ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠶᠠᠪᠤᠳᠠᠯ ᠨᠢ ᠠᠵᠤ ᠠᠬᠤᠶᠢᠯᠠᠯ ᠤᠳ ᠤᠨ ᠲᠤᠰ ᠪᠡᠶ᠎ᠡ ᠶᠢᠨ ᠬᠢᠨᠢ ᠠᠰᠢᠭ ᠲᠤᠰᠠ ᠲᠠᠢ | ᠬᠤᠯᠪᠣᠭᠳᠠᠵᠤ ᠪᠠᠶᠢᠳᠠᠭ ᠂ ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠠᠵᠢᠯ ᠳᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠣᠯ ᠠᠵᠤ | ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠦᠷᠳᠡᠭ ᠢ ᠨᠢ ᠪᠠᠭᠤᠷᠠᠭᠤᠯᠬᠤ ᠪᠠ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ | ᠠᠷᠭ᠎ᠠ ᠬᠡᠮᠵᠢᠶ᠎ᠡ ᠮᠥᠨ ᠃ ᠣᠶᠢᠷ᠎ᠠ ᠳᠤ ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ | ᠬᠤᠷᠢᠶᠠᠬᠤ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ | ᠵᠢᠯᠤᠭᠤᠳᠬᠤ ᠰᠠᠨᠠᠯ︾ ᠢ ᠳᠠᠷᠤᠮᠠᠯᠯᠠᠨ ᠶᠠᠪᠤᠭᠤᠯᠪᠠ ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ 3 ᠳ᠋ᠤᠭᠠᠷ ᠰᠠᠷ᠎ᠠ ᠶᠢᠨ 31 ᠤ | ᠡᠳᠦᠷ ᠤᠨ ᠦᠳᠡ ᠶᠢᠨ ᠬᠤᠶᠢᠨ᠎ᠠ ᠲᠤᠰᠬᠠᠢ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠂ ᠡᠳ᠋ ᠤᠨ ᠵᠠᠰᠠᠭ ᠤᠨ ᠶᠠᠮᠤᠨ ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠵᠡᠷᠭᠡ ᠳᠥᠷᠪᠡᠨ ᠰᠠᠯᠠᠭ᠎ᠠ ᠮᠥᠴᠢᠷ ᠠᠴᠠ ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ | ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠤᠯᠪᠣᠭᠳᠠᠯ ᠪᠦᠬᠦᠢ ᠪᠠᠶᠢᠳᠠᠯ ᠢ | ᠲᠠᠨᠢᠯᠴᠠᠭᠤᠯᠤᠭᠰᠠᠨ ᠪᠠᠶᠢᠨ᠎ᠠ᠂ ᠬᠠᠮᠲᠤ ᠪᠠᠷ ᠣᠶᠢᠯᠠᠭᠠᠵᠠᠭᠠᠶ᠎ᠠ︕ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠄ | ︽ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠵᠢᠯᠤᠭᠤᠳᠬᠤ ᠰᠠᠨᠠᠯ︾ ᠳᠤ ᠲᠤᠯᠤᠭᠠᠨ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠳᠤᠷᠠᠳᠪᠠ | ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠭᠠᠷᠴᠠᠭ ᠤᠨ ᠲᠣᠳᠣᠷᠬᠠᠢ ᠬᠠᠭᠤᠳᠠᠰᠤ ᠶᠢᠨ ᠳᠦᠷᠢᠮ ᠢ ᠲᠡᠭᠦᠯᠳᠡᠷᠵᠢᠭᠦᠯᠪᠡ | | | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠄ | ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ ᠠᠰᠠᠭᠤᠳᠠᠯ ᠣᠷᠣᠰᠢᠵᠤ ᠪᠠᠶᠢᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠢᠯᠠᠷᠡᠭᠦᠯᠪᠡᠯ | ᠬᠦᠴᠦᠨ ᠦᠭᠡᠢ ᠪᠣᠯᠭᠠᠪᠠᠰᠤ ᠵᠣᠬᠢᠬᠤ ᠰᠦᠢᠳᠬᠡᠯ ᠬᠤᠷᠢᠶᠠᠬᠤ ᠲᠥᠷᠥᠯ ᠵᠦᠢᠯ ᠢ ᠨᠢ ᠡᠷᠡᠰ ᠰᠢᠭᠤᠷᠬᠠᠢ ᠪᠠᠷ ᠬᠦᠴᠦᠨ ᠦᠭᠡᠢ ᠪᠣᠯᠭᠠᠵᠤ ᠂ ᠰᠦᠢᠳᠬᠡᠯ ᠬᠤᠷᠢᠶᠠᠬᠤ | ᠭᠠᠷᠴᠠᠭ ᠤᠨ ᠲᠣᠳᠣᠷᠬᠠᠢ ᠬᠠᠭᠤᠳᠠᠰᠤᠨ ᠳᠤ ᠣᠷᠣᠭᠤᠯᠪᠠᠰᠤ ᠵᠣᠬᠢᠬᠤ ᠶᠢ ᠨᠢ ᠴᠠᠭ ᠲᠤᠬᠠᠢ ᠳᠤ ᠨᠢ ᠣᠷᠣᠭᠤᠯᠬᠤ ᠬᠡᠷᠡᠭᠲᠡᠢ᠃ | ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠲᠥᠷᠥᠯ ᠵᠦᠢᠯ ᠢ ᠲᠣᠭᠲᠠᠭᠠᠯ ᠠᠴᠠ ᠵᠥᠷᠢᠴᠡᠨ ᠰᠢᠨ᠎ᠡ ᠪᠠᠷ ᠭᠠᠷᠭᠠᠬᠤ ᠶᠢ ᠴᠢᠩᠭ᠎ᠠ | ᠬᠤᠷᠢᠭᠯᠠᠵᠤ ᠂ ᠡᠭᠦᠰᠦᠮᠡᠯ ᠴᠢᠨᠠᠷᠲᠠᠢ ᠵᠠᠭᠤᠴᠢ ᠦᠢᠯᠡᠴᠢᠯᠡᠭᠡᠨ ᠤ ᠰᠦᠢᠳᠬᠡᠯ ᠬᠤᠷᠢᠶᠠᠬᠤ ᠂ ᠡᠯᠧᠺᠲᠷᠣᠨ ᠵᠠᠰᠠᠭ ᠤᠨ ᠶᠠᠪᠤᠳᠠᠯ ᠤᠨ ᠲᠠᠪᠴᠠᠩ ᠤᠨ ᠰᠦᠢᠳᠬᠡᠯ | ᠬᠤᠷᠢᠶᠠᠬᠤ ᠵᠡᠷᠭᠡ ᠠᠰᠠᠭᠤᠳᠠᠯ ᠭᠠᠷᠬᠤ ᠶᠢ ᠴᠢᠩᠭ᠎ᠠ ᠰᠡᠷᠭᠡᠶᠢᠯᠡᠨ᠎ᠡ | ᠥᠨᠥ ᠵᠢᠯ ᠂ ᠰᠦᠢᠳᠬᠡᠯ ᠬᠤᠷᠢᠶᠠᠬᠤ ᠲᠥᠷᠥᠯ ᠵᠦᠢᠯ ᠢ ᠥᠪᠡᠷᠰᠡᠳ ᠢᠶᠠᠨ ᠳᠣᠭᠲᠠᠭᠠᠬᠤ᠂ ᠪᠠᠷᠢᠮᠵᠢᠶ᠎ᠠ ᠠᠴᠠ ᠬᠡᠲᠦᠷᠡᠭᠦᠯᠦᠨ ᠰᠦᠢᠳᠬᠡᠯ ᠬᠤᠷᠢᠶᠠᠬᠤ ᠂ | ᠪᠤᠰᠤᠳ ᠢᠶᠠᠷ ᠲᠤᠰᠢᠶᠠᠯᠭᠠᠬᠤ ᠰᠦᠢᠳᠬᠡᠯ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠨ᠎ᠡ | | | ᠡᠳ᠋ ᠤᠨ ᠵᠠᠰᠠᠭ ᠤᠨ ᠶᠠᠮᠤᠨ ᠄ | 2013 ᠣᠨ ᠠᠴᠠ ᠨᠠᠭᠠᠰᠢ᠂ ᠲᠥᠪ ᠤᠨ ᠳᠣᠭᠲᠠᠭᠠᠭᠰᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠬᠤᠷᠢᠶᠠᠵᠤ ᠪᠠᠶᠢᠭᠰᠠᠨ 185 ᠵᠦᠢᠯ ᠤᠨ | ᠰᠦᠢᠳᠬᠡᠯ ᠢ ᠴᠥᠬᠡᠳᠬᠡᠭᠡᠳ 50 ᠵᠦᠢᠯ ᠪᠣᠯᠭᠠᠨ ᠬᠠᠰᠤᠵᠤ ᠂ 73% ᠪᠠᠷ ᠪᠠᠭᠠᠰᠬᠠᠪᠠ | ᠫᠣᠷᠲ᠋ᠠᠯ ᠰᠦᠯᠵᠢᠶ᠎ᠡ ᠳᠤ ᠨᠡᠶᠢᠲᠡᠯᠡᠭᠰᠡᠨ ᠢᠶᠠᠷ ᠪᠣᠯ ᠪᠦᠬᠦ ᠤᠯᠤᠰ ᠤᠨ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠪᠠ ᠵᠠᠰᠠᠭ ᠵᠠᠬᠢᠷᠭᠠᠨ ᠠᠵᠢᠯ | ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠭᠠᠷᠴᠠᠭ ᠤᠨ ᠲᠣᠳᠣᠷᠬᠠᠢ ᠬᠠᠭᠤᠳᠠᠰᠤ ᠶᠢ ᠨᠢᠭᠡᠳᠬᠡᠯ ᠰᠦᠯᠵᠢᠶ᠎ᠡ ᠪᠠᠷ ᠨᠡᠶᠢᠲᠡᠯᠡᠨ᠎ᠡ | | | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ᠄ | ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠪᠠᠲᠤᠯᠠᠬᠤ ᠮᠥᠩᠭᠦ ᠶᠢᠨ ᠭᠠᠷᠴᠠᠭ ᠤᠨ ᠲᠣᠳᠣᠷᠬᠠᠢ ᠬᠠᠭᠤᠳᠠᠰᠤ ᠶᠢᠨ ᠠᠭᠤᠯᠭ᠎ᠠ ᠶᠢ ᠬᠥᠳᠡᠯᠦᠩᠭᠦᠢ ᠪᠠᠷ | ᠲᠣᠬᠢᠷᠠᠭᠤᠯᠵᠤ ᠂ ᠪᠡᠯᠡᠨ ᠵᠣᠭᠤᠰ ᠢᠶᠠᠷ ᠪᠠᠲᠤᠯᠠᠬᠤ ᠶᠢ ᠪᠠᠲᠤᠯᠠᠭ᠎ᠠ ᠶᠢᠨ ᠪᠢᠴᠢᠭ ︵ᠳᠠᠭᠠᠳᠬᠠᠯ︶ ᠢᠶᠠᠷ ᠣᠷᠣᠯᠠᠭᠤᠯᠬᠤ ᠬᠡᠪᠴᠢᠶ᠎ᠡ ᠪᠠᠨ ᠥᠷᠭᠡᠳᠬᠡᠨ᠎ᠡ | ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠦᠶᠯᠡ ᠠᠵᠢᠯᠯᠠᠭ᠎ᠠ ᠶᠢ ᠨᠢ ᠵᠢᠷᠤᠮᠵᠢᠭᠤᠯᠬᠤ ᠶᠢ ᠴᠢᠬᠤᠯᠠ ᠠᠭᠤᠯᠭ᠎ᠠ ᠪᠣᠯᠭᠠᠵᠤ ᠂ | 2025 ᠣᠨ ᠤ ᠪᠥᠬᠦ ᠤᠯᠤᠰ ᠲᠠᠬᠢ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠬᠡᠷᠡᠭᠵᠢᠭᠦᠯᠬᠦ ᠲᠥᠰᠥᠯ ᠢ ᠨᠡᠶᠢᠲᠡᠯᠡᠨ᠎ᠡ | |