ᠬᠤᠷᠴᠢᠨ ᠲᠣᠭᠤᠷᠢᠭ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠵᠦ ᠦᠨᠳᠦᠰᠦᠲᠡᠨ ᠤ ᠪᠦᠯᠬᠦᠮᠳᠡᠯ ᠤᠨ ᠬᠦᠴᠦᠨ ᠢ ᠨᠢᠭᠲᠠᠷᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/4/18
      ᠣᠶᠢᠷ᠎ᠠ ᠶᠢᠨ ᠵᠢᠯ ᠠᠴᠠ ᠨᠠᠭᠠᠰᠢ᠂ ᠬᠤᠷᠴᠢᠨ ᠲᠣᠭᠤᠷᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠠᠷᠢᠮᠲᠠᠯᠠᠵᠤ᠂ ︽ᠰᠣᠶᠣᠯ ᠵᠢᠭᠤᠯᠴᠢᠯᠠᠯ ᠤᠨ ᠠᠭᠤᠰᠤᠯᠴᠠᠯ + ᠦᠨᠳᠦᠰᠦᠲᠡᠨ ᠤ ᠪᠦᠯᠬᠦᠮᠳᠡᠯ︾ ᠢᠶᠠᠷ ᠠᠴᠢᠶᠠᠯᠠᠪᠤᠷᠢ ᠪᠤᠯᠭᠠᠵᠤ᠂ ︽ᠭᠤᠷᠪᠠ ᠶᠢ ᠪᠠᠷᠢᠮᠲᠠᠯᠠᠬᠤ︾ ᠳᠤ ᠰᠠᠭᠤᠷᠢᠯᠠᠵᠤ᠂ ᠰᠣᠶᠣᠯ ᠵᠢᠭᠤᠯᠴᠢᠯᠠᠯ ᠤᠨ ᠠᠵᠤ ᠠᠬᠤᠢ ᠶᠢ ᠬᠥᠭᠵᠢᠭᠦᠯᠵᠦ᠂ ᠠᠭᠤᠰᠤᠯᠴᠠᠭᠤᠯᠬᠤ ᠠᠵᠢᠯ ᠢ ᠠᠮᠢᠳᠤᠯᠢᠭ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯᠣᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠵᠢᠯ ᠲᠦᠷᠦᠯ ᠠᠯᠤᠰᠯᠠᠨ ᠠᠭᠤᠰᠤᠯᠴᠠᠬᠤ᠂ ᠭᠦᠨᠵᠡᠭᠡᠢ ᠬᠠᠷᠢᠯᠴᠠᠨ ᠠᠬᠢᠭᠤᠯᠬᠤ ᠶᠢ ᠪᠡᠶᠡᠯᠡᠭᠦᠯᠵᠦ᠂ ᠵᠢᠭᠤᠯᠴᠢᠯᠠᠯ ᠢᠶᠠᠷ ︽ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ︾ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠠᠢ᠃      ᠲᠣᠭᠲᠠᠴᠠ ᠪᠠᠷ ︽ᠬᠥᠲᠥᠯᠪᠦᠷᠢ︾ ᠪᠤᠯᠭᠠᠬᠤ ᠶᠢ ᠪᠠᠷᠢᠮᠲᠠᠯᠠᠵᠤ᠂ ᠪᠦᠯᠬᠦᠮᠳᠡᠯ ᠳᠤ ︽ᠴᠢᠳᠠᠪᠬᠢ ᠣᠯᠭᠤᠬᠤ︾ ᠶᠢ ᠠᠬᠢᠭᠤᠯᠪᠠ᠃ ᠨᠠᠮ ᠤᠨ ᠬᠤᠷᠢᠶ᠎ᠠ ᠠᠴᠠ ᠦᠨᠳᠦᠰᠦᠲᠡᠨ ᠤ ᠠᠵᠢᠯ ᠢ ᠤᠳᠤᠷᠢᠳᠬᠤ ᠪᠠᠶᠢᠭᠤᠯᠤᠮᠵᠢ ᠲᠣᠭᠲᠠᠴᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠣᠨᠢᠯᠠᠵᠤ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠤᠨ ᠳᠠᠪᠠᠭᠤᠯᠢᠭ ᠢ ᠪᠠᠳᠠᠷᠠᠭᠤᠯᠵᠤ᠂ ᠤᠷᠢᠳᠴᠢᠯᠠᠨ ᠠᠷᠭ᠎ᠠ ᠰᠦᠪᠡᠭᠴᠢᠯᠡᠵᠦ᠂ ᠪᠣᠳᠠᠲᠠᠢ ᠶᠢ ᠡᠷᠬᠢᠮᠯᠡᠨ ᠠᠬᠢᠭᠤᠯᠵᠤ᠂ ᠬᠤᠷᠴᠢᠨ ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ᠂ ᠦᠨᠳᠦᠰᠦᠲᠡᠨ ᠤ ᠠᠵᠢᠯ ᠤᠨ ᠭᠡᠰᠢᠭᠦᠨ ᠤ ᠳᠦᠷᠢᠮ ᠳᠤ ᠲᠦᠰᠢᠭᠯᠡᠨ ᠪᠦᠬᠦᠯᠢ ᠴᠣᠭᠴᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠳᠡᠭᠡᠷ᠎ᠡ ᠳᠣᠣᠷ᠎ᠠ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠭᠰᠡᠨ᠂ ᠵᠡᠭᠦᠨᠰᠢ ᠪᠠᠷᠠᠭᠤᠨᠰᠢ ᠵᠣᠬᠢᠴᠠᠭᠤᠯᠤᠭᠰᠠᠨ᠂ ᠪᠦᠭᠦ ᠲᠠᠯ᠎ᠠ ᠶᠢ ᠪᠦᠷᠬᠦᠭᠰᠡᠨ᠂ ᠰᠢᠭᠤᠳ ᠰᠢᠯᠤᠭᠤᠨ ᠥᠨᠳᠥᠷ ᠪᠦᠲᠦᠮᠵᠢᠲᠡᠢ ᠠᠵᠢᠯ ᠤᠨ ᠰᠢᠰᠲ᠋ᠧᠮ ᠢ ᠪᠦᠷᠢᠯᠳᠦᠭᠦᠯᠬᠦ ᠶᠢ ᠠᠬᠢᠭᠤᠯᠪᠠ᠃ ᠮᠡᠳᠡᠭᠡ ᠵᠠᠩᠭᠢ ᠶᠢ ᠨᠡᠪᠲᠡᠷᠡᠯᠴᠡᠨ ᠰᠣᠯᠢᠯᠴᠠᠵᠤ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ᠂ ᠰᠣᠶᠣᠯ ᠵᠢᠭᠤᠯᠴᠢᠯᠠᠯ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠪᠣᠳᠠᠲᠠᠢ ᠬᠤᠪᠢᠶᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠ ᠬᠤᠯᠪᠣᠭᠠᠴᠢᠨ ᠢ ᠲᠣᠳᠣᠷᠬᠠᠢ ᠲᠣᠭᠲᠠᠭᠠᠨ᠂ ᠠᠳᠠᠯᠢ ᠳᠠᠪᠲᠠᠮᠵᠢ ᠪᠠᠷ ᠬᠠᠮᠲᠤᠳᠬᠠᠬᠤ᠂ ᠨᠢᠭᠡ ᠴᠣᠭᠴᠠᠵᠢᠭᠤᠯᠤᠨ ᠠᠬᠢᠭᠤᠯᠬᠤ ᠶᠢ ᠪᠡᠶᠡᠯᠡᠭᠦᠯᠵᠦ᠂ ᠵᠢᠭᠤᠯᠴᠢᠯᠠᠯ ᠢᠶᠠᠷ ︽ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ︾ ᠢ ᠠᠬᠢᠭᠤᠯᠬᠤ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠪᠠ᠃ ᠬᠤᠷᠴᠢᠨ ᠤ ᠵᠢᠭᠤᠯᠴᠢᠯᠠᠯ ᠤᠨ ᠡᠬᠢ ᠪᠠᠶᠠᠯᠢᠭ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠴᠢᠶᠠᠯᠠᠭᠰᠠᠨ ᠲᠡᠦᠬᠡᠨ ᠮᠠᠲ᠋ᠧᠷᠢᠶᠠᠯ ᠤᠨ ᠰᠢᠰᠲ᠋ᠧᠮ᠂ ᠦᠭᠡ ᠶᠠᠷᠢᠶᠠᠨ ᠤ ᠰᠢᠰᠲ᠋ᠧᠮ᠂ ᠲᠠᠶᠢᠯᠪᠤᠷᠢᠯᠠᠬᠤ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠬᠤᠷᠴᠢᠨ ᠤ ᠵᠢᠭᠤᠯᠴᠢᠯᠠᠯ ᠤᠨ ᠠᠭᠤᠯᠤᠭᠳᠠᠬᠤᠨ ᠪᠠ ᠢᠯᠡᠷᠡᠭᠦᠯᠬᠦ ᠬᠡᠮᠵᠢᠶ᠎ᠡ᠂ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ︽ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ︾ ᠤᠨ ᠰᠢᠨ᠎ᠡ ᠠᠭᠤᠯᠤᠭᠳᠠᠬᠤᠨ ᠳᠤ ᠴᠢᠳᠠᠪᠬᠢ ᠣᠯᠭᠤᠵᠤ᠂ ᠦᠨᠳᠦᠰᠦᠲᠡᠨ ᠨᠦᠭᠦᠳ ᠤᠨ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠣᠶᠤᠨ ᠰᠠᠨᠠᠭ᠎ᠠ ᠶᠢ ᠬᠠᠷᠢᠯᠴᠠᠨ ᠲᠦᠰᠢᠭᠯᠡᠭᠦᠯᠪᠡ᠃      ᠤᠬᠠᠭᠤᠯᠤᠨ ᠬᠥᠮᠥᠵᠢᠭᠦᠯᠬᠦ ᠪᠠᠷ ︽ᠤᠳᠤᠷᠢᠳᠤᠮᠵᠢ︾ ᠪᠤᠯᠭᠠᠬᠤ ᠶᠢ ᠪᠠᠷᠢᠮᠲᠠᠯᠠᠵᠤ᠂ ᠠᠭᠤᠰᠤᠯᠴᠠᠯ ᠤᠨ ︽ᠶᠠᠰᠤ ᠴᠢᠨᠠᠷ ᠢ ᠳᠡᠭᠡᠭᠰᠢᠯᠡᠭᠦᠯᠭᠦ︾ ᠶᠢ ᠠᠬᠢᠭᠤᠯᠪᠠ᠃ ᠲᠠᠩᠰᠤᠭ ᠰᠠᠶᠢᠬᠠᠨ ᠰᠣᠶᠣᠯ ᠵᠢᠭᠤᠯᠴᠢᠯᠠᠯ ᠤᠨ ᠲᠠᠶᠢᠯᠠᠯᠭ᠎ᠠ ᠶᠢ ︽ᠠᠶᠠᠯᠠᠯ︾ ᠳᠤ ᠠᠭᠤᠰᠤᠯᠴᠠᠭᠤᠯᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠦᠲᠦᠭᠡᠬᠦ ᠨᠠᠷᠠᠲᠤ ᠲᠥᠷᠥᠯ ᠲᠡᠮᠳᠡᠭᠲᠦ ᠶᠢ ᠪᠤᠶ ᠪᠤᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ ᠤᠨ ᠣᠷᠳᠣᠨ ᠵᠡᠷᠭᠡ ᠰᠣᠶᠣᠯ ᠤᠨ ᠲᠠᠯᠠᠪᠤᠷ ᠣᠷᠳᠣᠨ ᠳᠤ ᠲᠦᠰᠢᠭᠯᠡᠨ᠂ ᠬᠤᠷᠴᠢᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠠᠶᠢᠲᠤᠷ ᠶᠠᠷᠢᠪᠠ᠃ ︽5·19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾᠂ ︽ᠮᠣᠷᠢᠨ ᠤᠷᠤᠯᠳᠤᠭᠠᠨ ᠤ ᠪᠠᠶᠠᠷ︾᠂ ︽ᠠᠯᠳᠠᠨ ᠨᠠᠮᠤᠷ ᠤᠨ ᠵᠢᠮᠢᠰ ᠨᠣᠭᠤᠭ᠎ᠠ ᠲᠡᠭᠦᠬᠦ ᠪᠠᠶᠠᠷ︾ ᠵᠡᠷᠭᠡ ᠪᠠᠶᠠᠷ ᠳᠤᠷᠠᠰᠬᠠᠯ ᠤᠨ ᠠᠵᠢᠯᠯᠠᠭ᠎ᠠ ᠶᠢ ᠵᠠᠯᠭᠠᠭ᠎ᠠ ᠪᠠᠷ ᠤᠯᠠᠨ ᠵᠢᠯ ᠡᠷᠭᠢᠯᠡᠵᠦ᠂ ᠤᠯᠠᠨ ᠵᠦᠢᠯ ᠤᠨ ᠭᠡᠯᠪᠡᠷᠢ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠰᠢᠨ᠎ᠡ ᠶᠢ ᠡᠭᠦᠳᠦᠨ ᠥᠷᠨᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠪᠠ ᠡᠯᠪᠡᠭ ᠪᠠᠶᠠᠯᠢᠭ ᠰᠣᠶᠣᠯ ᠤᠨ ᠡᠭᠦᠳᠦᠯᠲᠡ ᠶᠢᠨ ᠵᠢᠭᠤᠯᠴᠢᠯᠠᠯ ᠤᠨ ᠪᠦᠲᠦᠭᠡᠭᠳᠡᠬᠦᠨ ᠢ ᠳᠡᠯᠭᠡᠨ ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠥᠮᠥᠰ ᠤᠨ ᠰᠡᠳᠬᠢᠯ ᠳᠤ ᠬᠠᠳᠠᠩᠰᠢᠭᠤᠯᠪᠠ᠃ ᠲᠣᠮᠣ ᠭᠡᠯᠪᠡᠷᠢ ᠶᠢᠨ ᠪᠥᠵᠢᠭ ︽ᠬᠤᠲᠠ ᠬᠢᠭᠡᠳ ᠲᠠᠯ᠎ᠠ ᠨᠤᠲᠤᠭ︾᠂ ︽ᠬᠤᠷᠴᠢᠨ ᠦᠵᠡᠰᠭᠦᠯᠡᠩ︾᠂ ᠳᠠᠭᠤᠤ ︽ᠨᠠᠭᠠᠳᠤᠮ︾᠂ ︽ᠵᠣᠯ ᠵᠢᠷᠭᠠᠯᠲᠤ ᠣᠯᠣᠯᠲᠠ︾ ᠵᠡᠷᠭᠡ 18 ᠤᠤᠭᠠᠯ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠦᠭᠦ ᠲᠠᠯ᠎ᠠ ᠪᠠᠷ ᠳᠡᠯᠭᠡᠨ ᠦᠵᠡᠭᠦᠯᠵᠦ᠂ ᠬᠤᠷᠴᠢᠨ ᠲᠣᠭᠤᠷᠢᠭ ᠤᠨ ᠡᠯ᠎ᠡ ᠦᠨᠳᠦᠰᠦᠲᠡᠨ ᠤ ᠬᠥᠪᠡᠭᠦᠳ ᠥᠬᠢᠳ ᠤᠨ ︽ᠦᠨᠳᠦᠰᠦᠲᠡᠨ ᠤ ᠪᠦᠯᠬᠦᠮᠳᠡᠯ ᠤᠨ ᠠᠶᠠᠰ ᠢ ᠬᠠᠮᠲᠤ ᠪᠠᠷ ᠴᠢᠪᠬᠠᠳᠠᠵᠤ᠂ ᠬᠤᠷᠴᠢᠨ ᠲᠣᠭᠤᠷᠢᠭ ᠤᠨ ᠡᠶ᠎ᠡ ᠵᠣᠬᠢᠴᠠᠯ ᠤᠨ ᠳᠠᠭᠤᠤ ᠶᠢ ᠬᠠᠮᠲᠤ ᠪᠠᠷ ᠳᠠᠭᠤᠯᠠᠬᠤ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠭᠦᠢᠴᠡᠳ ᠪᠤᠶ ᠪᠣᠯᠭᠠᠪᠠ᠃      ᠤᠯᠠᠮᠵᠢᠯᠠᠯ ᠢ ᠪᠠᠳᠠᠷᠠᠭᠤᠯᠵᠤ᠂ ᠰᠣᠶᠣᠯ ᠤᠨ ︽ᠦᠷ᠎ᠡ ᠠᠰᠢᠭ ᠢ ᠨᠡᠮᠡᠭᠳᠡᠭᠦᠯᠬᠦ︾ ᠶᠢ ᠠᠬᠢᠭᠤᠯᠪᠠ᠃ ︽ᠬᠤᠷᠴᠢᠨ ᠤ ᠲᠡᠦᠬᠡ︾ ᠶᠢᠨ ᠭᠤᠣᠯ ᠠᠭᠤᠯᠬᠤᠨ ᠢ ᠭᠦᠨᠵᠡᠭᠡᠢ ᠠᠭᠤᠳᠠᠯᠬᠤ ᠶᠢ ᠪᠠᠷᠢᠮᠲᠠᠯᠠᠵᠤ᠂ ᠵᠢᠭᠤᠯᠴᠢᠯᠠᠯ ᠢᠶᠠᠷ ᠳᠤᠮᠳᠠᠳᠤ ᠶᠢᠨ ᠰᠣᠶᠣᠯ ᠢ ᠣᠶᠢᠯᠠᠭᠠᠵᠤ᠂ ᠰᠣᠶᠣᠯ ᠤᠨ ᠢᠲᠡᠭᠡᠯ ᠢ ᠨᠡᠮᠡᠭᠳᠡᠭᠦᠯᠬᠦ ᠪᠦᠲᠦᠮᠵᠢᠲᠡᠶ ᠠᠷᠭ᠎ᠠ ᠵᠠᠮ ᠪᠤᠯᠭᠠᠵᠤ᠂ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠦᠷᠭᠦᠯᠵᠢᠯᠡᠨ ᠡᠭᠦᠳᠴᠦ᠂ ᠲᠦᠩᠯᠢᠶᠣᠣ ᠬᠤᠲᠠ ᠶᠢᠨ ᠮᠦᠽᠧᠢ ᠵᠡᠷᠭᠡ ᠤᠬᠠᠭᠤᠯᠭ᠎ᠠ ᠬᠥᠮᠦᠵᠢᠯ ᠤᠨ ᠵᠢᠭᠰᠠᠭᠠᠯ ᠤᠨ ᠭᠠᠵᠠᠷ ᠢ ᠠᠰᠢᠭᠯᠠᠨ᠂ ᠬᠤᠷᠴᠢᠨ ᠤ ᠬᠥᠪᠡᠭᠦᠳ ᠥᠬᠢᠳ ᠤᠨ ᠡᠯ᠎ᠡ ᠲᠡᠦᠬᠡᠨ ᠴᠠᠭ ᠦᠶ᠎ᠡ ᠳᠠᠬᠢ ᠲᠡᠮᠡᠴᠡᠯ ᠤᠨ ᠥᠯᠢᠭᠡᠷ ᠢ ᠲᠣᠳᠣᠷᠬᠠᠢ ᠶᠠᠷᠢᠵᠤ᠂ ᠲᠡᠦᠬᠡ ᠰᠣᠶᠣᠯ ᠤᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠵᠢᠭᠤᠯᠴᠢᠯᠠᠯ ᠤᠨ ᠠᠵᠢᠯᠯᠠᠭᠠᠨ ᠤ ᠰᠣᠶᠣᠯ ᠤᠨ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠬᠤᠷᠴᠢᠨ ᠲᠣᠭᠤᠷᠢᠭ ᠤᠨ ᠤᠯᠠᠭᠠᠨᠮᠥ᠋ᠴᠢᠷ ᠤᠨ ᠵᠣᠬᠢᠶᠠᠭᠰᠠᠨ ᠶᠠᠷᠢᠶᠠᠲᠤ ᠵᠦᠴᠦᠭᠡ ︽ᠮᠣᠷᠢ ᠪᠠᠷ ᠳᠣᠪᠲᠤᠯᠤᠭᠰᠠᠨ ᠡᠳᠦᠷ︾᠂ ᠳᠠᠭᠤᠤ ᠪᠥᠵᠢᠭᠲᠦ ᠵᠦᠴᠦᠭᠡ ︽ᠥᠩᠭᠡᠲᠦ ᠡᠭᠦᠯᠡᠨ ᠤ ᠨᠤᠲᠤᠭ︾᠂ ᠣᠲᠣ ᠦᠶ᠎ᠡ ᠶᠢᠨ ᠦᠨᠳᠦᠰᠦᠲᠡᠨ ᠤ ᠪᠥᠵᠢᠭᠲᠦ ᠵᠦᠴᠦᠭᠡ ︽ᠴᠠᠭᠠᠨ ᠡᠭᠦᠯᠡ·ᠠᠷᠢᠭᠤᠨ ᠬᠥᠷᠥᠰᠥ︾ ᠨᠢ ᠬᠤᠷᠴᠢᠨ ᠤ ᠪᠠᠶᠢᠭᠠᠯᠢ ᠪᠣᠯᠣᠨ ᠰᠣᠶᠣᠯ ᠢᠷᠭᠡᠨᠰᠢᠯ ᠤᠨ ᠭᠦᠨ ᠠᠭᠤᠰᠤᠯᠴᠠᠯ ᠢ ᠠᠮᠢᠳᠤᠯᠢᠭ ᠢᠶᠠᠷ ᠲᠠᠶᠢᠯᠪᠤᠷᠢᠯᠠᠵᠤ᠂ ᠬᠤᠷᠴᠢᠨ ᠤ ᠦᠨᠳᠦᠰᠦᠲᠡᠨ ᠤ ᠵᠠᠩ ᠦᠢᠯᠡ ᠶᠢ ᠪᠦᠭᠦ ᠲᠠᠯ᠎ᠠ ᠪᠠᠷ ᠳᠡᠯᠭᠡᠨ ᠦᠵᠡᠭᠦᠯᠵᠦ᠂ ᠡᠯ᠎ᠡ ᠭᠠᠵᠠᠷ ᠠᠴᠠ ᠬᠦᠷᠦᠯᠴᠡᠨ ᠢᠷᠡᠭᠰᠡᠨ ᠵᠤᠭᠠᠴᠠᠭᠰᠠᠳ ᠲᠤ ᠡᠯ᠎ᠡ ᠦᠨᠳᠦᠰᠦᠲᠡᠨ ᠤ ᠰᠣᠶᠣᠯ ᠤᠨ ᠭᠤᠸ᠎ᠠ ᠰᠠᠶᠢᠬᠠᠨ ᠪᠣᠯᠣᠨ ᠬᠤᠷᠴᠢᠨ ᠤ ᠵᠠᠩ ᠠᠭᠠᠯᠢ ᠶᠢ ᠮᠡᠳᠡᠷᠡᠭᠦᠯᠪᠡ᠃ ᠪᠣᠳᠠᠰ ᠤᠨ ᠪᠤᠰᠤ ᠰᠣᠶᠣᠯ ᠤᠨ ᠥᠪ ᠪᠣᠯᠣᠨ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠢ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠪᠦᠲᠦᠮᠵᠢᠲᠡᠶ ᠠᠭᠤᠰᠤᠯᠴᠠᠭᠤᠯᠵᠤ᠂ ᠦᠵᠡᠮᠵᠢ ᠶᠢᠨ ᠣᠷᠣᠨ ᠤ ᠰᠣᠶᠣᠯ ᠤᠨ ᠠᠭᠤᠯᠤᠭᠳᠠᠬᠤᠨ ᠢ ᠪᠠᠶᠠᠯᠢᠭᠵᠢᠭᠤᠯᠵᠤ᠂ ᠰᠣᠶᠣᠯ ᠤᠨ ᠠᠭᠤᠯᠬᠤᠨ ᠢ ᠳᠡᠭᠡᠭᠰᠢᠯᠡᠭᠦᠯᠦᠨ᠂ ᠬᠤᠷᠴᠢᠨ ᠲᠣᠭᠤᠷᠢᠭ ᠤᠨ ᠨᠢᠭᠡᠳᠦᠭᠡᠷ ᠪᠦᠯᠦᠭ ᠤᠨ ᠲᠣᠭᠤᠷᠢᠭ ᠤᠨ ᠲᠣᠰ ᠱᠠᠲᠤᠨ ᠤ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ ᠶᠢ 4 ︵ᠮᠤᠷᠤᠢ ᠶᠢᠨ ᠰᠦᠮ᠎ᠡ ᠰᠤᠮᠤ᠂ ᠴᠢᠩ ᠾᠧ ᠪᠠᠯᠭᠠᠰᠤ᠂ ᠣᠷᠪᠣᠭ ᠪᠠᠯᠭᠠᠰᠤ᠂ ᠲᠠᠯᠠᠩ ᠪᠠᠯᠭᠠᠰᠤ︶᠂ ᠣᠨᠴᠠᠯᠢᠭᠲᠤ ᠵᠡᠭᠡᠯᠢ ᠲᠣᠭᠤᠷᠢᠭ ᠢ 1 ︵︽ᠸᠠᠨ ᠱᠢ ᠳ᠋ᠠ ᠵᠢᠢ︾ ᠶᠠᠪᠠᠭᠠᠨ ᠵᠡᠭᠡᠯᠢ︶ ᠶᠢ ᠡᠭᠦᠳᠴᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠰᠣᠶᠣᠯ ᠵᠢᠭᠤᠯᠴᠢᠯᠠᠯ ᠤᠨ ᠬᠥᠭᠵᠢᠯᠲᠡ ᠶᠢ ᠪᠡᠶ᠎ᠡ ᠪᠠᠷ ᠢᠶᠠᠨ ᠣᠶᠢᠯᠠᠭᠠᠬᠤ ᠳᠤᠮᠳᠠ ᠥᠷᠭᠡᠨ ᠢᠶᠠᠷ ᠶᠠᠪᠤᠯᠴᠠᠭᠤᠯᠤᠨ ᠰᠣᠯᠢᠯᠴᠠᠨ ᠠᠭᠤᠰᠤᠯᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤ ᠴᠣᠭᠴᠠᠯᠠᠪᠠ᠃                                 ︵ᠬᠠᠨ ᠮᠠᠨᠳᠠ ᠵᠢᠮᠢᠰ︶ 
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ