ᠬᠦᠷᠢᠶ᠎ᠡ ᠬᠤᠰᠢᠭᠤ ᠬᠠᠮᠲᠤ ᠶᠢᠨ ᠵᠠᠬᠢᠶᠠᠯᠠᠭ᠎ᠠ ᠶᠢᠨ ᠭᠡᠯᠪᠡᠷᠢ ᠪᠠᠷ ᠬᠠᠪᠤᠷ ᠤᠨ ᠲᠠᠷᠢᠶᠠᠯᠠᠭ᠎ᠠ ᠳᠠᠭᠠᠨ ᠭᠦᠢᠴᠡᠳ ᠪᠡᠯᠡᠳᠬᠡᠯ ᠬᠢᠵᠦ ᠪᠠᠶᠢᠨ᠎ᠠ
ᠨᠡᠶᠢᠲᠡᠯᠡᠭᠰᠡᠨ ᠴᠠᠭ᠄
2025/4/18
       ᠪᠠᠰᠠ ᠨᠢᠭᠡ ᠵᠢᠯ ᠤᠨ ᠬᠠᠪᠤᠷ ᠤᠨ ᠲᠠᠷᠢᠶᠠᠯᠠᠭ᠎ᠠ ᠶᠢᠨ ᠴᠠᠭ ᠪᠣᠯᠣᠯ᠎ᠠ᠃ ᠬᠦᠷᠢᠶ᠎ᠡ ᠬᠤᠰᠢᠭᠤ ᠬᠠᠮᠲᠤᠷᠠᠯᠴᠠᠭᠠᠨ ᠤ ᠵᠠᠭᠪᠤᠷ ᠢ ᠢᠳᠡᠪᠬᠢᠲᠡᠢ ᠰᠦᠪᠡᠭᠴᠢᠯᠡᠨ ᠰᠢᠨ᠎ᠡ ᠶᠢ ᠡᠭᠦᠳᠴᠦ᠂ ᠲᠠᠷᠢᠶᠠᠯᠠᠩ ᠤᠨ ᠬᠡᠷᠡᠭᠰᠡᠯ ᠢ ᠬᠤᠳᠠᠯᠳᠤᠨ ᠠᠪᠬᠤ ᠶᠠᠪᠤᠴᠠ ᠶᠢ ᠰᠢᠯᠢᠳᠡᠭᠵᠢᠭᠦᠯᠵᠦ᠂ ᠬᠠᠩᠭᠠᠯᠭ᠎ᠠ ᠶᠢᠨ ᠬᠤᠳᠠᠯᠳᠤᠭᠠᠴᠢᠨ ᠲᠠᠢ ᠨᠠᠷᠢᠯᠢᠭ ᠣᠨᠣᠴᠠᠲᠠᠢ ᠪᠠᠷ ᠵᠣᠯᠭᠠᠭᠤᠯᠵᠤ᠂ ᠲᠠᠷᠢᠶᠠᠴᠢᠨ ᠡᠷᠦᠭᠡ ᠶᠢ ᠥᠷᠭᠡᠨ ᠢᠶᠠᠷ ᠳᠠᠶᠢᠴᠢᠯᠠᠨ ᠨᠢᠭᠡᠳᠦᠯᠲᠡᠢ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠭᠤᠯᠵᠤ᠂ ︽ᠬᠠᠮᠲᠤ ᠶᠢᠨ ᠵᠠᠬᠢᠶᠠᠯᠠᠭ᠎ᠠ︾ ᠶᠢᠨ ᠭᠡᠯᠪᠡᠷᠢ ᠪᠠᠷ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠬᠤᠳᠠᠯᠳᠤᠨ ᠠᠪᠬᠤ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ᠂ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠳᠤ ᠰᠠᠭᠤᠷᠢ ᠲᠠᠯᠪᠢᠵᠤ ᠥᠭᠪᠡ᠃       ᠡᠨᠡ ᠬᠡᠳᠦᠨ ᠡᠳᠦᠷ᠂ ᠰᠢᠶᠠᠨᠵᠢᠨ ᠰᠤᠮᠤ ᠶᠢᠨ ᠨᠠᠷᠢᠨᠭᠤᠤᠯ ᠭᠠᠴᠠᠭ᠎ᠠ ᠳᠤ ᠭᠦᠷ ᠬᠥᠭᠵᠢᠶᠡᠨ ᠢᠶᠠᠷ ᠪᠢᠯᠬᠠᠵᠤ ᠪᠠᠶᠢᠯ᠎ᠠ᠂ ᠲᠦᠷᠦᠭᠦᠦ ᠪᠦᠯᠦᠭ ᠨᠢᠭᠡᠳᠦᠯᠲᠡᠢ ᠬᠤᠳᠠᠯᠳᠤᠨ ᠠᠪᠤᠭᠰᠠᠨ ᠲᠠᠷᠢᠶᠠᠯᠠᠩ ᠤᠨ ᠬᠡᠷᠡᠭᠰᠡᠯ ᠬᠤᠶᠢᠨ᠎ᠠ ᠬᠤᠶᠢᠨ᠎ᠠ ᠠᠴᠠ ᠪᠠᠨ ᠢᠷᠡᠵᠦ᠂ ᠭᠠᠴᠠᠭᠠᠨ ᠤ ᠠᠷᠠᠳ ᠲᠷᠠᠺᠲ᠋ᠣᠷ᠂ ᠭᠤᠷᠪᠠᠨ ᠬᠦᠷᠳᠦᠲᠦ ᠲᠡᠷᠭᠡ ᠵᠢᠯᠤᠭᠤᠳᠴᠤ᠂ ᠵᠠᠯᠭᠠᠭ᠎ᠠ ᠵᠠᠯᠭᠠᠭ᠎ᠠ ᠪᠠᠷ ᠬᠦᠷᠦᠯᠴᠡᠨ ᠢᠷᠡᠵᠦ ᠲᠡᠭᠡᠭᠡᠪᠦᠷᠢᠯᠡᠨ ᠠᠪᠠᠴᠢᠪᠠ᠃ ᠭᠠᠴᠠᠭᠠᠨ ᠤ ᠠᠷᠠᠳ ᠴᠣᠭᠲᠤ ᠶᠢᠨ ᠬᠢᠨ 50 ᠮᠦ ᠲᠠᠷᠢᠶᠠᠨ ᠭᠠᠵᠠᠷ ᠲᠠᠢ᠂ ᠡᠨᠡ ᠵᠢᠯ ᠤᠨ ᠲᠠᠷᠢᠶᠠᠨ ᠦᠷ᠎ᠡ ᠬᠢᠮᠢ ᠶᠢᠨ ᠪᠣᠷᠳᠣᠭᠤᠷ ᠢᠶᠠᠨ ᠬᠤᠳᠠᠯᠳᠤᠨ ᠠᠪᠤᠭᠰᠠᠨ ᠥᠩᠭᠡᠷᠡᠯᠲᠡ ᠶᠢᠨ ᠢᠶᠠᠨ ᠲᠤᠬᠠᠢ ᠶᠠᠷᠢᠬᠤ ᠳᠤ ᠴᠣᠭᠲᠤ ᠶᠢᠨ ᠴᠢᠷᠠᠢ ᠳᠤ ᠢᠨᠢᠶᠡᠮᠰᠦᠭᠯᠡᠯ ᠲᠣᠳᠣᠷᠠᠵᠤ᠄ ︽ᠥᠩᠭᠡᠷᠡᠭᠰᠡᠨ ᠳᠤ ᠡᠷᠭᠢᠨ ᠲᠣᠭᠤᠷᠢᠨ ᠤ ᠲᠠᠷᠢᠶᠠᠯᠠᠩ ᠤᠨ ᠬᠡᠷᠡᠭᠰᠡᠯ ᠤᠨ ᠳᠡᠯᠭᠡᠭᠦᠷ ᠠᠴᠠ ᠬᠢᠮᠢ ᠶᠢᠨ ᠪᠣᠷᠳᠣᠭᠤᠷ ᠬᠤᠳᠠᠯᠳᠤᠨ ᠠᠪᠬᠤ ᠳᠤ ᠦᠨ᠎ᠡ ᠬᠠᠩᠰᠢ ᠨᠢ ᠥᠨᠳᠥᠷ ᠮᠥᠷᠲᠡᠭᠡᠨ ᠶᠠᠰᠤ ᠴᠢᠨᠠᠷ ᠨᠢ ᠴᠦ ᠪᠠᠲᠤᠯᠠᠭ᠎ᠠ ᠦᠭᠡᠢ ᠪᠠᠶᠢᠪᠠ᠃ ᠡᠨᠡ ᠵᠢᠯ ᠭᠠᠴᠠᠭᠠᠨ ᠠᠴᠠ ᠨᠢᠭᠡᠳᠦᠯᠲᠡᠢ ᠬᠤᠳᠠᠯᠳᠤᠨ ᠠᠪᠬᠤ ᠠᠵᠢᠯ ᠢ ᠵᠣᠬᠢᠶᠠᠨ ᠪᠠᠶᠢᠭᠤᠯᠵᠤ᠂ ᠤᠭᠤᠲᠠ ᠪᠦᠷᠢ ᠶᠢᠨ ᠬᠢᠮᠢ ᠶᠢᠨ ᠪᠣᠷᠳᠣᠭᠤᠷ ᠠᠴᠠ 20 ᠲᠥᠭᠦᠷᠢᠭ ᠠᠷᠪᠢᠯᠠᠵᠠᠢ᠂ ᠪᠤᠳᠤᠵᠤ ᠦᠵᠡᠪᠡᠯ᠂ ᠨᠢᠭᠡ ᠵᠢᠯ ᠳᠤ ᠬᠢᠮᠢ ᠶᠢᠨ ᠪᠣᠷᠳᠣᠭᠤᠷ ᠬᠤᠳᠠᠯᠳᠤᠨ ᠠᠪᠬᠤ ᠵᠣᠭᠤᠰ ᠢ 2000 ᠲᠥᠭᠦᠷᠢᠭ ᠣᠷᠴᠢᠮ ᠠᠷᠪᠢᠯᠠᠵᠤ ᠥᠭᠴᠡᠢ᠂ ᠦᠨᠡᠬᠡᠷ ᠠᠰᠢᠭ ᠲᠠᠢ ᠪᠠᠶᠢᠨ᠎ᠠ︾ ᠭᠡᠵᠦ ᠶᠠᠷᠢᠵᠤ ᠪᠠᠶᠢᠯ᠎ᠠ᠃       ᠲᠠᠷᠢᠶᠠᠴᠢᠨ ᠡᠷᠦᠭᠡ ᠶᠢ ᠬᠠᠪᠰᠤᠷᠤᠨ ᠴᠢᠨᠠᠷ ᠰᠠᠶᠢᠲᠠᠢ ᠲᠠᠷᠢᠶᠠᠯᠠᠩ ᠤᠨ ᠬᠡᠷᠡᠭᠰᠡᠯ ᠢ ᠰᠣᠩᠭᠤᠬᠤ ᠶᠢᠨ ᠲᠥᠯᠥᠭᠡ᠂ ᠰᠢᠶᠠᠨᠵᠢᠨ ᠰᠤᠮᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠤᠷᠢᠳᠴᠢᠯᠠᠨ ᠰᠦᠪᠡᠭᠴᠢᠯᠡᠵᠦ᠂ ᠲᠠᠷᠢᠶᠠᠯᠠᠩ ᠤᠨ ᠪᠤᠰᠤ ᠤᠯᠠᠷᠢᠯ ᠳᠤ ᠲᠠᠷᠢᠶᠠᠯᠠᠩ ᠤᠨ ᠬᠡᠷᠡᠭᠰᠡᠯ ᠤᠨ ᠦᠨ᠎ᠡ ᠬᠠᠩᠰᠢ ᠳᠣᠣᠷ᠎ᠠ ᠪᠠᠶᠢᠬᠤ ᠣᠨᠴᠠᠯᠢᠭ ᠢ ᠠᠰᠢᠭᠯᠠᠵᠤ᠂ ᠠᠵᠢᠯᠲᠠᠳ ᠢᠶᠠᠨ ᠵᠣᠬᠢᠶᠠᠨ ᠪᠠᠶᠢᠭᠤᠯᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠬᠤᠳᠠᠯᠳᠤᠭᠠᠴᠢᠳ ᠲᠤ ᠪᠦᠭᠦ ᠲᠠᠯ᠎ᠠ ᠶᠢᠨ ᠦᠨᠡᠯᠡᠯᠲᠡ ᠥᠷᠨᠢᠭᠦᠯᠪᠡ᠃       ᠰᠢᠶᠠᠨᠵᠢᠨ ᠰᠤᠮᠤ ᠶᠢᠨ ᠳᠡᠳ᠋ ᠰᠤᠮᠤᠨ ᠳᠠᠷᠤᠭ᠎ᠠ ᠨᠢᠶᠧ ᠰᠢᠶᠣᠣ ᠭᠤᠸᠠᠩ ᠲᠠᠨᠢᠯᠴᠠᠭᠤᠯᠬᠤ ᠳᠠᠭᠠᠨ᠄ ︽ᠨᠢᠳᠤᠨᠤᠨ ᠡᠪᠦᠯ᠂ ᠰᠤᠮᠤ ᠶᠢᠨ ᠨᠠᠮ ᠵᠠᠰᠠᠭ ᠤᠨ ᠤᠳᠤᠷᠢᠳᠤᠯᠭ᠎ᠠ ᠪᠡᠶ᠎ᠡ ᠪᠠᠷ ᠢᠶᠠᠨ ᠲᠠᠷᠢᠵᠦ ᠤᠷᠭᠤᠭᠤᠯᠬᠤ ᠲᠣᠮᠣ ᠡᠷᠦᠭᠡ ᠪᠠ ᠲᠤᠰᠬᠤᠨ ᠤ ᠺᠠᠳ᠋ᠷ ᠢ ᠳᠠᠭᠠᠭᠤᠯᠤᠨ ᠬᠢᠮᠢ ᠶᠢᠨ ᠪᠣᠷᠳᠣᠭᠤᠷ ᠤᠨ ᠦᠢᠯᠡᠳᠪᠦᠷᠢ ᠪᠠᠷ ᠭᠦᠨᠵᠡᠭᠡᠶᠢᠷᠡᠨ ᠰᠢᠨᠵᠢᠯᠡᠨ ᠪᠠᠶᠢᠴᠠᠭᠠᠵᠤ ᠶᠠᠷᠢᠯᠴᠠᠵᠤ᠂ ᠬᠢᠮᠢ ᠶᠢᠨ ᠪᠣᠷᠳᠣᠭᠤᠷ ᠤᠨ ᠶᠠᠰᠤ ᠴᠢᠨᠠᠷ᠂ ᠪᠠᠷᠢᠮᠵᠢᠶ᠎ᠠ ᠪᠠ ᠪᠣᠷᠤᠯᠠᠭᠤᠯᠭ᠎ᠠ ᠶᠢᠨ ᠳᠠᠷᠠᠭᠠᠬᠢ ᠦᠢᠯᠡᠴᠢᠯᠡᠭᠡ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠪᠠ᠃ ᠪᠠᠶᠢᠳᠠᠯ ᠢ ᠣᠶᠢᠯᠠᠭᠠᠭᠰᠠᠨ ᠤ ᠲᠠᠷᠠᠭ᠎ᠠ᠂ ᠪᠠᠯᠭᠠᠰᠤ ᠲᠤᠰᠬᠤᠨ ᠬᠤᠶᠠᠷ ᠱᠠᠲᠤᠨ ᠤ ᠺᠠᠳ᠋ᠷ ᠶᠡᠭᠡ ᠬᠦᠴᠦᠨ ᠢᠶᠠᠷ ᠤᠬᠠᠭᠤᠯᠵᠤ᠂ ᠥᠷᠭᠡᠨ ᠤᠯᠡᠨ ᠲᠠᠷᠢᠶᠠᠴᠢᠨ ᠡᠷᠦᠭᠡ ᠳᠤ ᠨᠢᠭᠡᠳᠦᠯᠲᠡᠢ ᠬᠤᠳᠠᠯᠳᠤᠨ ᠠᠪᠬᠤ ᠰᠠᠶᠢᠨ ᠲᠠᠯ᠎ᠠ ᠶᠢ ᠣᠶᠢᠯᠠᠭᠠᠭᠤᠯᠪᠠ᠃ ᠣᠳᠣᠬᠠᠨ ᠪᠤᠯᠲᠠᠯ᠎ᠠ᠂ ᠨᠡᠶᠢᠲᠡ 90 ᠲᠦᠮᠡᠨ ᠵᠢᠩ ᠬᠢᠮᠢ ᠶᠢᠨ ᠪᠣᠷᠳᠣᠭᠤᠷ ᠢ ᠨᠢᠭᠡᠳᠦᠯᠲᠡᠢ ᠬᠤᠳᠠᠯᠳᠤᠨ ᠠᠪᠴᠤ᠂ 16 ᠭᠠᠴᠠᠭ᠎ᠠ ᠲᠣᠰᠬᠤᠨ ᠤ 200 ᠭᠠᠷᠤᠢ ᠡᠷᠦᠭᠡ ᠶᠢᠨ ᠣᠯᠠᠨ ᠲᠦᠮᠡᠨ ᠲᠠᠢ ᠬᠤᠯᠪᠣᠭᠳᠠᠵᠤ᠂ ᠥᠪᠡᠷ ᠤᠨ ᠥᠷᠲᠡᠭ ᠢ ᠨᠡᠶᠢᠲᠡ 22 ᠲᠦᠮᠡᠨ ᠲᠥᠭᠦᠷᠢᠭ ᠠᠷᠪᠢᠯᠠᠵᠤ ᠥᠭᠴᠡᠢ︾ ᠭᠡᠵᠦ ᠶᠠᠷᠢᠵᠤ ᠪᠠᠶᠢᠯ᠎ᠠ᠃       ᠲᠠᠷᠢᠶᠠᠯᠠᠩ ᠤᠨ ᠬᠡᠷᠡᠭᠰᠡᠯ ᠢ ᠨᠢᠭᠡᠳᠦᠯᠲᠡᠢ ᠬᠤᠳᠠᠯᠳᠤᠨ ᠠᠪᠤᠪᠠᠯ᠂ ᠦᠨ᠎ᠡ ᠬᠠᠩᠰᠢ ᠨᠢ ᠳᠣᠣᠷ᠎ᠠ ᠮᠥᠷᠲᠡᠭᠡᠨ ᠠᠮᠤᠷ ᠲᠦᠪᠰᠢᠨ ᠤ ᠲᠠᠯ᠎ᠠ ᠪᠠᠷ ᠪᠠᠲᠤᠯᠠᠭ᠎ᠠ ᠲᠠᠢ ᠪᠠᠶᠢᠳᠠᠭ᠃ ᠪᠠᠶᠠᠨᠬᠤᠸᠠ ᠪᠠᠯᠭᠠᠰᠤ ᠶᠢᠨ ᠪᠠᠳᠠᠷᠠᠩᠭᠤᠢ ᠭᠠᠴᠠᠭᠠᠨ ᠤ ᠬᠠᠰᠤᠨ ᠤ ᠬᠢᠨ 100 ᠭᠠᠷᠤᠢ ᠮᠦ ᠲᠠᠷᠢᠶ᠎ᠠ ᠲᠠᠷᠢᠵᠤ᠂ ᠵᠢᠯ ᠪᠦᠷᠢ 150 ᠤᠭᠤᠲᠠ ᠬᠢᠮᠢ ᠶᠢᠨ ᠪᠣᠷᠳᠣᠭᠤᠷ ᠬᠡᠷᠡᠭᠰᠡᠨ᠎ᠡ᠃ ︽ᠬᠠᠮᠲᠤ ᠶᠢᠨ ᠵᠠᠬᠢᠶᠠᠯᠠᠭ᠎ᠠ ᠶᠢᠨ ᠭᠡᠯᠪᠡᠷᠢ ᠪᠠᠷ ᠨᠢᠭᠡᠳᠦᠯᠲᠡᠢ ᠬᠤᠳᠠᠯᠳᠤᠨ ᠠᠪᠤᠭᠰᠠᠨ ᠬᠢᠮᠢ ᠶᠢᠨ ᠪᠣᠷᠳᠣᠭᠤᠷ ᠢ ᠬᠡᠷᠡᠭᠯᠡᠬᠦ ᠳᠤ ᠰᠠᠨᠠᠭ᠎ᠠ ᠠᠮᠤᠷ᠂ ᠦᠨ᠎ᠡ ᠬᠠᠩᠰᠢ ᠨᠢ ᠪᠠᠰᠠ ᠬᠠᠷᠢᠴᠠᠩᠭᠤᠢ ᠳᠣᠣᠷ᠎ᠠ ᠪᠠᠶᠢᠵᠤ᠂ ᠶᠠᠰᠤ ᠴᠢᠨᠠᠷ ᠨᠢ ᠴᠤ ᠰᠠᠶᠢᠨ ᠪᠠᠶᠢᠳᠠᠭ᠂ ᠮᠦ ᠪᠦᠷᠢ ᠠᠴᠠ 200 ᠊᠊᠊᠊ 300 ᠵᠢᠩ ᠤᠨ ᠤᠨᠡᠯᠳᠡ ᠶᠢ ᠨᠡᠮᠡᠭᠳᠡᠭᠦᠯᠦᠨ᠎ᠡ︕︾ ᠭᠡᠵᠦ ᠬᠠᠰᠤᠨ ᠪᠠᠶᠠᠷᠲᠠᠢ ᠶᠠᠷᠢᠵᠤ ᠪᠠᠶᠢᠯ᠎ᠠ᠃       ᠬᠦᠷᠢᠶ᠎ᠡ ᠬᠤᠰᠢᠭᠤ ︽ᠵᠠᠬᠢᠶᠠᠯᠠᠭ᠎ᠠ ᠨᠡᠶᠢᠯᠡᠭᠦᠯᠵᠦ︾ ᠲᠠᠷᠢᠶᠠᠯᠠᠩ ᠤᠨ ᠬᠡᠷᠡᠭᠰᠡᠯ ᠬᠤᠳᠠᠯᠳᠤᠨ ᠠᠪᠬᠤ᠂ ︽ᠪᠦᠯᠭᠦᠮ ᠪᠠᠶᠢᠭᠤᠯᠤᠨ︾ ᠬᠠᠪᠤᠷ ᠤᠨ ᠲᠠᠷᠢᠶᠠᠯᠠᠭ᠎ᠠ ᠪᠠᠨ ᠪᠡᠯᠡᠳᠬᠡᠬᠦ ᠭᠡᠯᠪᠡᠷᠢ ᠪᠠᠷ ᠳᠠᠮᠵᠢᠨ᠂ ᠲᠠᠷᠢᠶᠠᠴᠢᠨ ᠡᠷᠦᠭᠡ ᠳᠤ ᠦᠨᠡᠨ ᠬᠦ ᠪᠣᠳᠠᠲᠠᠢ ᠠᠰᠢᠭ ᠬᠦᠷᠲᠡᠭᠡᠪᠡ᠃ ᠣᠳᠣᠬᠠᠨ ᠪᠤᠯᠲᠠᠯ᠎ᠠ᠂ ᠪᠦᠭᠦ ᠬᠤᠰᠢᠭᠤ  ᠪᠠᠷ ᠢᠶᠠᠨ ᠡᠷᠳᠡᠨᠢ ᠰᠢᠰᠢ ᠶᠢᠨ ᠦᠷ᠎ᠡ ᠶᠢ 152 ᠲᠣᠨ᠂ ᠬᠢᠮᠢ ᠶᠢᠨ ᠪᠣᠷᠳᠣᠭᠤᠷ ᠢ 4683 ᠲᠣᠨ᠂ ᠲᠠᠷᠢᠶᠠᠨ ᠡᠮ ᠢ 13.75 ᠲᠣᠨ ᠨᠢᠭᠡᠳᠦᠯᠲᠡᠢ ᠬᠤᠳᠠᠯᠳᠤᠨ ᠠᠪᠴᠤ᠂ ᠵᠢᠱᠢᠯᠲᠡ ᠪᠠᠷ 1142 ᠲᠦᠮᠡᠨ ᠲᠥᠭᠦᠷᠢᠭ ᠤᠨ ᠥᠪᠡᠷ ᠤᠨ ᠥᠷᠲᠡᠭ ᠢ ᠠᠷᠪᠢᠯᠠᠭᠰᠠᠨ ᠪᠠᠶᠢᠨ᠎ᠠ᠃                             ︵ᠮᠧᠶ ᠶᠢᠩ ᠲᠠᠶᠢᠴᠢᠨ︶ 
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ