ᠰᠤᠷᠪᠤᠯᠵᠢᠯᠠᠬᠴᠢ ᠬᠤᠨᠭ᠌ ᠰᠢᠶᠠ ᠵᠤᠤ ᠲᠠᠨ᠎ᠠ ᠴᠢᠮᠡᠭᠡᠯᠡᠭᠴᠢ ᠶᠢᠨ ᠯᠢᠩ | ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠴᠠᠭ ᠬᠦᠷᠴᠦ ᠢᠷᠡᠬᠦ ᠶᠢ ᠳᠠᠭᠠᠯᠳᠤᠨ᠂ ᠵᠠᠷᠤᠳ ᠬᠤᠰᠢᠭᠤ ᠴᠠᠭ ᠲᠣᠭᠢᠶᠠᠯ ᠢ ᠠᠮᠵᠢᠵᠤ᠂ ᠬᠠᠶᠠᠭᠳᠠᠮᠠᠯ | ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠲᠤᠰᠬᠠᠢ ᠠᠵᠢᠯᠯᠠᠭ᠎ᠠ ᠶᠢ ᠪᠦᠭᠦ ᠲᠠᠯ᠎ᠠ ᠪᠠᠷ ᠡᠬᠢᠯᠡᠭᠦᠯᠵᠦ᠂ ᠲᠠᠷᠢᠶᠠᠯᠠᠩ ᠤᠨ ᠪᠣᠬᠢᠷᠳᠤᠯ ᠦᠭᠡᠢ ᠦᠷᠭᠦᠯᠵᠢᠯᠡᠬᠦᠶᠢᠴᠡ | ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ ᠪᠤᠢ᠃ | ᠥᠯᠵᠡᠶᠢᠮᠥ᠋ᠷᠡᠨ ᠰᠤᠮᠤᠨ ᠤ ᠴᠠᠭᠠᠨᠨᠠᠭᠤᠷ ᠭᠠᠴᠠᠭ᠎ᠠ ᠶᠢᠨ ᠵᠠᠯᠭᠠᠯᠳᠤᠭᠰᠠᠨ ᠲᠠᠷᠢᠶᠠᠨ ᠭᠠᠵᠠᠷ ᠲᠤ᠂ ᠲᠣᠮᠣ ᠭᠡᠯᠪᠡᠷᠢ ᠶᠢᠨ ᠲᠷᠠᠺᠲ᠋ᠣᠷ ᠬᠦᠷᠴᠢᠭᠢᠨᠡᠨ᠂ | ᠬᠠᠶᠠᠭᠳᠠᠮᠠᠯ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠮᠠᠰᠢᠨ ᠲᠠᠷᠢᠶᠠᠨ ᠭᠠᠵᠠᠷ ᠲᠤ ᠨᠠᠭᠠᠰᠢ ᠴᠠᠭᠠᠰᠢ ᠰᠦᠯᠵᠢᠯᠳᠦᠵᠦ᠂ ᠬᠠᠶᠠᠭᠳᠠᠮᠠᠯ ᠰᠦᠯᠢᠶᠥᠦ | ᠪᠦᠷᠬᠦᠪᠴᠢ ᠶᠢ ᠬᠤᠷᠢᠶᠠᠨ ᠠᠪᠬᠤ ᠠᠵᠢᠯ ᠢ ᠥᠨᠳᠥᠷ ᠪᠦᠲᠦᠮᠵᠢᠲᠡᠶ ᠪᠠᠷ ᠥᠷᠨᠢᠭᠦᠯᠵᠦ ᠪᠠᠶᠢᠯ᠎ᠠ᠃ | ︽ᠥᠩᠭᠡᠷᠡᠭᠰᠡᠨ ᠳᠤ᠂ ᠬᠠᠪᠤᠷ ᠪᠣᠯᠣᠭᠰᠠᠭᠠᠷ ᠲᠠᠷᠢᠶᠠᠨ ᠭᠠᠵᠠᠷ ᠤᠨ ᠬᠠᠶᠠᠭᠳᠠᠮᠠᠯ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠨᠢ ᠶᠡᠭᠡ ᠠᠰᠠᠭᠤᠳᠠᠯ | ᠪᠤᠯᠳᠠᠭ᠂ ᠡᠨᠡ ᠨᠢ ᠣᠷᠴᠢᠨ ᠲᠣᠭᠤᠷᠢᠨ ᠤ ᠥᠩᠭᠡ ᠦᠵᠡᠮᠵᠢ ᠶᠢ ᠨᠥᠯᠥᠭᠡᠯᠡᠬᠦ ᠪᠠᠷ ᠪᠠᠷᠠᠬᠤ ᠦᠭᠡᠢ ᠪᠠᠰᠠ ᠭᠠᠵᠠᠷ ᠰᠢᠷᠣᠢ ᠶᠢ ᠪᠣᠬᠢᠷᠲᠤᠭᠤᠯᠳᠠᠭ᠃ ᠦᠬᠡᠷ ᠬᠤᠨᠢ | ᠡ᠊ᠨᠳᠡᠭᠦᠷᠡᠭᠡᠳ ᠢᠳᠡᠪᠡᠯ ᠰᠢᠩᠭᠡᠭᠡᠯᠲᠡ ᠶᠢᠨ ᠠᠰᠠᠭᠤᠳᠠᠯ ᠢ ᠠᠮᠠᠷᠬᠠᠨ ᠡᠭᠦᠰᠬᠡᠨ᠎ᠡ᠃ ᠣᠳᠣᠬᠠᠨ ᠳᠤ᠂ ᠲᠣᠮᠣ ᠭᠡᠯᠪᠡᠷᠢ ᠶᠢᠨ ᠮᠠᠰᠢᠨ ᠢᠶᠠᠷ ᠬᠠᠶᠠᠭᠳᠠᠮᠠᠯ ᠪᠦᠷᠬᠦᠪᠴᠢ ᠶᠢ | ᠬᠤᠷᠢᠶᠠᠨ ᠠᠪᠬᠤ ᠨᠢ ᠦᠷ᠎ᠡ ᠪᠦᠲᠦᠮᠵᠢ ᠪᠠᠷ ᠥᠨᠳᠥᠷ ᠮᠥᠷᠲᠡᠭᠡᠨ ᠴᠡᠪᠡᠷᠬᠡᠨ ᠠᠷᠢᠯᠭᠠᠵᠤ᠂ ᠦᠨᠡᠬᠡᠷ ᠴᠠᠭ ᠬᠦᠴᠦᠨ ᠳᠤ ᠠᠷᠪᠢᠲᠠᠢ᠂ ᠲᠠᠷᠢᠶᠠᠴᠢᠳ ᠶᠡᠭᠡ ᠰᠠᠨᠠᠭ᠎ᠠ | ᠠᠮᠤᠷ ᠪᠣᠯᠵᠠᠢ︾ ᠭᠡᠵᠦ ᠥᠯᠵᠡᠶᠢᠮᠥ᠋ᠷᠡᠨ ᠰᠤᠮᠤ ᠶᠢᠨ ᠲᠠᠷᠢᠮᠠᠯ ᠤᠨ ᠲᠣᠮᠣ ᠡᠷᠦᠭᠡ ᠰᠢᠶᠧ ᠶᠦᠩ ᠱᠢ ᠤᠴᠢᠷᠯᠠᠨ ᠶᠠᠷᠢᠨ᠎ᠠ᠃ ᠣᠶᠢᠯᠠᠭᠠᠭᠰᠠᠨ ᠢᠶᠠᠷ᠂ ᠡᠳᠡᠭᠡᠷ | ᠬᠠᠶᠠᠭᠳᠠᠮᠠᠯ ᠰᠦᠯᠢᠶᠥᠦ ᠪᠦᠷᠬᠦᠪᠴᠢ ᠶᠢ ᠲᠦᠩᠯᠢᠶᠣᠣ ᠶᠢᠨ ᠴᠠᠭᠢᠯᠭᠠᠨ ᠤ ᠦᠢᠯᠡᠳᠪᠦᠷᠢ ᠳᠤ ᠠᠪᠠᠴᠢᠵᠤ ᠬᠤᠳᠠᠯᠳᠤᠪᠠᠯ ᠲᠣᠨ ᠪᠦᠷᠢ ᠳᠡᠭᠡᠨ 300 ᠲᠥᠭᠦᠷᠢᠭ | ᠣᠷᠴᠢᠮ ᠤᠨ ᠣᠷᠣᠯᠭ᠎ᠠ ᠣᠯᠣᠨ᠎ᠠ᠃ | ᠬᠠᠶᠠᠭᠳᠠᠮᠠᠯ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠠᠵᠢᠯ ᠢ ᠥᠨᠳᠥᠷ ᠪᠦᠲᠦᠮᠵᠢᠲᠡᠢ ᠠᠬᠢᠭᠤᠯᠬᠤ ᠶᠢ ᠪᠠᠲᠤᠯᠠᠬᠤ ᠶᠢᠨ ᠲᠥᠯᠥᠭᠡ᠂ ᠥᠯᠵᠡᠶᠢᠮᠥ᠋ᠷᠡᠨ | ᠰᠤᠮᠤ ᠶᠢᠨ ᠬᠢᠨ ᠬᠤᠷᠰᠢᠶᠠᠵᠢᠯ ᠪᠣᠯᠣᠨ ᠮᠠᠯᠴᠢᠨ ᠲᠠᠷᠢᠶᠠᠴᠢᠳ ᠢ ᠥᠷᠭᠡᠨ ᠢᠶᠠᠷ ᠲᠠᠶᠢᠴᠢᠯᠠᠵᠥ᠂ ᠬᠠᠶᠠᠭᠳᠠᠮᠠᠯ ᠰᠦᠯᠢᠶᠥᠦ ᠪᠦᠷᠬᠦᠪᠴᠢ ᠶᠢ ᠬᠤᠷᠢᠶᠠᠨ ᠠᠪᠬᠤ | ᠮᠠᠰᠢᠨ ᠢ ᠠᠰᠢᠭᠯᠠᠨ ᠨᠢᠭᠡᠳᠦᠯᠲᠡᠢ ᠠᠵᠢᠯᠯᠠᠭᠤᠯᠵᠤ ᠪᠠᠶᠢᠨ᠎ᠠ᠃ ᠡᠨᠡ ᠬᠦ ᠠᠷᠭ᠎ᠠ ᠬᠡᠮᠵᠢᠶ᠎ᠡ ᠨᠢ ᠬᠠᠶᠠᠭᠳᠠᠮᠠᠯ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠦᠷ᠎ᠡ | ᠪᠦᠲᠦᠮᠵᠢ ᠪᠠ ᠶᠠᠰᠤ ᠴᠢᠨᠠᠷ ᠢ ᠲᠤᠶᠢᠯ ᠤᠨ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ᠃︽ᠡᠨᠡ ᠵᠢᠯ ᠮᠠᠨ ᠤ ᠰᠤᠮᠤ ᠬᠠᠶᠠᠭᠳᠠᠮᠠᠯ ᠰᠦᠯᠢᠶᠥᠦ ᠪᠦᠷᠬᠦᠪᠴᠢ ᠶᠢ ᠨᠡᠶᠢᠲᠡ | 2.6 ᠲᠦᠮᠡᠨ ᠮᠦ ᠬᠤᠷᠢᠶᠠᠨ ᠠᠪᠬᠤ ᠪᠠᠷ ᠲᠥᠯᠥᠪᠯᠡᠵᠦ᠂ ᠡᠯ᠎ᠡ ᠲᠥᠷᠥᠯ ᠤᠨ ᠬᠠᠶᠠᠭᠳᠠᠮᠠᠯ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠮᠠᠰᠢᠨ ᠢ ᠨᠡᠶᠢᠲᠡ 4 | ᠰᠠᠭᠤᠷᠢ ᠬᠥᠳᠡᠯᠭᠡᠭᠰᠡᠨ ᠪᠠᠶᠢᠨ᠎ᠠ︾ ᠭᠡᠵᠦ ᠥᠯᠵᠡᠶᠢᠮᠥ᠋ᠷᠡᠨ ᠰᠤᠮᠤ ᠶᠢᠨ ᠳᠡᠳ᠋ ᠰᠤᠮᠤᠨ ᠳᠠᠷᠤᠭ᠎ᠠ ᠯᠢ ᠶᠠᠨ ᠲᠠᠨᠢᠯᠴᠠᠭᠤᠯᠤᠨ᠎ᠠ᠃ | ᠬᠠᠶᠠᠭᠳᠠᠮᠠᠯ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠬᠦᠴᠢᠷ ᠠᠰᠠᠭᠤᠳᠠᠯ ᠢ ᠡᠬᠢ ᠡᠭᠦᠰᠦᠯ ᠠᠴᠠ ᠨᠢ ᠰᠢᠢᠳᠪᠦᠷᠢᠯᠡᠬᠦ ᠶᠢᠨ ᠲᠥᠯᠥᠭᠡ᠂ | ᠣᠶᠢᠷ᠎ᠠ ᠶᠢᠨ ᠵᠢᠯ ᠳᠤ᠂ ᠵᠠᠷᠤᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠠᠰᠠ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠢ ᠵᠣᠬᠢᠶᠠᠨ | ᠪᠠᠶᠢᠭᠤᠯᠤᠨ ᠭᠠᠴᠠᠭ᠎ᠠ ᠲᠣᠰᠬᠤᠨ ᠳᠤ ᠭᠦᠨᠵᠡᠭᠡᠶᠢᠷᠡᠭᠦᠯᠵᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠲᠤᠬᠠᠢ ᠶᠢᠨ ᠲᠠᠯᠠᠪᠤᠷ ᠤᠨ ᠦᠵᠡᠭᠦᠯᠭᠡ ᠶᠢᠨ ᠬᠤᠷᠠᠯ | ᠬᠤᠷᠠᠯᠳᠤᠭᠤᠯᠬᠤ ᠵᠡᠷᠭᠡ ᠣᠯᠠᠨ ᠵᠦᠢᠯ ᠤᠨ ᠭᠡᠯᠪᠡᠷᠢ ᠪᠠᠷ ᠳᠠᠮᠵᠢᠭᠤᠯᠤᠨ᠂ ᠲᠠᠷᠢᠶᠠᠯᠠᠩ ᠤᠨ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠵᠢᠴᠢ | ᠬᠠᠶᠠᠭᠳᠠᠮᠠᠯ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠶᠢᠨ ᠴᠢᠬᠤᠯᠠ ᠠᠴᠢ ᠬᠤᠯᠪᠣᠭᠳᠠᠯ ᠢ ᠥᠷᠭᠡᠨ ᠢᠶᠠᠷ ᠤᠬᠠᠭᠤᠯᠤᠭᠰᠠᠨ ᠪᠠᠶᠢᠨ᠎ᠠ᠃ ᠡᠭᠦᠨ ᠤ ᠬᠠᠮᠲᠤ᠂ | ᠵᠤᠵᠠᠭᠠᠨ ᠪᠥᠭᠡᠳ ᠴᠢᠨᠠᠷ ᠰᠠᠶᠢᠲᠠᠢ ᠣᠷᠴᠢᠨ ᠠᠬᠤᠢ ᠶᠢᠨ ᠬᠠᠮᠠᠭᠠᠯᠠᠯᠲᠠ ᠶᠢᠨ ᠰᠦᠯᠢᠶᠥᠦ ᠪᠦᠷᠬᠦᠪᠴᠢ ᠶᠢ ᠶᠡᠭᠡ ᠪᠠᠷ ᠳᠡᠯᠭᠡᠷᠡᠭᠦᠯᠦᠨ ᠬᠡᠷᠡᠭᠯᠡᠵᠦ᠂ ᠨᠠᠮᠤᠷ ᠤᠨ | ᠬᠤᠷᠢᠶᠠᠯᠲᠠ ᠶᠢᠨ ᠳᠠᠷᠠᠭ᠎ᠠ ᠬᠤᠷᠢᠶᠠᠨ ᠠᠪᠬᠤ ᠳᠤ ᠲᠥᠭᠦᠮ ᠪᠤᠯᠭᠠᠵᠤ᠂ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠬᠦᠴᠢᠷ ᠠᠰᠠᠭᠤᠳᠠᠯ ᠢ ᠡᠬᠢ | ᠡᠭᠦᠰᠦᠯ ᠠᠴᠠ ᠨᠢ ᠰᠢᠢᠳᠪᠦᠷᠢᠯᠡᠵᠦ᠂ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠪᠦᠲᠦᠮᠵᠢᠲᠡᠶ ᠠᠬᠢᠭᠤᠯᠪᠠ᠃ | ᠲᠠᠷᠠᠭᠠᠴᠢ ᠶᠢᠨ ᠠᠯᠬᠤᠮ ᠳᠤ᠂ ᠲᠤᠰ ᠬᠤᠰᠢᠭᠤ ᠪᠦᠭᠦ ᠬᠤᠰᠢᠭᠤᠨ ᠤ 19.84 ᠲᠦᠮᠡᠨ ᠮᠦ ᠲᠠᠷᠢᠶᠠᠨ ᠭᠠᠵᠠᠷ ᠤᠨ ᠬᠠᠶᠠᠭᠳᠠᠮᠠᠯ ᠰᠦᠯᠢᠶᠥᠦ ᠪᠦᠷᠬᠦᠪᠴᠢ | ᠶᠢ ᠬᠤᠷᠢᠶᠠᠨ ᠠᠪᠬᠤ ᠪᠠᠷ ᠴᠠᠭ ᠢ ᠠᠮᠵᠢᠨ ᠠᠵᠢᠯᠯᠠᠵᠤ ᠪᠤᠢ᠃ ᠡᠨᠡ ᠬᠦ ᠠᠷᠭ᠎ᠠ ᠬᠢᠳᠡᠯ ᠨᠢ ᠲᠠᠷᠢᠶᠠᠴᠢᠨ ᠡᠷᠦᠭᠡ ᠶᠢ ᠲᠠᠶᠢᠴᠢᠯᠠᠨ ᠰᠠᠨᠠᠭᠠᠴᠢᠯᠠᠭ᠎ᠠ ᠠᠴᠠ ᠪᠠᠨ | ᠲᠠᠷᠢᠶᠠᠨ ᠭᠠᠵᠠᠷ ᠤᠨ ᠬᠠᠶᠠᠭᠳᠠᠮᠠᠯ ᠰᠦᠯᠢᠶᠥᠦ ᠪᠦᠷᠬᠦᠪᠴᠢ ᠪᠠᠨ ᠬᠤᠷᠢᠶᠠᠨ ᠠᠪᠬᠤ ᠪᠤᠯᠭᠠᠵᠤ᠂ ᠣᠷᠣᠯᠭ᠎ᠠ ᠶᠢᠨ ᠨᠡᠮᠡᠭᠳᠡᠯ ᠢ ᠨᠢ ᠳᠠᠶᠢᠴᠢᠯᠠᠭᠰᠠᠨ ᠢᠶᠠᠷ ᠪᠠᠷᠠᠬᠤ | ᠦᠭᠡᠢ ᠪᠠᠰᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠵᠢᠴᠢ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠳᠤ ᠪᠠᠲᠤ | ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ | |