ᠰᠤᠷᠪᠤᠯᠵᠢᠯᠠᠬᠴᠢ ᠰᠠᠴᠤᠷᠠᠩᠭᠤᠢ | | | ᠤᠷᠢᠬᠠᠨ ᠬᠠᠪᠤᠷ ᠰᠠᠭᠠᠲᠠᠬᠤᠯᠠᠷ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠮᠠᠰᠢᠨ ᠤ ᠳᠠᠭᠤ | ᠲᠠᠰᠤᠷᠠᠯᠲᠠ ᠦᠭᠡᠢ ᠬᠦᠩᠭᠢᠨᠡᠵᠦ᠂ ᠵᠥᠭᠡᠭᠡᠪᠦᠷᠢ ᠶᠢᠨ ᠮᠠᠰᠢᠨ ᠡᠶᠢᠰᠢ ᠲᠡᠶᠢᠰᠢ ᠶᠠᠭᠠᠷᠠᠯᠲᠠᠢ ᠰᠦᠯᠵᠢᠯᠳᠦᠨ᠎ᠡ᠃ ᠳᠤᠰ ᠬᠤᠰᠢᠭᠤ ︽ᠬᠡᠯᠬᠢᠶᠡᠵᠢᠭᠰᠡᠨ ᠭᠡᠯᠪᠡᠷᠢ ᠶᠢᠨ | ᠬᠤᠳᠠᠯᠳᠤᠭᠠᠴᠢᠨ ᠤᠷᠢᠬᠤ︾ ᠪᠠᠷ ᠰᠢᠪᠲᠤᠯᠤᠯᠲᠠ ᠶᠢᠨ ᠴᠡᠭ ᠪᠤᠯᠭᠠᠵᠦ᠂ ︽ᠨᠢᠭᠡ ᠣᠷᠣᠭᠤᠯᠤᠨ ᠠᠪᠴᠢᠷᠠᠪᠠᠯ ᠨᠢᠭᠡ ᠪᠦᠯᠦᠭ ᠢ ᠳᠠᠶᠢᠴᠢᠯᠠᠨ ᠪᠦᠭᠦ ᠣᠷᠣᠨ ᠢ | ᠨᠥᠯᠥᠭᠡᠯᠡᠬᠦ︾ ᠠᠵᠤ ᠦᠢᠯᠡᠰ ᠤᠨ ᠠᠮᠢ ᠠᠬᠤᠢ ᠶᠢ ᠪᠦᠷᠢᠯᠳᠦᠭᠦᠯᠵᠦ᠂ ᠲᠦᠷᠦᠯ ᠵᠦᠢᠯ ᠤᠨ ᠠᠬᠢᠴᠠ ᠪᠠᠷ ᠠᠵᠤ ᠠᠬᠤᠢ ᠶᠢᠨ ᠰᠠᠭᠤᠷᠢ ᠶᠢ ᠪᠠᠬᠢᠵᠢᠭᠦᠯᠪᠡ᠃ 2024 | ᠣᠨ ᠳᠤ᠂ ᠲᠤᠰ ᠬᠤᠰᠢᠭᠤᠨ ᠤ ᠰᠢᠨ᠎ᠡ ᠪᠠᠷ ᠭᠠᠷ ᠤᠨ ᠦᠰᠦᠭ ᠵᠢᠷᠤᠭᠰᠠᠨ ᠲᠦᠷᠦᠯ ᠵᠦᠢᠯ 72 ᠪᠠᠶᠢᠵᠤ᠂ ᠶᠡᠷᠦᠩᠬᠡᠢ ᠪᠡᠯᠡ ᠤᠷᠤᠭᠤᠯᠤᠯᠳᠠ 246.1 | ᠳ᠋ᠥᠡᠭᠰᠢᠭᠤᠷ ᠲᠥᠭᠦᠷᠢᠭ ᠲᠤ ᠭᠦᠷᠴᠡᠢ᠃ ᠰᠢᠨ᠎ᠡ ᠪᠠᠷ ᠠᠵᠢᠯ ᠡᠬᠢᠯᠡᠭᠦᠯᠦᠭᠰᠡᠨ ᠲᠦᠷᠦᠯ ᠵᠦᠢᠯ 44 ᠪᠠᠶᠢᠵᠤ᠂ ᠶᠡᠷᠦᠩᠬᠡᠢ ᠪᠡᠯᠡ ᠤᠷᠤᠭᠤᠯᠤᠯᠳᠠ 95 | ᠳ᠋ᠥᠡᠭᠰᠢᠭᠤᠷ ᠲᠥᠭᠦᠷᠢᠭ ᠲᠤ ᠭᠦᠷᠥᠭᠰᠡᠨ ᠪᠠᠶᠢᠨ᠎ᠠ᠃ | ᠬᠡᠯᠬᠢᠶ᠎ᠡ ᠶᠢᠨ ᠰᠦᠷᠦᠭᠵᠢᠯ ᠢ ᠪᠤᠢ ᠪᠤᠯᠭᠠᠵᠦ᠂ ᠬᠤᠣᠰ ᠬᠦᠷᠳᠦᠲᠦ ᠬᠥᠳᠡᠯᠭᠡᠬᠦ ᠬᠦᠴᠦᠨ ᠪᠦᠬᠦᠢ ᠠᠵᠤ ᠦᠢᠯᠡᠰ ᠤᠨ ᠠᠮᠢ ᠠᠬᠤᠢ ᠶᠢ ᠪᠦᠷᠢᠯᠳᠦᠭᠦᠯᠪᠡ᠃ ᠲᠤᠰ | ᠬᠤᠰᠢᠭᠤ ᠡᠬᠢ ᠪᠠᠶᠠᠯᠢᠭ ᠤᠨ ᠳᠠᠪᠠᠭᠤᠯᠢᠭ ᠪᠣᠯᠣᠨ ᠠᠵᠤ ᠦᠢᠯᠡᠰ ᠤᠨ ᠰᠠᠭᠤᠷᠢ ᠳᠠᠭᠠᠨ ᠰᠠᠭᠤᠷᠢᠯᠠᠨ᠂ ︽ᠶᠡᠭᠡ ᠶᠢ ᠨᠢ ᠤᠷᠢᠵᠤ ᠬᠦᠴᠦᠷᠬᠡᠭ ᠢ ᠨᠢ ᠤᠷᠤᠭᠤᠯᠬᠤ︾ | ᠪᠣᠯᠣᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ︽ᠬᠤᠣᠰ ᠬᠦᠷᠳᠦᠲᠦ︾ ᠬᠥᠳᠡᠯᠭᠡᠬᠦ ᠬᠦᠴᠦᠨ ᠢ ᠪᠠᠷᠢᠮᠲᠠᠯᠠᠵᠤ᠂ ᠨᠢᠭᠡ ᠲᠠᠯ᠎ᠠ ᠪᠠᠷ ᠠᠵᠢᠯ | ᠲᠦᠷᠦᠯ ᠤᠨ ᠳᠠᠭᠠᠭᠤᠯᠤᠭᠴᠢ ᠠᠵᠤ ᠠᠬᠤᠶᠢᠯᠠᠯ ᠲᠠᠢ ᠢᠳᠡᠪᠬᠢᠲᠡᠢ ᠵᠠᠯᠭᠠᠯᠳᠤᠭᠤᠯᠵᠤ᠂ ᠰᠢᠯᠢᠳᠡᠭ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠨᠦᠭᠦᠭᠡ ᠲᠠᠯ᠎ᠠ | ᠪᠠᠷ ᠳᠡᠭᠡᠳᠦ ᠳᠣᠣᠷᠠᠳᠤ ᠤᠷᠤᠰᠬᠠᠯ ᠤᠨ ᠲᠥᠬᠦᠷᠵᠢᠭᠰᠡᠨ ᠠᠵᠤ ᠠᠬᠤᠶᠢᠯᠠᠯ ᠤᠳ ᠢ ᠪᠠᠶᠢᠷᠢᠰᠢᠭᠤᠯᠵᠤ᠂ ᠠᠵᠤ ᠦᠢᠯᠡᠰ ᠤᠨ ᠬᠡᠯᠬᠢᠶ᠎ᠡ ᠪᠠᠨ ᠲᠡᠭᠦᠯᠳᠡᠷᠵᠢᠭᠦᠯᠪᠡ᠃ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠬᠤ ᠶᠢᠨ ᠲᠥᠯᠥᠭᠡ᠂ ᠲᠤᠰ ᠬᠤᠰᠢᠭᠤ | ᠬᠤᠳᠠᠯᠳᠤᠭᠠᠴᠢᠨ ᠢ ᠲᠣᠬᠢᠷᠠᠭᠤᠯᠬᠤ ᠲᠤᠰᠬᠠᠢ ᠠᠨᠬᠭᠢ ᠭᠠᠷᠭᠠᠵᠤ᠂ ᠬᠤᠳᠠᠯᠳᠤᠭᠠᠴᠢᠨ ᠤᠷᠢᠬᠤ ᠰᠠᠯᠠᠭ᠎ᠠ ᠮᠥᠴᠢᠷ ᠠᠵᠤ ᠠᠬᠤᠶᠢᠯᠠᠯ ᠢ ᠣᠷᠣᠭᠤᠯᠤᠨ ᠠᠪᠴᠢᠷᠠᠬᠤ | ᠶᠢ ᠬᠠᠷᠢᠭᠤᠴᠠᠵᠤ᠂ ᠬᠤᠳᠠᠯᠳᠤᠭᠠᠴᠢᠨ ᠢ ᠲᠣᠬᠢᠷᠠᠭᠤᠯᠬᠤ ᠠᠠᠩᠬᠢ ᠪᠦᠭᠦ ᠬᠦᠴᠦᠨ ᠢᠶᠠᠷ ᠢᠶᠠᠨ ᠭᠠᠷ ᠭᠦᠢᠴᠡᠳᠬᠡᠯ ᠢ ᠲᠦᠯᠬᠢᠨ ᠠᠬᠢᠭᠤᠯᠬᠤ ᠥᠨᠳᠥᠷ | ᠪᠦᠲᠦᠮᠵᠢᠲᠦ ᠠᠵᠢᠯ ᠤᠨ ᠵᠠᠭᠪᠤᠷ ᠢ ᠪᠤᠢ ᠪᠣᠯᠭᠠᠵᠠᠢ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢᠨ ᠲᠠᠯ᠎ᠠ ᠳᠤ᠂ ᠤᠯᠤᠰ ᠤᠨ ᠲᠣᠭᠲᠠᠭᠠᠭᠰᠠᠨ | 13 ᠲᠦᠷᠦᠯ ᠤᠨ ︽ᠨᠢᠭᠡ ᠶᠠᠪᠤᠳᠠᠯ ᠢ ᠥᠨᠳᠥᠷ ᠪᠦᠲᠦᠮᠵᠢᠳᠡᠢ ᠪᠠᠷ ᠭᠦᠢᠴᠡᠳᠬᠡᠬᠦ︾ ᠡᠭᠦᠷᠭᠡ ᠶᠢ ᠠᠮᠵᠢᠯᠲᠠ ᠲᠠᠢ ᠪᠡᠶᠡᠯᠡᠭᠦᠯᠦᠭᠰᠡᠨ ᠢᠶᠠᠷ ᠦᠯᠦ ᠪᠠᠷᠠᠮ᠂ ᠪᠠᠰᠠ | ᠰᠢᠨ᠎ᠡ ᠪᠠᠷ 22 ᠲᠦᠷᠦᠯ ᠤᠨ ᠥᠭᠡᠷᠡᠴᠢᠯᠡᠯᠲᠡ ᠶᠢᠨ ᠵᠦᠢᠯ ᠢ ᠨᠡᠮᠡᠭᠰᠡᠨ ᠪᠠᠶᠢᠨ᠎ᠠ᠃ ᠡᠨᠡ ᠨᠢ ᠥᠭᠡᠷᠡᠴᠢᠯᠡᠯᠲᠡ ᠠᠴᠠ ᠡᠮᠦᠨᠡᠬᠢ ᠲᠠᠢ ᠬᠠᠷᠢᠴᠠᠭᠤᠯᠪᠠᠯ᠂ ᠠᠵᠤ | ᠠᠬᠤᠶᠢᠯᠠᠯ ᠪᠣᠯᠣᠨ ᠤᠯᠠᠨ ᠲᠦᠮᠡᠨ ᠤ ᠶᠠᠪᠤᠳᠠᠯ ᠭᠦᠢᠴᠡᠳᠬᠡᠬᠦ ᠳᠤ ᠨᠠᠭᠠᠰᠢ ᠴᠠᠭᠠᠰᠢ ᠭᠦᠶᠦᠬᠦ ᠤᠳᠠᠭ᠎ᠠ ᠶᠢ 89% ᠪᠠᠷ ᠪᠠᠭᠠᠰᠬᠠᠵᠤ᠂ ᠶᠠᠪᠤᠳᠠᠯ ᠭᠦᠢᠴᠡᠳᠬᠡᠬᠦ | ᠶᠠᠪᠤᠴᠠ ᠶᠢ 81% ᠪᠠᠷ ᠴᠤᠮᠬᠠᠳᠬᠠᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠦᠭᠰᠡᠨ ᠪᠠᠶᠢᠨ᠎ᠠ᠃ | ᠬᠤᠳᠠᠯᠳᠤᠭᠠᠴᠢᠨ ᠢᠶᠠᠷ ᠬᠤᠳᠠᠯᠳᠤᠭᠠᠴᠢᠨ ᠢ ᠤᠷᠢᠵᠤ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠣᠯᠭᠠᠪᠠ᠃ ᠲᠤᠰ ᠬᠤᠰᠢᠭᠤ ︽ | ᠬᠤᠳᠠᠯᠳᠤᠭᠠᠴᠢᠨ ᠢᠶᠠᠷ ᠬᠤᠳᠠᠯᠳᠤᠭᠠᠴᠢᠨ ᠢ ᠤᠷᠢᠬᠤ︾ ᠠᠷᠭ᠎ᠠ ᠪᠣᠳᠣᠯᠭ᠎ᠠ ᠶᠢ ᠡᠪᠯᠢᠭ ᠬᠡᠷᠡᠭᠯᠡᠵᠦ᠂ ᠨᠢᠭᠡᠨᠲᠡ ᠨᠤᠲᠤᠭᠰᠢᠭᠰᠠᠨ ᠠᠵᠤ ᠠᠬᠤᠶᠢᠯᠠᠯ ᠤᠨ ᠰᠠᠶᠢᠨ | ᠨᠥᠯᠥᠭᠡ ᠲᠤᠰᠬᠠᠯ ᠪᠣᠯᠣᠨ ᠵᠢᠱᠢᠶ᠎ᠡ ᠦᠵᠡᠭᠦᠯᠭᠦ ᠦᠢᠯᠡᠳᠦᠯ ᠢ ᠠᠰᠢᠭᠯᠠᠨ ᠳᠡᠭᠡᠷ᠎ᠡ ᠳᠣᠣᠷ᠎ᠠ ᠤᠷᠤᠰᠬᠠᠯ ᠤᠨ ᠠᠵᠤ ᠠᠬᠤᠶᠢᠯᠠᠯ ᠤᠳ ᠢ ᠣᠷᠣᠭᠤᠯᠤᠨ ᠠᠪᠴᠢᠷᠠᠬᠤ | ᠶᠢ ᠠᠬᠢᠭᠤᠯᠪᠠ᠃ ᠡᠭᠦᠨ ᠳᠤ᠂ ᠥᠪᠥᠷ ᠮᠣᠩᠭᠤᠯ ᠤᠨ ᠯᠢ ᠰᠢᠨ ᠼᠢᠷᠺᠦᠨ ᠤ ᠦᠢᠯᠡᠰ ᠤᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠤᠮᠫᠠᠨᠢ ᠶᠢᠨ ᠪᠦᠲᠦᠭᠡᠨ | ᠪᠠᠶᠢᠭᠤᠯᠤᠯᠲᠠ ᠶᠢ 2024 ᠣᠨ ᠤ 10 ᠰᠠᠷ᠎ᠠ ᠳᠤ ᠠᠵᠢᠯ ᠡᠬᠢᠯᠡᠭᠦᠯᠵᠦ᠂ ᠣᠳᠣᠬᠠᠨ ᠳᠤ ᠦᠢᠯᠡᠳᠪᠦᠷᠢ ᠶᠢᠨ ᠲᠠᠰᠤᠭ᠂ ᠴᠠᠭᠢᠯᠭᠠᠨ ᠬᠦᠴᠦᠳᠡᠯ ᠥᠭᠡᠷᠡᠴᠢᠯᠡᠬᠦ | ᠦᠷᠳᠡᠭᠡ ᠵᠡᠷᠭᠡ ᠶᠢᠨ ᠭᠠᠵᠠᠷ ᠳᠣᠣᠷᠠᠬᠢ ᠰᠠᠭᠤᠷᠢ ᠪᠦᠲᠦᠭᠡᠨ ᠪᠠᠶᠢᠭᠤᠯᠤᠯᠲᠠ ᠪᠠᠨ ᠳᠠᠭᠤᠰᠬᠠᠵᠤ᠂ 2025 ᠣᠨ ᠤ 8 ᠰᠠᠷ᠎ᠠ ᠳᠤ ᠠᠰᠢᠭᠯᠠᠯᠲᠠ ᠳᠤ ᠤᠷᠤᠭᠤᠯᠬᠤ | ᠪᠠᠷ ᠲᠥᠯᠥᠪᠯᠡᠵᠦ ᠪᠤᠢ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠼᠦᠢ ᠶᠦᠡᠭ ᠯᠢ᠄ ︽ᠤᠷᠢᠳ ᠢᠶᠠᠷ ᠣᠷᠣᠵᠤ ᠢᠷᠡᠵᠦ ᠨᠤᠲᠤᠭᠰᠢᠭᠰᠠᠨ ᠠᠵᠤ | ᠠᠬᠤᠶᠢᠯᠠᠯ ᠤᠨ ᠬᠥᠭᠵᠢᠯᠲᠡ ᠶᠢᠨ ᠦᠷ᠎ᠡ ᠪᠦᠲᠦᠮᠵᠢ ᠪᠣᠯᠣᠨ ᠲᠡᠭᠦᠯᠳᠡᠷᠵᠢᠭᠰᠡᠨ ᠪᠦᠷᠢᠨ ᠲᠥᠬᠦᠷ ᠲᠤᠨᠤᠭ ᠲᠥᠬᠦᠭᠡᠷᠦᠮᠵᠢ ᠵᠢᠴᠢ ᠵᠠᠰᠠᠭ ᠤᠨ ᠣᠷᠳᠣᠨ ᠤ | ᠬᠦᠴᠦᠲᠡᠢ ᠳᠡᠮᠵᠢᠯᠭᠡ ᠵᠡᠷᠭᠡ ᠨᠢ ᠮᠠᠨ ᠤ ᠪᠡᠯᠡ ᠤᠷᠤᠭᠤᠯᠬᠤ ᠢᠲᠡᠭᠡᠯ ᠵᠣᠷᠢᠭ ᠢ ᠬᠥᠪᠴᠢᠯᠡᠭᠰᠡᠨ ᠶᠤᠮ︾ ᠭᠡᠵᠦ ᠬᠠᠨᠤᠮᠵᠢᠲᠠᠶᠢᠬᠠᠨ ᠶᠠᠷᠢᠨ᠎ᠠ᠃ | ᠬᠤᠳᠠᠯᠳᠤᠭᠠᠴᠢᠨ ᠢᠶᠠᠷ ᠬᠤᠳᠠᠯᠳᠤᠭᠠᠴᠢᠨ ᠢ ᠤᠷᠢᠬᠤ ᠡᠨᠡ ᠬᠦ ᠬᠦᠴᠦᠲᠡᠢ ᠠᠷᠭ᠎ᠠ ᠠᠪᠴᠠᠯ ᠳᠤ ᠲᠦᠰᠢᠭᠯᠡᠨ᠂ ᠳᠤᠰ ᠳᠤᠮᠳᠠᠳᠤ ᠬᠤᠰᠢᠭᠤ ᠣᠨᠴᠠᠯᠢᠭᠲᠤ ᠠᠵᠤ | ᠦᠢᠯᠡᠰ ᠤᠨ ᠬᠡᠯᠬᠢᠶᠡᠵᠢᠯ ᠢ ᠰᠦᠷᠦᠭᠵᠢᠭᠦᠯᠬᠦ ᠪᠠᠨ ᠦᠷᠭᠦᠯᠵᠢᠯᠡᠨ ᠬᠦᠴᠦᠯᠡᠵᠦ᠂ ᠤᠯᠠᠨ ᠠᠵᠤ ᠦᠢᠯᠡᠰ ᠰᠦᠷᠦᠭᠵᠢᠵᠦ ᠠᠵᠤ ᠠᠬᠤᠶᠢᠯᠠᠯ ᠤᠨ ᠬᠠᠮᠲᠤᠷᠠᠯᠴᠠᠭᠰᠠᠨ | ᠦᠷ᠎ᠡ ᠠᠰᠢᠭ ᠮᠡᠳᠡᠭᠳᠡᠮ᠎ᠡ ᠪᠣᠯᠤᠭᠰᠠᠨ ᠪᠠᠶᠢᠨ᠎ᠠ᠃ ᠲᠤᠰ ᠬᠤᠰᠢᠭᠤᠨ ᠤ ᠪᠡᠯᠡ ᠤᠷᠤᠭᠤᠯᠤᠯᠳᠠ ᠶᠢ ᠠᠬᠢᠭᠤᠯᠬᠤ ᠦᠢᠯᠡᠴᠢᠯᠡᠭᠡᠨ ᠤ ᠲᠥᠪ ᠤᠨ ᠡᠷᠭᠢᠯᠡᠭᠴᠢ ᠺᠦᠡᠭ | ᠹᠠᠨ ᠳ᠋ᠦᠩ᠄ ︽ᠪᠢᠳᠡ ᠬᠡᠵᠢᠶᠡᠳᠡ ᠠᠵᠤ ᠦᠢᠯᠡᠳᠪᠦᠷᠢ ᠶᠢᠨ ᠠᠵᠤ ᠠᠬᠤᠢ ᠶᠢᠨ ︿ᠳᠠᠭᠠᠭᠤᠯᠤᠭᠴᠢ ᠶᠢ ᠳᠤᠪᠤᠶᠢᠯᠭᠠᠵᠦ᠂ ᠰᠢᠨ᠎ᠡ ᠪᠠᠶᠢᠳᠠᠯ ᠢ ᠡᠭᠦᠳᠬᠦ﹀ ᠬᠠᠷᠠᠯᠲᠠ | ᠶᠢ ᠣᠨᠢᠯᠠᠵᠤ᠂ ᠰᠢᠨ᠎ᠡ ᠪᠠᠷ ᠬᠥᠭᠵᠢᠵᠦ ᠪᠠᠶᠢᠭ᠎ᠠ ᠬᠢᠮᠢ ᠶᠢᠨ ᠠᠵᠤ ᠦᠢᠯᠡᠰ ᠤᠨ ᠲᠣᠭᠤᠷᠢᠨ ᠳᠤ ᠲᠡᠭᠦᠨ ᠲᠠᠢ ᠬᠤᠯᠪᠣᠭᠳᠠᠭᠰᠠᠨ ᠳᠡᠭᠡᠳᠦ ᠮᠡᠷᠭᠡᠵᠢᠯ ᠤᠨ ᠠᠵᠤ | ᠠᠬᠤᠶᠢᠯᠠᠯ ᠤᠳ ᠢ ᠣᠷᠣᠭᠤᠯᠤᠨ ᠠᠪᠴᠢᠷᠠᠵᠤ᠂ ᠳᠡᠭᠡᠷ᠎ᠡ ᠳᠣᠣᠷ᠎ᠠ ᠤᠷᠤᠰᠬᠠᠯ ᠤᠨ ᠠᠵᠤ ᠠᠬᠤᠶᠢᠯᠠᠯ ᠢ ᠬᠠᠷᠢᠯᠴᠠᠨ ᠬᠤᠯᠪᠤᠭᠠᠯᠠᠨ ᠬᠥᠭᠵᠢᠭᠦᠯᠬᠦ ᠶᠢ ᠲᠦᠯᠬᠢᠨ | ᠠᠬᠢᠭᠤᠯᠵᠤ᠂ ᠪᠦᠷᠢᠨ ᠪᠦᠲᠦᠨ ᠠᠵᠤ ᠦᠢᠯᠡᠰ ᠤᠨ ᠪᠦᠲᠦᠴᠡ ᠶᠢ ᠪᠦᠭᠦ ᠬᠦᠴᠦᠨ ᠢᠶᠠᠷ ᠢᠶᠠᠨ ᠪᠦᠷᠢᠯᠳᠦᠭᠦᠯᠦᠨ᠎ᠡ︾ ᠭᠡᠵᠦ ᠲᠠᠨᠢᠯᠴᠠᠭᠤᠯᠤᠨ ᠶᠠᠷᠢᠨ᠎ᠠ᠃ | ᠰᠢᠨ᠎ᠡ ᠶᠢ ᠡᠭᠦᠳᠦᠨ ᠳᠡᠰ ᠳᠡᠪᠰᠢᠭᠦᠯᠵᠦ᠂ ᠥᠭᠡᠷᠡᠴᠢᠯᠡᠯᠲᠡ ᠪᠠᠷ ᠠᠵᠤ ᠦᠢᠯᠡᠳᠪᠦᠷᠢ ᠶᠢ ᠲᠤᠯᠭᠠᠭᠤᠷᠢᠯᠠᠪᠠ᠃ ᠲᠤᠰ ᠬᠤᠰᠢᠭᠤ ᠠᠵᠤ ᠦᠢᠯᠡᠰ ᠤᠨ ᠪᠦᠲᠦᠴᠡ | ᠶᠢ ᠰᠢᠯᠢᠳᠡᠭᠵᠢᠭᠦᠯᠬᠦ ᠪᠠ ᠳᠡᠰ ᠳᠡᠪᠰᠢᠭᠦᠯᠬᠦ ᠶᠢ ᠭᠤᠶᠢᠪᠠᠰᠢ ᠦᠭᠡᠢ ᠪᠠᠷᠢᠮᠲᠠᠯᠠᠵᠤ᠂ ᠣᠳᠣᠬᠢᠴᠢᠯᠠᠭᠰᠠᠨ ᠬᠢᠮᠢ ᠶᠢᠨ ᠠᠵᠤ ᠦᠢᠯᠡᠳᠪᠦᠷᠢ ᠶᠢᠨ ᠲᠣᠭᠲᠠᠯᠴᠠᠭ᠎ᠠ ᠶᠢ | ᠪᠦᠷᠢᠯᠳᠦᠭᠦᠯᠬᠦ ᠪᠠᠨ ᠲᠦᠷᠭᠡᠳᠬᠡᠵᠦ ᠪᠤᠢ᠃ ᠡᠨᠡ ᠬᠦ ᠬᠠᠷᠠᠯᠲᠠ ᠪᠠᠨ ᠪᠡᠶᠡᠯᠡᠭᠦᠯᠬᠦ ᠶᠢᠨ ᠲᠥᠯᠥᠭᠡ᠂ ᠭᠠᠵᠠᠷ ᠣᠷᠣᠨ ᠤ ᠬᠠᠮᠲᠤᠷᠠᠯᠴᠠᠠᠭᠠ ᠶᠢ ᠭᠦᠨᠵᠡᠭᠡᠶᠢᠷᠡᠭᠦᠯᠬᠦ | ᠠᠵᠢᠯᠯᠠᠭ᠎ᠠ ᠶᠢ ᠢᠳᠡᠪᠬᠢᠲᠡᠢ ᠬᠡᠷᠡᠭᠵᠢᠭᠦᠯᠵᠦ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ᠂ | ᠨᠠᠷᠢᠯᠢᠭ ᠬᠢᠮᠢ ᠶᠢᠨ ᠠᠵᠤ ᠦᠢᠯᠡᠳᠪᠦᠷᠢ᠂ ᠰᠢᠨ᠎ᠡ ᠭᠡᠯᠪᠡᠷᠢ ᠶᠢᠨ ᠲᠤᠨᠤᠭ ᠲᠥᠬᠦᠭᠡᠷᠦᠮᠵᠢ ᠦᠢᠯᠡᠳᠪᠦᠷᠢᠯᠡᠬᠦ ᠵᠡᠷᠭᠡ ᠭᠤᠷᠪᠠᠨ ᠲᠣᠮᠣ ᠭᠤᠣᠯᠯᠠᠭᠴᠢ ᠠᠵᠤ | ᠦᠢᠯᠡᠰ ᠤᠨ ᠬᠡᠯᠬᠢᠶᠡᠵᠢᠯ ᠢ ᠭᠤᠣᠯᠯᠠᠨ ᠠᠳᠬᠤᠪᠠ᠃ ᠬᠤᠳᠠᠯᠳᠤᠭᠠᠴᠢᠨ ᠤᠷᠢᠬᠤ ᠠᠷᠭ᠎ᠠ ᠪᠣᠳᠣᠯᠭ᠎ᠠ ᠳᠡᠭᠡᠷ᠎ᠡ᠂ ︽ᠶᠡᠭᠡ ᠶᠢ ᠠᠳᠬᠤᠭᠠᠳ ᠪᠠᠭ᠎ᠠ ᠪᠠᠨ ᠲᠠᠯᠪᠢᠬᠤ | ᠦᠭᠡᠢ︾᠂ ︽ᠰᠢᠨ᠎ᠡ ᠶᠢ ᠪᠠᠭ᠋ᠠᠷᠬᠠᠵᠤ ᠬᠠᠭᠤᠴᠢᠨ ᠢᠶᠠᠨ ᠭᠤᠯᠣᠬᠤ ᠦᠭᠡᠢ︾ ᠣᠶᠢᠯᠠᠭᠠᠭᠳᠠᠬᠤᠨ ᠢ ᠪᠠᠷᠢᠮᠲᠠᠯᠠᠵᠤ᠂ ᠭᠠᠷ ᠤᠨ ᠦᠰᠦᠭ ᠵᠢᠷᠤᠭᠰᠠᠨ ᠲᠦᠷᠦᠯ ᠵᠦᠢᠯ ᠢ | ᠠᠵᠢᠯ ᠡᠬᠢᠯᠡᠭᠦᠯᠬᠦ᠂ ᠬᠡᠯᠡᠯᠴᠡᠵᠦ ᠪᠠᠶᠢᠭ᠎ᠠ ᠲᠦᠷᠥᠯ ᠵᠦᠢᠯ ᠢ ᠨᠤᠲᠤᠭᠰᠢᠭᠤᠯᠬᠤ ᠶᠢ ᠢᠳᠡᠪᠬᠢᠲᠡᠢ ᠲᠦᠯᠬᠢᠨ ᠠᠬᠢᠭᠤᠯᠵᠠᠢ᠃ ᠡᠭᠦᠨ ᠤ ᠬᠠᠮᠲᠤ᠂ ᠨᠢᠭᠡᠨᠲᠡ | ᠨᠤᠲᠤᠭᠰᠢᠭᠰᠠᠨ ᠲᠦᠷᠦᠯ ᠵᠦᠢᠯ ᠳᠤ ︽ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠪᠠ ᠪᠡᠯᠡ ᠤᠷᠤᠭᠤᠯᠤᠯᠳᠠ ᠶᠢᠨ ᠠᠬᠢᠭᠤᠯᠬᠤ ᠶᠢ ᠡᠷᠭᠢᠨ ᠦᠵᠡᠬᠦ︾ ᠶᠢ | ᠬᠡᠷᠡᠭᠵᠢᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠰᠠᠭᠤᠳᠠᠯ ᠢ ᠨᠠᠷᠢᠯᠢᠭ ᠤᠨᠤᠪᠴᠢᠲᠠᠢ ᠰᠢᠢᠳᠪᠦᠷᠢᠯᠡᠵᠦ᠂ ᠬᠤᠳᠠᠯᠳᠤᠭᠠᠴᠢᠨ ᠤᠷᠢᠬᠤ ᠲᠦᠷᠦᠯ ᠲᠡᠮᠳᠡᠭ | ᠢᠶᠠᠨ ᠤᠯᠠᠮ ᠨᠢᠭᠡ ᠠᠯᠬᠤᠮ ᠳᠤᠪᠤᠶᠢᠯᠭᠠᠪᠡ᠃ 2025 ᠣᠨ ᠳᠤ᠂ ᠲᠤᠰ ᠬᠤᠰᠢᠭᠤ ᠨᠡᠶᠢᠳᠡ 14 ᠳ᠋ᠥᠡᠭᠰᠢᠭᠤᠷ ᠲᠥᠭᠦᠷᠢᠭ ᠪᠡᠯᠡ ᠮᠥᠩᠭᠦ ᠣᠷᠣᠭᠤᠯᠤᠨ | ᠠᠪᠴᠢᠷᠠᠬᠤ ᠪᠠᠷ ᠴᠢᠷᠮᠠᠶᠢᠵᠤ ᠪᠠᠶᠢᠨ᠎ᠠ᠃ | |