4 ᠳ᠋ᠦ᠋ᠭᠡᠷ ᠰᠠᠷ᠎ᠠ ᠶᠢᠨ 9 ᠳᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠬᠤᠲᠠ ᠶᠢᠨ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠳᠡᠭᠡᠷ᠎ᠡ ᠲᠦᠩᠯᠢᠶᠣᠤ ᠬᠤᠳᠠ ᠶᠢᠨ ᠭᠤᠣᠯ ᠬᠤᠳᠠ ᠶᠢᠨ ᠲᠣᠭᠤᠷᠢᠭ ᠤᠨ ᠬᠤᠳᠠ ᠶᠢᠨ ᠶᠠᠪᠤᠳᠠᠯ ᠤᠨ ᠴᠡᠴᠡᠷᠯᠢᠭ ᠤᠨ ᠲᠥᠬᠦᠭᠡᠷᠦᠮᠵᠢ ᠶᠢ ᠠᠷᠠᠴᠢᠯᠠᠨ | ᠬᠠᠮᠠᠭᠠᠯᠠᠬᠤ ᠪᠠ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯ ᠢ ᠨᠢᠭᠡ ᠴᠤᠬᠴᠠᠵᠢᠭᠤᠯᠤᠬᠰᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠷᠦᠯ | ᠵᠦᠢᠯ ᠤᠨ ᠬᠤᠯᠪᠣᠭᠳᠠᠯ ᠪᠦᠬᠦᠢ ᠶᠠᠪᠤᠳᠠᠯ ᠢ ᠰᠤᠳᠤᠯᠵᠤ᠂ ᠨᠢᠭᠡ ᠴᠤᠬᠴᠠᠵᠢᠭᠤᠯᠤᠬᠰᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠷᠦᠯ ᠵᠦᠢᠯ ᠢ ᠬᠡᠷᠡᠭᠵᠢᠭᠦᠯᠬᠦ ᠪᠣᠯ | ᠬᠤᠳᠠ ᠶᠢᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ᠂ ᠬᠤᠳᠠ ᠶᠢᠨ ᠲᠦᠷᠢ ᠲᠥᠷᠬᠦ ᠶᠢ ᠳᠡᠭᠡᠭᠰᠢᠯᠡᠭᠦᠯᠬᠦ ᠴᠢᠬᠤᠯᠠ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠪᠣᠯᠤᠨ᠎ᠠ᠂ ᠬᠤᠯᠪᠣᠭᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠦᠨᠵᠡᠭᠡᠢ ᠰᠤᠳᠤᠯᠵᠤ᠂ | ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠨ ᠲᠤᠯᠢᠳᠠᠵᠤ᠂ ᠳᠠᠭᠠᠭᠠᠴᠢᠯᠠᠯᠲᠠ ᠵᠠᠷᠯᠠᠬᠤ ᠬᠢᠨᠠᠨ ᠰᠢᠯᠭᠠᠬᠤ ᠵᠡᠷᠭᠡ ᠲᠣᠭᠲᠠᠴᠠ ᠶᠢ | ᠲᠡᠭᠦᠯᠳᠡᠷᠵᠢᠭᠦᠯᠵᠦ᠂ ᠬᠠᠤᠯᠢ ᠲᠣᠭᠲᠠᠭᠠᠯ ᠶᠣᠰᠣᠭᠠᠷ᠂ ᠢᠯᠡ ᠲᠣᠳᠣ᠂ ᠰᠢᠯᠢᠳᠡᠭ ᠲᠦᠷᠦᠯ ᠵᠦᠢᠯ ᠤᠨ ᠨᠢᠭᠡᠴᠡ ᠶᠢ ᠰᠠᠶᠢᠲᠤᠷ ᠰᠣᠩᠭᠤᠵᠤ᠂ ᠲᠦᠷᠦᠯ ᠵᠦᠢᠯ ᠢ | ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠬᠤᠳᠠ ᠶᠢᠨ ᠨᠠᠷᠢᠯᠢᠬᠵᠢᠭᠤᠯᠤᠭᠰᠠᠨ᠂ ᠲᠣᠭᠠᠴᠢᠯᠠᠭᠰᠠᠨ ᠬᠠᠮᠢᠶᠠᠷᠤᠯᠲᠠ ᠶᠢᠨ ᠲᠦᠪᠰᠢᠨ ᠢ ᠦᠷᠭᠦᠯᠵᠢᠯᠡᠨ | ᠳᠡᠭᠡᠭᠰᠢᠯᠡᠭᠦᠯᠵᠦ᠂ ᠠᠷᠠᠳ ᠲᠤ ᠲᠦᠭᠦᠮ ᠦᠵᠡᠭᠦᠯᠬᠦ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠠᠵᠢᠯᠯᠠᠬᠤ ᠳᠤ ᠲᠣᠬᠢᠷᠠᠮᠵᠢᠲᠠᠢ ᠬᠤᠳᠠ ᠶᠢᠨ ᠣᠷᠴᠢᠨ | ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ ᠲᠦᠩᠯᠢᠶᠣᠤ ᠬᠤᠳᠠ ᠪᠣᠯᠤᠨ ᠪᠡᠭᠡᠵᠢᠩ ᠤᠨ ᠬᠢᠮᠢ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠪᠦᠬᠦ ᠲᠠᠯ᠎ᠠ ᠶᠢᠨ ᠪᠠᠶᠢᠯᠳᠤᠬᠤ | ᠪᠤᠳᠤᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠠᠪᠤᠳᠠᠯ ᠢ ᠰᠤᠳᠤᠯᠵᠤ᠂ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭ᠎ᠠ ᠪᠠᠨ | ᠪᠣᠳᠠᠲᠠᠢ ᠳᠤ ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶ᠎ᠠ ᠲᠠᠢ᠂ ᠤᠯᠠᠨ ᠡᠰᠢᠴᠢᠯᠡᠭᠰᠡᠨ ᠬᠠᠮᠲᠤᠷᠠᠯᠴᠠᠭᠠᠨ ᠤ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠬᠡᠷᠡᠭᠲᠡᠢ᠃ | ᠪᠡᠭᠡᠵᠢᠩ ᠤᠨ ᠬᠢᠮᠢ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠳᠠᠪᠠᠭᠤᠯᠢᠭ ᠲᠤ ᠲᠦᠰᠢᠭᠯᠡᠨ᠂ ᠰᠢᠨᠵᠢᠯᠡᠬᠦ ᠤᠬᠠᠭᠠᠨ ᠤ ᠰᠤᠳᠤᠯᠭᠠᠨ᠂ ᠴᠢᠳᠠᠪᠤᠷᠢᠲᠠᠨ | ᠪᠠ ᠠᠵᠤ ᠦᠢᠯᠡᠰ ᠤᠨ ᠮᠡᠷᠭᠡᠵᠢᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠨᠠᠩ ᠣᠯᠠᠨ ᠰᠢᠨᠵᠢᠯᠡᠭᠡ ᠮᠡᠷᠭᠡᠵᠢᠯ ᠤᠨ ᠰᠢᠨ᠎ᠡ ᠶᠢ | ᠡᠭᠦᠳᠦᠭᠰᠡᠨ ᠦᠷ᠎ᠡ ᠪᠦᠲᠦᠭᠡᠯ ᠢ ᠲᠦᠩᠯᠢᠶᠣᠤ ᠳᠤ ᠨᠠᠶᠢᠳᠠᠪᠤᠷᠢᠵᠢᠭᠤᠯᠤᠨ ᠬᠤᠪᠢᠷᠠᠭᠤᠯᠬᠤ ᠶᠢ ᠠᠬᠢᠭᠤᠯᠵᠤ᠂ ᠲᠦᠩᠯᠢᠶᠣᠤ ᠶᠢᠨ ᠰᠢᠨᠵᠢᠯᠡᠭᠡ ᠮᠡᠷᠭᠡᠵᠢᠯ ᠤᠨ ︽ | ᠰᠢᠪᠲᠤᠯᠤᠯᠲᠠ︾ ᠶᠢᠨ ᠢᠨᠵᠧᠨᠧᠷᠢᠩ ᠳᠤ ᠬᠦᠴᠦᠨ ᠨᠡᠮᠡᠷᠢᠯᠡᠵᠦ᠂ ᠲᠦᠩᠯᠢᠶᠣᠤ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠦᠷ᠎ᠡ | ᠠᠰᠢᠭ ᠢ ᠨᠡᠮᠡᠭᠳᠡᠭᠦᠯᠬᠦ ᠳᠤ ᠡᠨᠧᠷᠭᠢ ᠣᠯᠭᠤᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ ᠪᠠᠰᠠ ᠪᠤᠰᠤᠳ ᠵᠦᠢᠯ ᠢ ᠰᠤᠳᠤᠯᠵᠠᠢ᠃ |