᠦ ᠬᠥᠷᠥᠩᠭᠡ ᠵᠡᠷᠭᠡ ᠣᠯᠠᠨ ᠬᠦᠷᠢᠶᠡᠨ ᠳᠠᠬᠢ ᠥᠨᠳᠥᠷ ᠳᠠᠪᠲᠠᠮᠵᠢᠲᠤ ᠵᠦᠢᠯᠡᠰ ᠢ ᠰᠢᠯᠢᠳᠡᠭᠵᠢᠭᠦᠯᠬᠦ ᠶᠢᠨ ᠲᠣᠭᠤᠷᠢᠨ ᠳᠤ᠂ ᠭᠦᠢᠴᠡᠳᠬᠡᠬᠦ ᠶᠠᠪᠤᠴᠠ᠂ ᠬᠡᠷᠡᠭᠰᠡᠬᠦ ᠮᠠᠲ᠋ᠧᠷᠢᠶᠠᠯ᠂ ᠭᠦᠢᠴᠡᠳᠬᠡᠬᠦ ᠭᠡᠯᠪᠡᠷᠢ᠂ ᠭᠦᠢᠴᠡᠳᠬᠡᠬᠦ ᠴᠠᠭ ᠤᠨ ᠬᠢᠵᠠᠭᠠᠷ ᠵᠢᠴᠢ ᠭᠦᠢᠴᠡᠳᠬᠡᠬᠦ ᠠᠷᠭ᠎ᠠ ᠵᠠᠮ ᠵᠡᠷᠭᠡ ᠵᠠᠩᠭᠢᠯᠠᠭ᠎ᠠ ᠶᠢᠨ ᠮᠡᠳᠡᠭᠡ ᠵᠠᠩᠭᠢ ᠶᠢ ᠣᠬᠤᠷ ᠸᠢᠳᠢᠤ᠋ ᠶᠢᠨ ᠭᠡᠯᠪᠡᠷᠢ ᠪᠠᠷ ᠣᠯᠠᠨ ᠨᠡᠶᠢᠲᠡ ᠶᠢᠨ ᠡᠮᠦᠨ᠎ᠡ ᠲᠣᠳᠣᠷᠬᠠᠢ ᠢᠯᠡᠷᠡᠭᠦᠯᠪᠡ᠃ ᠡᠭᠦᠨ ᠠᠴᠠ ᠭᠠᠳᠠᠨ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶ᠎ᠠ ᠪᠦᠬᠦᠢ ᠠᠭᠤᠯᠭ᠎ᠠ ᠶᠢ ᠲᠠᠨᠢᠯᠴᠠᠭᠤᠯᠬᠤ ᠠᠴᠠ ᠭᠠᠳᠠᠨ᠎ᠠ ᠪᠠᠰᠠ ︽VLOG ᠲᠡᠮᠳᠡᠭᠯᠡᠯ︾᠂ ︽ᠪᠣᠳᠠᠲᠠᠢ ᠭᠠᠵᠠᠷ ᠢᠶᠠᠷ ᠰᠤᠷᠪᠤᠯᠵᠢᠯᠠᠬᠤ︾ ᠵᠡᠷᠭᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠨᠡᠨ ᠪᠣᠳᠠᠲᠠᠢ ᠪᠠᠶᠢᠳᠠᠯ ᠢ ᠳᠡᠯᠭᠡᠨ ᠦᠵᠡᠭᠦᠯᠵᠦ᠂ ᠠᠵᠤ ᠠᠬᠤᠶᠢᠯᠠᠯ ᠪᠣᠯᠣᠨ ᠣᠯᠠᠨ ᠲᠦᠮᠡᠨ ᠤ ᠬᠠᠷᠠᠭᠠᠰᠤ ᠠᠴᠠ ᠡᠭᠦᠰᠴᠦ ᠲᠤᠬᠠᠶᠢᠯᠠᠭᠰᠠᠨ ᠠᠵᠢᠯᠲᠠᠨ ᠠᠴᠠ ᠨᠢᠭᠡ ᠠᠰᠠᠭᠤᠯᠲᠠ ᠨᠢᠭᠡ ᠬᠠᠷᠢᠭᠤᠯᠲᠠ᠂ ᠰᠣᠨᠢᠨ ᠮᠡᠳᠡᠭᠡᠨ ᠤ ᠨᠡᠪᠲᠡᠷᠡᠭᠦᠯᠭᠡ ᠵᠡᠷᠭᠡ ᠭᠡᠯᠪᠡᠷᠢ ᠪᠠᠷ ᠳᠠᠮᠵᠢᠨ᠂ ᠨᠠᠷᠢᠨ ᠪᠤᠳᠤᠯᠢᠶᠠᠨᠲᠠᠢ ᠤᠴᠢᠷ ᠶᠠᠪᠤᠳᠠᠯ ᠢ ᠭᠤᠣᠯᠳᠠᠯᠭ᠎ᠠ ᠲᠠᠢ ᠲᠠᠨᠢᠯᠴᠠᠭᠤᠯᠪᠠ᠃   ︽ᠪᠢᠳᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠦᠭᠦ ᠠᠵᠢᠯᠲᠠᠨ ᠤ ᠣᠷᠣᠯᠴᠠᠬᠰᠠᠨ ︿ᠬᠤᠤᠯᠢᠩᠭᠤᠣᠯ ᠬᠤᠲᠠ ᠵᠠᠰᠠᠭ ᠤᠨ ᠶᠠᠪᠤᠳᠠᠯ ᠲᠠᠢ﹀ ᠭᠡᠬᠦ ᠣᠬᠤᠷ ᠸᠢᠳᠢᠤ᠋ ᠶᠢ ᠦᠢᠯᠡᠳᠴᠦ᠂ ᠵᠠᠰᠠᠭ ᠤᠨ ᠶᠠᠪᠤᠳᠠᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠪᠣᠳᠠᠲᠠᠢ ᠭᠠᠵᠠᠷ  ᠢᠶᠠᠷ ᠰᠤᠷᠪᠤᠯᠵᠢᠯᠠᠬᠤ᠂ VLOG ᠲᠡᠮᠳᠡᠭᠯᠡᠯ ᠵᠡᠷᠭᠡ ᠭᠡᠯᠪᠡᠷᠢ ᠪᠠᠷ ᠭᠤᠣᠯᠳᠠᠯᠭ᠎ᠠ ᠪᠤᠯᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠦᠯᠢᠭᠡᠷ ᠦᠢᠯᠡ ᠶᠠᠪᠤᠳᠠᠯ ᠢ ᠦᠢᠯᠡᠳᠦᠨ ᠪᠦᠲᠦᠭᠡᠵᠦ᠂ ᠵᠠᠰᠠᠭ ᠤᠨ ᠶᠠᠪᠤᠳᠠᠯ ᠤᠨ ᠥᠭᠡᠷᠡᠴᠢᠯᠡᠯᠲᠡ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠤᠨ ᠭᠢᠯᠠᠰ ᠴᠡᠭ ᠵᠡᠷᠭᠡ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠢᠳᠡᠪᠬᠢᠲᠡᠢ ᠤᠬᠠᠭᠤᠯᠵᠤ᠂ ᠠᠵᠤ ᠠᠬᠤᠶᠢᠯᠠᠯ ᠪᠣᠯᠣᠨ ᠤᠯᠠᠨ ᠲᠦᠮᠡᠨ ᠳᠤ ᠨᠡᠩ ᠲᠦᠭᠦᠮ ᠳᠥᠲᠡ ᠦᠢᠯᠡᠴᠢᠯᠡᠭᠡ ᠬᠠᠩᠭᠠᠵᠤ ᠪᠠᠶᠢᠨ᠎ᠠ︾ ᠭᠡᠵᠦ ᠬᠤᠤᠯᠢᠩᠭᠤᠣᠯ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠨᠢᠯᠴᠠᠭᠤᠯᠵᠤ ᠪᠠᠶᠢᠯ᠎ᠠ᠃   ᠣᠳᠣᠬᠠᠨ ᠪᠤᠯᠲᠠᠯ᠎ᠠ᠂ ᠬᠤᠤᠯᠢᠩᠭᠤᠣᠯ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠬᠤᠷ ᠸᠢᠳᠢᠤ᠋ ᠶᠢᠨ ᠨᠣᠮᠧᠷ ᠲᠤ ᠨᠢᠭᠡᠨᠲᠡ 15 ᠬᠤᠭᠤᠴᠠᠭᠠᠨ ᠤ ᠣᠬᠤᠷ ᠸᠢᠳᠢᠤ᠋ ᠶᠢ ᠨᠡᠶᠢᠲᠡᠯᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ᠂ ᠰᠣᠶᠣᠯ ᠵᠢᠭᠤᠯᠴᠢᠯᠠᠯ ᠵᠡᠷᠭᠡ ᠣᠯᠠᠨ ᠬᠦᠷᠢᠶ᠎ᠡ ᠶᠢ ᠬᠠᠮᠤᠷᠴᠤ᠂ ᠦᠵᠡᠵᠦ ᠠᠩᠬᠠᠷᠤᠭᠰᠠᠨ ᠬᠡᠮᠵᠢᠶ᠎ᠡ 5.2 ᠲᠦᠮᠡ ᠭᠠᠷᠤᠢ ᠤᠳᠠᠭ᠎ᠠ ᠳᠤ ᠬᠦᠷᠴᠡᠢ᠃                              ︵ᠳ᠋ᠢ ᠶᠠ ᠯᠢ ᠭᠦᠸᠧ ᠰᠢ ᠴᠤᠤ︶ 
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ