2025 ᠣᠨ ᠳᠤ ᠲᠦᠩᠯᠢᠶᠣᠣ ᠬᠤᠳᠠ ︽ᠪᠦᠭᠦ ᠤᠯᠤᠰ ᠤᠨ ᠮᠢᠬᠠᠨ ᠤ ᠦᠬᠡᠷ ᠤᠨ ᠠᠵᠤ ᠦᠢᠯᠡᠰ ᠤᠨ ᠲᠡᠷᠢᠭᠦᠨ ᠪᠠᠯᠭᠠᠰᠤ︾ ᠶᠢ ᠪᠦᠲᠦᠭᠡᠨ | ᠪᠠᠶᠢᠭᠤᠯᠬᠤ ᠬᠠᠷᠠᠯᠲᠠ ᠪᠠᠨ ᠥᠷᠭᠦᠯᠵᠢᠯᠠᠨ ᠴᠢᠩᠭ᠎ᠠ ᠣᠨᠢᠯᠠᠵᠤ᠂ ᠨᠠᠷᠢᠯᠢᠭ ᠡᠳ᠋ᠰᠢᠭᠦᠯᠬᠦ ᠪᠠᠨ ᠳᠡᠭᠡᠭᠰᠢᠯᠡᠭᠦᠯᠭᠦ᠂ ᠵᠠᠬ᠎ᠠ ᠳᠡᠯᠭᠡᠭᠦᠷ ᠤᠨ ᠡᠵᠡᠩᠨᠡᠯᠲᠡ | ᠪᠣᠷᠣᠯᠠᠭᠤᠯᠤᠯᠲᠠ ᠶᠢ ᠥᠷᠭᠡᠳᠬᠡᠬᠦ᠂ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ᠂ ᠬᠠᠩᠭᠠᠯᠭ᠎ᠠ ᠶᠢᠨ ᠬᠡᠯᠬᠢᠶ᠎ᠡ ᠶᠢᠨ ᠮᠥᠩᠭᠦᠨ ᠭᠦᠢᠯᠭᠡᠭᠡᠨ ᠢ | ᠰᠢᠯᠤᠭᠤᠳᠬᠠᠬᠤ᠂ ᠳᠤᠭᠠᠴᠢᠯᠠᠯᠲᠠ ᠶᠢᠨ ᠬᠦᠴᠦᠨ ᠳᠤ ᠲᠦᠰᠢᠭᠯᠡᠬᠦ᠂ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ᠂ ᠰᠠᠶᠢᠨ ᠡᠭᠦᠯᠳᠡᠷ ᠢ ᠦᠷᠡᠵᠢᠭᠦᠯᠦᠨ | ᠳᠡᠯᠭᠡᠷᠡᠭᠦᠯᠬᠦ᠂ ︽ᠰᠢᠯᠢᠳᠡᠭ ᠢ ᠨᠢ ᠦᠯᠡᠳᠡᠭᠡᠵᠦ ᠡᠬᠡ ᠮᠠᠯ ᠢ ᠪᠠᠲᠤᠯᠠᠬᠤ︾ 8 ᠭᠤᠣᠯᠳᠠᠯᠭ᠎ᠠ ᠲᠠᠢ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ ᠪᠠᠶᠢᠨ᠎ᠠ᠃ | ᠪᠠᠷᠢᠮᠵᠢᠶᠠᠲᠤ ᠲᠡᠵᠢᠭᠡᠨ ᠦᠷᠡᠵᠢᠭᠦᠯᠬᠦ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ ᠠᠵᠤ ᠦᠢᠯᠡᠰ ᠤᠨ ᠰᠠᠭᠤᠷᠢ ᠶᠢ ᠪᠠᠬᠢᠵᠢᠭᠦᠯᠵᠦ ᠪᠤᠢ | ᠲᠡᠵᠢᠭᠡᠨ ᠦᠷᠡᠵᠢᠭᠦᠯᠬᠦ ᠶᠢ ᠪᠠᠷᠢᠮᠵᠢᠶᠠᠵᠢᠭᠤᠯᠬᠤ ᠪᠣᠯ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠦᠨᠳᠦᠰᠦ ᠪᠤᠯᠬᠤ ᠶᠤᠮ᠃ ᠡᠨᠡ ᠵᠢᠯ᠂ | ᠲᠦᠩᠯᠢᠶᠣᠣ ᠬᠤᠲᠠ ︽ᠭᠤᠷᠪᠠᠨ 100︾ ᠶᠢᠨ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠭᠦ ᠡᠭᠦᠳᠦᠨ | ᠪᠠᠶᠢᠭᠤᠯᠬᠤ ᠠᠵᠢᠯᠯᠠᠭ᠎ᠠ ᠶᠢ ᠡᠬᠢᠯᠡᠭᠦᠯᠵᠦ᠂ 100 ᠲᠤᠰᠬᠠᠢ ᠮᠡᠷᠭᠡᠵᠢᠯᠲᠡᠨ 100 ᠭᠠᠴᠠᠭ᠎ᠠ ᠲᠣᠰᠬᠤᠨ ᠲᠠᠯᠠᠪᠠᠶ ᠳᠤ ᠭᠦᠨᠵᠡᠭᠡᠶᠢᠷᠡᠨ᠂ 100 ᠲᠠᠯᠠᠪᠠᠶ | ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠤᠬᠠᠭᠤᠯᠤᠨ ᠲᠠᠶᠢᠯᠪᠤᠷᠢᠯᠠᠯᠲᠠ ᠶᠢ ᠥᠷᠨᠢᠭᠦᠯᠵᠦ ᠪᠤᠢ᠃ 28 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ᠂ 10 | ᠵᠦᠢᠯ ᠤᠨ ᠭᠤᠣᠯᠯᠠᠨ ᠳᠡᠯᠭᠡᠷᠡᠭᠦᠯᠬᠦ ᠮᠡᠷᠭᠡᠵᠢᠯ᠂ 16 ᠵᠦᠢᠯ ᠤᠨ ᠠᠵᠢᠯᠯᠠᠬᠤ ᠵᠢᠷᠤᠮᠵᠢᠯ ᠤᠨ ᠲᠣᠭᠤᠷᠢᠨ ᠳᠤ ᠪᠣᠯᠪᠠᠰᠤᠷᠠᠯ ᠥᠷᠨᠢᠭᠦᠯᠦᠨ᠂ ᠤᠳᠤ ᠪᠤᠯᠳᠠᠯ᠎ᠠ | ᠨᠢᠭᠡᠨᠲᠡ 26 ᠬᠤᠭᠤᠴᠠᠭᠠᠨ ᠤ ᠲᠤᠰᠬᠠᠢ ᠰᠡᠳᠦᠪᠲᠦ ᠪᠣᠯᠪᠠᠰᠤᠷᠠᠯ ᠡᠷᠭᠢᠯᠡᠵᠦ᠂ 4800 ᠭᠠᠷᠤᠢ ᠬᠥᠮᠥᠨ ᠤᠳᠠᠭ᠎ᠠ ᠳᠤ ᠪᠣᠯᠪᠠᠰᠤᠷᠠᠯ ᠬᠦᠷᠲᠡᠭᠡᠵᠡᠢ᠃ | ︽ᠰᠢᠯᠢᠳᠡᠭ ᠢ ᠨᠢ ᠦᠯᠡᠳᠡᠭᠡᠵᠦ᠂ ᠡᠬᠡ ᠮᠠᠯ ᠢ ᠪᠠᠲᠤᠯᠠᠬᠤ︾ ᠢᠨᠵᠧᠨᠧᠷᠢᠩ ᠢ ᠠᠬᠢᠭᠤᠯᠵᠤ᠂ ᠨᠠᠷᠢᠯᠢᠭ ᠲᠡᠵᠢᠭᠡᠵᠦ ᠨᠠᠷᠢᠯᠢᠭ ᠪᠤᠶᠢᠵᠢᠭᠤᠯᠬᠤ ᠶᠢ | ᠰᠠᠨᠠᠭᠠᠴᠢᠯᠠᠵᠤ ᠪᠤᠢ | ᠰᠦᠷᠦᠭ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠭᠦ ᠲᠥᠷᠥᠯ ᠵᠦᠢᠯ ᠤᠨ 5940 ᠲᠦᠮᠡᠨ ᠲᠥᠭᠦᠷᠢᠭ ᠤᠨ ᠪᠡᠯᠡ ᠮᠥᠩᠭᠦ ᠶᠢ ᠴᠢᠷᠮᠠᠶᠢᠨ ᠣᠯᠵᠤ᠂ ︽ | ᠤᠷᠢᠳ ᠢᠶᠠᠷ ᠨᠡᠮᠡᠭᠳᠡᠭᠦᠯᠵᠦ ᠳᠠᠷᠠᠭ᠎ᠠ ᠨᠢ ᠨᠥᠬᠦᠪᠦᠷᠢᠯᠡᠬᠦ᠂ ᠲᠤᠭᠤᠯ ᠢ ᠦᠵᠡᠵᠦ ᠡᠬᠡ ᠮᠠᠯ ᠳᠤ ᠨᠥᠬᠦᠪᠦᠷᠢ ᠬᠦᠷᠲᠡᠭᠡᠬᠦ︾ ᠵᠠᠷᠴᠢᠮ ᠶᠣᠰᠣᠭᠠᠷ ᠴᠢᠨᠠᠷ ᠰᠠᠶᠢᠲᠠᠢ | ᠰᠠᠭᠤᠷᠢ ᠡᠬᠡ ᠮᠠᠯ ᠲᠡᠵᠢᠭᠡᠨ ᠦᠷᠡᠵᠢᠭᠦᠯᠵᠦ ᠪᠠᠶᠢᠭ᠎ᠠ ᠪᠡᠶᠡᠴᠢ ᠴᠣᠭᠴᠠ ᠳᠤ ᠬᠠᠮᠤᠭ ᠤᠨ ᠥᠨᠳᠥᠷ ᠲᠡᠭᠡᠨ 1500 ᠲᠥᠭᠦᠷᠢᠭ ᠤᠨ ᠨᠥᠬᠦᠪᠦᠷᠢ ᠬᠦᠷᠲᠡᠭᠡᠨ᠎ᠡ᠃ | ᠡᠭᠦᠨ ᠤ ᠬᠠᠮᠲᠤ ᠴᠢᠨᠠᠷ ᠰᠠᠶᠢᠲᠠᠢ ᠢᠴᠡᠭᠡᠯ ᠦᠷ᠎ᠡ᠂ ᠭᠦᠪᠦᠷᠡᠯ ᠰᠢᠯᠵᠢᠭᠦᠯᠦᠨ ᠪᠤᠶᠢᠵᠢᠭᠤᠯᠬᠤ ᠶᠢ ᠳᠡᠯᠭᠡᠷᠡᠭᠦᠯᠵᠦ᠂ ᠣᠳᠣᠬᠠᠨ ᠳᠤ ᠨᠢᠭᠡᠨᠲᠡ 20 ᠲᠦᠮᠡᠨ ᠢᠴᠡᠭᠡᠯ | ᠦᠷ᠎ᠡ᠂ 600 ᠭᠠᠷᠤᠢ ᠭᠦᠪᠦᠷᠡᠯ ᠢ ᠪᠤᠶᠢᠵᠢᠭᠤᠯᠤᠨ᠂ ᠰᠢᠨ᠎ᠡ ᠡᠭᠦᠯᠳᠡᠷ ᠢ ᠪᠤᠶᠢᠵᠢᠭᠤᠯᠬᠤ ᠲᠥᠰᠥᠯ ᠪᠣᠯᠣᠨ ᠰᠢᠯᠢᠳᠡᠭ ᠡᠭᠦᠯᠳᠡᠷ ᠤᠨ ᠨᠥᠬᠦᠪᠦᠷᠢ ᠲᠠᠢ ᠢᠴᠡᠭᠡᠯ | ᠦᠷ᠎ᠡ ᠶᠢᠨ ᠣᠷᠣᠨ ᠤ ᠬᠤᠪᠢᠶᠠᠷᠢᠯᠠᠯ ᠤᠨ ᠪᠠᠶᠢᠷᠢᠯᠠᠭᠤᠯᠤᠯᠲᠠ ᠶᠢ ᠲᠣᠭᠲᠠᠭᠠᠵᠤ᠂ ᠮᠢᠬᠠᠨ ᠤ ᠦᠬᠡᠷ ᠤᠨ ᠤᠷᠤᠯᠳᠤᠭᠠᠨ ᠵᠡᠷᠭᠡ ᠠᠵᠢᠯᠯᠠᠭ᠎ᠠ ᠶᠢ ᠢᠳᠡᠪᠬᠢᠲᠡᠢ | ᠪᠡᠯᠡᠳᠬᠡᠵᠦ ᠪᠠᠶᠢᠨ᠎ᠠ᠃ | ᠨᠠᠷᠢᠯᠢᠭ ᠭᠦᠨᠵᠡᠭᠡᠢ ᠡᠳ᠋ᠰᠢᠭᠦᠯᠬᠦ ᠶᠢ ᠠᠬᠢᠭᠤᠯᠤᠨ ᠦᠷᠲᠡᠭ ᠤᠨ ᠬᠡᠯᠬᠢᠶ᠎ᠡ ᠶᠢ ᠤᠷᠲᠤᠳᠬᠠᠵᠤ ᠪᠤᠢ | ᠨᠠᠷᠢᠯᠢᠭ ᠡᠳ᠋ᠰᠢᠭᠦᠯᠬᠦ ᠪᠣᠯ ᠮᠢᠬᠠᠨ ᠤ ᠦᠬᠡᠷ ᠤᠨ ᠠᠵᠤ ᠦᠢᠯᠡᠰ ᠤᠨ ᠨᠡᠮᠡᠯᠲᠡ ᠥᠷᠲᠡᠭ ᠢ ᠨᠡᠮᠡᠭᠳᠡᠭᠦᠯᠬᠦ ᠶᠢᠨ ᠵᠠᠩᠭᠢᠯᠠᠭ᠎ᠠ ᠪᠤᠯᠬᠤ ᠶᠤᠮ᠃ ᠲᠦᠩᠯᠢᠶᠣᠣ | ᠬᠤᠳᠠ ᠰᠢᠯᠤᠭᠤᠳᠬᠠᠨ ᠨᠡᠶᠢᠳᠬᠡᠬᠦ ᠰᠡᠳᠬᠢᠴᠡ ᠶᠢ ᠪᠠᠷᠢᠮᠲᠠᠯᠠᠵᠤ᠂ ᠬᠠᠩᠭᠠᠯᠭ᠎ᠠ ᠶᠢᠨ ᠬᠡᠯᠬᠢᠶ᠎ᠡ᠂ ᠮᠥᠩᠭᠦᠨ ᠭᠦᠢᠯᠭᠡᠭᠡᠨ ᠤ ᠬᠡᠯᠬᠢᠶ᠎ᠡ᠂ ᠲᠤᠭ᠎ᠠ ᠪᠠᠷᠢᠮᠲᠠ ᠶᠢᠨ | ᠬᠡᠯᠬᠢᠶ᠎ᠡ ᠵᠡᠷᠭᠡ ︽ᠭᠤᠷᠪᠠᠨ ᠬᠡᠯᠬᠢᠶ᠎ᠡ ᠶᠢ ᠠᠭᠤᠰᠤᠯᠴᠠᠭᠤᠯᠬᠤ︾ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠵᠤ᠂ ᠨᠠᠷᠢᠯᠢᠭ ᠭᠦᠨᠵᠡᠭᠡᠢ ᠡᠳ᠋ᠰᠢᠭᠦᠯᠬᠦ | ᠠᠵᠤ ᠠᠬᠤᠶᠢᠯᠠᠯ ᠢᠶᠠᠷ ᠳᠠᠭᠠᠭᠤᠯᠤᠭᠴᠢ ᠪᠤᠯᠭᠠᠵᠤ᠂ 30 ᠠᠰᠢᠭ ᠲᠤᠰᠠ ᠶᠢᠨ ᠬᠡᠯᠬᠢᠶ᠎ᠡ ᠶᠢ ᠡᠭᠦᠳᠬᠦ ᠪᠠᠷ ᠪᠤᠢ᠃ ᠣᠳᠣᠬᠠᠨ ᠳᠤ 2 ᠬᠡᠯᠬᠢᠶ᠎ᠡ ᠶᠢ ᠨᠢᠭᠡᠨᠲᠡ | ᠪᠠᠶᠢᠭᠤᠯᠤᠨ ᠳᠠᠭᠤᠰᠬᠠᠵᠤ᠂ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠺᠤᠮᠫᠠᠨᠢ ᠪᠠᠲᠤᠯᠠᠨ ᠬᠠᠮᠢᠶᠠᠷᠬᠤ ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡ | ᠬᠠᠩᠭᠠᠬᠤ ᠪᠤᠯᠤᠨ᠎ᠠ︔ 6 ᠬᠡᠯᠬᠢᠶ᠎ᠡ ᠨᠢ ᠬᠠᠮᠲᠤᠷᠠᠯᠴᠠᠭᠠᠨ ᠤ ᠰᠠᠨᠠᠮᠵᠢ ᠲᠠᠢ ᠪᠣᠯᠤᠭᠰᠠᠨ ᠪᠠᠶᠢᠨ᠎ᠠ᠃ | ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠲᠦᠩᠯᠢᠶᠣᠣ ᠬᠤᠳᠠ 1000 ᠲᠦᠮᠡᠨ ᠲᠥᠭᠦᠷᠢᠭ ᠢ ᠳᠠᠪᠠᠭᠰᠠᠨ ᠮᠢᠬᠠᠨ ᠤ ᠦᠬᠡᠷ ᠤᠨ | ᠲᠠᠩ ᠪᠦᠲᠦᠭᠡᠭᠳᠡᠬᠦᠨ ᠢ 10 ᠪᠤᠶᠢᠵᠢᠭᠤᠯᠬᠤ ᠪᠠᠷ ᠬᠦᠴᠦᠯᠡᠨ ᠴᠢᠷᠮᠠᠶᠢᠵᠤ ᠪᠤᠢ᠃ ᠰᠢᠯᠢᠨ ᠰᠣᠩᠭᠤᠬᠤ ᠪᠠᠷ ᠲᠠᠮᠵᠢᠨ᠂ ᠦᠬᠡᠷ ᠤᠨ ᠮᠢᠬᠠᠨ ᠪᠤᠷᠴᠠ ᠵᠡᠷᠭᠡ 10 | ᠲᠠᠩ ᠪᠦᠲᠦᠭᠡᠭᠳᠡᠬᠦᠨ ᠢ ᠭᠤᠣᠯᠳᠠᠯᠭ᠎ᠠ ᠲᠠᠢ ᠪᠤᠶᠢᠵᠢᠭᠤᠯᠤᠨ᠂ ᠬᠠᠷᠠᠯᠲᠠᠲᠤ ᠦᠢᠯᠡᠳᠬᠦᠨ ᠤ ᠦᠷᠳᠡᠭ ᠢ 2000 ᠲᠦᠮᠡᠨ ᠲᠥᠭᠦᠷᠢᠭ ᠢ ᠳᠠᠪᠠᠭᠤᠯᠤᠨ᠎ᠠ᠃ | ᠵᠥᠭᠡᠯᠡᠨ ᠦᠬᠡᠷ ᠤᠨ ᠮᠢᠬ᠎ᠠ ᠵᠡᠷᠭᠡ 5 ᠲᠠᠩ ᠪᠦᠲᠦᠭᠡᠭᠳᠡᠬᠦᠨ ᠢ ᠠᠩᠬ᠎ᠠ ᠠᠯᠬᠤᠮ ᠬᠡᠪᠴᠢᠶᠡᠵᠢᠭᠦᠯᠦᠨ᠂ ᠨᠠᠷᠢᠯᠢᠭ ᠡᠳ᠋ᠰᠢᠭᠦᠯᠬᠦ ᠶᠢ ᠠᠬᠢᠭᠤᠯᠤᠨ᠂ ᠦᠢᠯᠡᠳᠬᠦᠨ ᠤ | ᠶᠡᠷᠦᠩᠬᠡᠢ ᠦᠷᠳᠡᠭ ᠢ 50 ᠳ᠋ᠦᠩᠰᠢᠭᠤᠷ ᠲᠥᠭᠦᠷᠢᠭ ᠲᠤ ᠬᠦᠷᠭᠡᠨ᠎ᠡ᠃ ᠡᠭᠦᠨ ᠤ ᠬᠠᠮᠲᠤ 20 ᠭᠠᠷᠤᠢ ᠰᠤᠯᠠ ᠲᠠᠯᠪᠢᠭᠳᠠᠵᠤ ᠪᠠᠶᠢᠭ᠎ᠠ ᠦᠬᠡᠷ ᠪᠣᠷᠳᠣᠬᠤ | ᠲᠠᠯᠠᠪᠠᠶ ᠶᠢ ᠳᠠᠭᠢᠨ ᠠᠮᠢᠯᠠᠭᠤᠯᠤᠨ᠎ᠠ᠃ | ᠲᠣᠭᠠᠴᠢᠯᠠᠯᠲᠠ ᠶᠢ ᠠᠰᠢᠭᠯᠠᠬᠤ ᠶᠢ ᠲᠦᠷᠭᠡᠳᠬᠡᠵᠦ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠵᠤ ᠪᠤᠢ | ᠲᠣᠭᠠᠴᠢᠯᠠᠯᠲᠠ ᠪᠣᠯ ᠮᠢᠬᠠᠨ ᠤ ᠦᠬᠡᠷ ᠤᠨ ᠠᠵᠤ ᠦᠢᠯᠡᠰ ᠤᠨ ᠣᠳᠣᠬᠢᠴᠢᠯᠠᠯᠲᠠ ᠳᠤ ᠬᠦᠴᠦᠨ ᠨᠡᠮᠡᠷᠢᠯᠡᠳᠡᠭ᠃ ᠲᠦᠩᠯᠢᠶᠣᠣ ᠬᠤᠲᠠ ᠦᠬᠡᠷ ᠤᠨ | ᠦᠢᠯᠡᠰ ᠤᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠲᠣᠭᠠᠴᠢᠯᠠᠭᠰᠠᠨ ᠦᠢᠯᠡᠴᠢᠯᠡᠭᠡᠨ ᠤ ᠲᠠᠪᠴᠠᠩ ᠢ ᠰᠢᠯᠢᠳᠡᠭᠵᠢᠭᠦᠯᠵᠦ᠂ ᠬᠢᠵᠢᠭ ᠢ ᠰᠡᠷᠭᠡᠶᠢᠯᠡᠬᠦ᠂ ᠡᠭᠦᠯᠳᠡᠷ | ᠰᠠᠶᠢᠵᠢᠷᠠᠭᠤᠯᠬᠤ᠂ ᠳᠠᠭᠠᠳᠬᠠᠯ᠂ ᠮᠥᠩᠭᠦᠨ ᠭᠦᠢᠯᠭᠡᠭᠡᠨ᠂ ᠣᠶᠤᠨᠲᠤ ᠮᠠᠯᠵᠢᠯ ᠤᠨ ᠲᠠᠯᠠᠪᠠᠢ᠂ ᠬᠠᠩᠭᠠᠯᠭ᠎ᠠ ᠶᠢᠨ ᠬᠡᠯᠬᠢᠶ᠎ᠡ᠂ ᠲᠣᠭᠠᠴᠢᠯᠠᠭᠰᠠᠨ ᠦᠬᠡᠷ ᠤᠨ ᠵᠠᠬ᠎ᠠ | ᠳᠡᠯᠭᠡᠭᠦᠷ᠂ ᠠᠷᠠᠯᠵᠢᠶᠠᠨ ᠤ ᠬᠠᠮᠢᠶᠠᠷᠤᠯᠲᠠ᠂ ᠡᠬᠢ ᠡᠭᠦᠰᠦᠯ ᠢ ᠨᠢ ᠬᠠᠶᠢᠬᠤ ᠬᠠᠮᠢᠶᠠᠷᠤᠯᠲᠠ᠂ ᠮᠠᠯ ᠠᠵᠤ ᠠᠬᠤᠢ ᠶᠢᠨ ᠨᠡᠪᠲᠡᠷᠬᠡᠢ ᠲᠣᠯᠢ ᠵᠡᠷᠭᠡ 10 ᠲᠣᠮᠣ | ᠰᠢᠰᠲ᠋ᠧᠮ ᠢ ᠪᠠᠶᠢᠭᠤᠯᠤᠭᠰᠠᠨ ᠪᠥᠭᠡᠳ ᠨᠢᠭᠡᠨᠲᠡ ᠰᠦᠯᠵᠢᠶᠡᠨ ᠳᠤ ᠣᠷᠣᠭᠤᠯᠤᠭᠠᠳ ᠲᠤᠷᠰᠢᠨ ᠠᠵᠢᠯᠯᠠᠭᠤᠯᠵᠠᠢ᠃ ᠲᠥᠷᠥ ᠶᠢᠨ ᠪᠣᠳᠣᠯᠭ᠎ᠠ ᠶᠢᠨ ᠴᠢᠨᠠᠷᠲᠠᠢ | ᠲᠡᠵᠢᠭᠡᠨ ᠦᠷᠡᠵᠢᠭᠦᠯᠬᠦ ᠳᠠᠭᠠᠳᠬᠠᠯ ᠢ ᠬᠡᠷᠡᠭᠵᠢᠭᠦᠯᠬᠦ ᠠᠵᠢᠯ ᠤᠨ ᠳᠤᠮᠳᠠ᠂ ᠳᠠᠭᠠᠳᠬᠠᠯ ᠤᠨ ᠺᠤᠮᠫᠠᠨᠢ ᠶᠢᠨ ᠣᠶᠤᠨᠴᠢᠯᠠᠭᠰᠠᠨ ᠳᠠᠭᠠᠳᠬᠠᠯ ᠤᠨ ᠰᠢᠰᠲ᠋ᠧᠮ ᠢ | ᠬᠡᠷᠡᠭᠯᠡᠬᠦ ᠶᠢ ᠠᠬᠢᠭᠤᠯᠤᠨ᠂ 12 ᠡᠷᠦᠭᠡ ᠬᠤᠯᠪᠤᠭᠠᠯᠠᠨ ᠲᠣᠬᠢᠷᠠᠭᠤᠯᠵᠤ ᠬᠤᠯᠪᠤᠭᠠᠯᠠᠨ ᠲᠤᠷᠰᠢᠬᠤ ᠶᠢ ᠨᠢᠭᠡᠨᠲᠡ ᠪᠡᠶᠡᠯᠡᠭᠦᠯᠪᠡ᠃ | ᠦᠬᠡᠷ ᠲᠤ ᠡᠭᠡᠮᠦᠭ ᠵᠡᠭᠦᠯᠭᠡᠬᠦ ᠪᠠᠷ ᠳᠠᠮᠵᠢᠭᠤᠯᠤᠨ᠂ ᠨᠠᠷᠢᠯᠢᠭ ᠣᠨᠣᠴᠠᠲᠠᠢ ᠬᠢᠨᠠᠨ ᠬᠡᠮᠵᠢᠬᠦ ᠶᠢ ᠪᠡᠶᠡᠯᠡᠭᠦᠯᠵᠦ᠂ ᠲᠤᠭ᠎ᠠ ᠪᠠᠷᠢᠮᠲᠠ ᠶᠢ ᠴᠠᠭ ᠲᠤᠬᠠᠢ ᠳᠤᠨᠢ | ᠳᠠᠮᠵᠢᠭᠤᠯᠤᠨ᠂ ᠪᠦᠭᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠲᠠᠩᠰᠠ ᠡᠪᠬᠡᠮᠡᠯ ᠢ ᠪᠠᠶᠢᠭᠤᠯᠵᠤ᠂ ᠳᠠᠭᠠᠳᠬᠠᠯ ᠳᠤ ᠣᠷᠣᠬᠤ ᠠᠮᠤᠷ ᠲᠦᠪᠰᠢᠨ ᠢ | ᠪᠠᠲᠤᠯᠠᠵᠤ ᠪᠤᠢ᠃ ᠠᠵᠤ ᠦᠢᠯᠡᠰ ᠤᠨ ᠢᠨᠲ᠋ᠧᠷ ᠰᠦᠯᠵᠢᠶᠡᠨ ᠤ ᠰᠡᠳᠬᠢᠬᠦᠢ ᠶᠢ ᠬᠡᠷᠡᠭᠯᠡᠨ᠂ ᠵᠠᠬ᠎ᠠ ᠳᠡᠯᠭᠡᠭᠦᠷᠴᠢᠯᠡᠭᠰᠡᠨ ᠬᠠᠮᠲᠤᠷᠠᠯᠴᠠᠭ᠎ᠠ᠂ ᠮᠥᠩᠭᠦᠨ ᠭᠦᠢᠯᠭᠡᠭᠡᠨ ᠤ | ᠦᠢᠯᠡᠴᠢᠯᠡᠭᠡ᠂ ᠲᠣᠭᠠᠴᠢᠯᠠᠭᠰᠠᠨ ᠦᠬᠡᠷ ᠤᠨ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠵᠡᠷᠭᠡ ᠪᠠᠷ ᠳᠠᠮᠵᠢᠭᠤᠯᠵᠤ᠂ ᠬᠠᠮᠢᠶᠠᠷᠤᠯᠲᠠ ᠶᠢᠨ ᠲᠦᠪᠰᠢᠨ ᠢᠶᠠᠨ | ᠳᠡᠭᠡᠭᠰᠢᠯᠡᠭᠦᠯᠦᠨ᠂ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠪᠡᠶᠡᠯᠡᠭᠦᠯᠬᠦ ᠪᠣᠯᠣᠨ᠎ᠠ᠃ | ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠣᠨᠴᠠᠯᠢᠭᠲᠤ ᠲᠦᠷᠦᠯ ᠲᠡᠮᠳᠡᠭ ᠢ ᠠᠯᠳᠠᠷᠰᠢᠭᠤᠯᠵᠤ ᠪᠤᠢ | ᠬᠦᠷᠢᠶᠡᠯᠡᠩ ᠲᠣᠭᠤᠷᠢᠭ ᠪᠣᠯ ᠠᠵᠤ ᠦᠢᠯᠡᠰ ᠤᠨ ᠲᠥᠪᠯᠡᠷᠡᠨ ᠬᠥᠭᠵᠢᠬᠦ ᠲᠠᠪᠴᠠᠩ ᠪᠠᠶᠢᠵᠤ᠂ ᠲᠥᠷᠥᠯ ᠲᠡᠮᠳᠡᠭ ᠨᠢ ᠠᠵᠤ ᠦᠢᠯᠡᠰ ᠤᠨ ᠭᠤᠣᠯ | ᠥᠷᠢᠰᠦᠯᠳᠦᠬᠦ ᠬᠦᠴᠦᠨ ᠪᠤᠯᠬᠤ ᠶᠤᠮ᠃ ᠲᠦᠩᠯᠢᠶᠣᠣ ᠬᠤᠲᠠ ᠠᠵᠤ ᠠᠬᠤᠶᠢᠯᠠᠯ ᠢ ᠬᠥᠲᠥᠯᠥᠨ ᠵᠢᠯᠤᠭᠤᠳᠴᠤ᠂ ᠬᠦᠷᠢᠶᠡᠯᠡᠩ ᠲᠣᠭᠤᠷᠢᠭ ᠲᠤ ᠲᠥᠪᠯᠡᠷᠡᠭᠦᠯᠦᠭᠡᠳ | ᠂ ᠳ᠋ᠦᠩ ᠨᠠᠨ ᠴᠦᠨ ᠵᠡᠷᠭᠡ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠨᠤᠲᠤᠭᠰᠢᠭᠤᠯᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 1 | ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠳᠤ ᠲᠦᠰᠢᠭᠯᠡᠨ᠂ ᠬᠦᠷᠢᠶ᠎ᠡ ᠬᠤᠰᠢᠭᠤᠨ ᠤ ᠨᠢᠲᠤᠯᠵᠤ ᠡᠳ᠋ᠰᠢᠭᠦᠯᠬᠦ ᠬᠦᠷᠢᠶᠡᠯᠡᠩ ᠪᠠᠶᠢᠭᠤᠯᠬᠤ ᠶᠢ ᠳᠡᠮᠵᠢᠨ᠎ᠡ᠃ | 1522 ᠮᠦ ᠣᠨᠴᠠᠯᠢᠭᠲᠤ ᠢᠳᠡᠭᠡᠨ ᠤ ᠵᠢᠱᠢᠶ᠎ᠡ ᠦᠵᠡᠭᠦᠯᠭᠦ ᠣᠷᠣᠨ ᠢ ᠲᠥᠯᠥᠪᠵᠢᠭᠦᠯᠦᠨ᠎ᠡ᠃ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠤᠯᠤᠰ ᠤᠨ | ᠲᠠᠰ ᠤᠨ ᠮᠢᠬᠠᠨ ᠤ ᠠᠵᠤ ᠦᠢᠯᠡᠰ ᠤᠨ ᠬᠦᠷᠢᠶᠡᠯᠡᠩ ᠨᠢᠭᠡᠨᠲᠡ ᠤᠯᠤᠰ ᠤᠨ ᠲᠠᠰ ᠤᠨ ᠲᠦᠷᠦᠯ ᠵᠦᠢᠯ ᠤᠨ ᠠᠩᠬᠠᠨ ᠪ᠊ ᠬᠢᠨᠠᠯᠲᠠ ᠶᠢ ᠥᠩᠭᠡᠷᠡᠭᠡᠭᠡᠳ ᠪᠠᠶᠢᠨ᠎ᠠ᠃ | ︽ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭ + ᠠᠵᠤ ᠠᠬᠤᠶᠢᠯᠠᠯ ᠤᠨ ᠨᠠᠷᠠᠲᠤ ᠲᠥᠷᠥᠯ ᠲᠡᠮᠳᠡᠭ + ᠦᠢᠯᠡᠳᠬᠦᠨ ᠤ | ᠨᠠᠷᠠᠲᠤ ᠲᠥᠷᠥᠯ ᠲᠡᠮᠳᠡᠭ︾ ᠤᠨ ᠭᠤᠷᠮᠤᠰᠤᠨ ᠴᠣᠭᠴᠠ ᠶᠢᠨ ᠨᠠᠷᠠᠲᠤ ᠲᠥᠷᠥᠯ ᠲᠡᠮᠳᠡᠭ ᠤᠨ ᠵᠢᠭᠰᠠᠭᠠᠯ ᠢ ᠡᠭᠦᠳᠴᠦ ᠪᠤᠢ᠃ ᠲᠥᠪ ᠲᠧᠯᠸᠢᠰ ᠤᠨ ᠬᠢᠨ ᠢ | ᠤᠷᠢᠵᠤ᠂ 10 ᠰᠧᠺᠦ᠋ᠨ᠋ᠳ᠋ ᠤᠨ ᠨᠡᠷᠡᠲᠦ ᠲᠡᠮᠳᠡᠭ ᠤᠨ ᠤᠬᠠᠭᠤᠯᠭ᠎ᠠ ᠶᠢᠨ ᠸᠢᠳᠢᠤ᠋ ᠶᠢ ᠰᠢᠩᠭᠡᠬᠡᠨ ᠦᠢᠯᠡᠳᠴᠦ᠂ ᠲᠥᠪ ᠲᠧᠯᠸᠢᠰ ᠳᠡᠭᠡᠷ᠎ᠡ ᠤᠬᠠᠭᠤᠯᠤᠨ | ᠨᠡᠪᠲᠡᠷᠡᠭᠦᠯᠪᠡ᠃ ︽ᠲᠦᠩᠯᠢᠶᠣᠣ ᠶᠢᠨ ᠦᠬᠡᠷ ᠤᠨ ᠮᠢᠬ᠎ᠠ︾ ᠶᠢᠨ ᠲᠠᠸᠠᠷ ᠤᠨ ᠲᠡᠮᠳᠡᠭ ᠲᠠᠢ 5 ᠦᠢᠯᠡᠳᠬᠦᠨ ᠳᠤ ᠨᠢᠭᠡᠨᠲᠡ ᠡᠷᠬᠡ ᠣᠯᠭᠤᠵᠤ᠂ ᠣᠶᠢᠷ᠎ᠠ ᠶᠢᠨ | ᠬᠤᠭᠤᠴᠠᠭᠠᠨ ᠳᠤ ᠪᠠᠰᠠ 20 ᠦᠢᠯᠡᠳᠬᠦᠨ ᠳᠤ ᠡᠷᠬᠡ ᠣᠯᠭᠤᠨ᠂ ︽ᠲᠦᠩᠯᠢᠶᠣᠣ ᠶᠢᠨ ᠮᠢᠬᠠᠨ ᠤ ᠦᠬᠡᠷ ᠰᠠᠶᠢᠨ᠂ ᠲᠦᠩᠯᠢᠶᠣᠣ ᠶᠢᠨ ᠦᠬᠡᠷ ᠤᠨ ᠮᠢᠬ᠎ᠠ ᠰᠠᠶᠢᠨ | ︾ ᠭᠡᠬᠦ ᠨᠡᠷ᠎ᠡ ᠠᠯᠳᠠᠷ ᠢ ᠥᠷᠭᠡᠳᠬᠡᠨ᠎ᠡ᠃ | ᠣᠳᠣᠬᠠᠨ ᠳᠤ᠂ ᠲᠦᠩᠯᠢᠶᠣᠣ ᠬᠤᠲᠠ ᠶᠢᠨ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠲᠣᠪᠤᠶᠢᠮ᠎ᠠ ᠠᠮᠵᠢᠯᠲᠠ ᠣᠯᠵᠠᠢ᠂ ᠡᠨᠡ ᠵᠢᠯ ᠮᠢᠬᠠᠨ ᠤ | ᠦᠬᠡᠷ ᠤᠨ ᠲᠤᠭ᠎ᠠ ᠶᠢ 400 ᠲᠦᠮᠡ ᠳᠤ ᠬᠦᠷᠭᠡᠵᠦ᠂ 150 ᠲᠦᠮᠡᠨ ᠮᠢᠬᠠᠨ ᠤ ᠦᠬᠡᠷ ᠪᠣᠷᠣᠯᠠᠭᠤᠯᠤᠨ᠂ 50 ᠲᠦᠮᠡᠨ ᠮᠢᠬᠠᠨ ᠤ ᠦᠬᠡᠷ ᠪᠣᠷᠳᠣᠵᠤ᠂ 15 | ᠲᠦᠮᠡᠨ ᠮᠢᠬᠠᠨ ᠤ ᠦᠬᠡᠷ ᠢ ᠨᠢᠲᠤᠯᠵᠤ ᠡᠳ᠋ᠰᠢᠭᠦᠯᠦᠨ᠂ ᠦᠬᠡᠷ ᠤᠨ ᠮᠢᠬᠠᠨ ᠤ ᠭᠠᠷᠤᠯᠲᠠ ᠶᠢ 30 ᠲᠦᠮᠡᠨ ᠲᠣᠨ ᠳᠤ ᠬᠦᠷᠭᠡᠵᠦ᠂ ᠪᠦᠭᠦ ᠠᠵᠤ ᠦᠢᠯᠡᠰ ᠤᠨ | ᠬᠡᠯᠬᠢᠶᠡᠨ ᠤ ᠦᠢᠯᠡᠳᠬᠦᠨ ᠤ ᠥᠷᠲᠡᠭ ᠢ 500 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠵᠤ ᠪᠠᠶᠢᠨ᠎ᠠ᠃ |