ᠮᠠᠨ ᠤ ᠬᠤᠲᠠ ᠦᠨᠳᠦᠰᠦᠲᠡᠨ ᠤ ᠠᠵᠢᠯ ᠤᠨ ︽ᠬᠤᠶᠠᠷ ᠲᠣᠭᠲᠠᠴᠠ︾ ᠶᠢ ᠲᠡᠭᠦᠯᠳᠡᠷᠵᠢᠭᠦᠯᠵᠦ ᠪᠦᠯᠬᠦᠮᠳᠡᠯ ᠲᠠᠪᠰᠢᠯᠲᠠ ᠶᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/4/24
      ᠮᠠᠨ ᠤ ᠬᠤᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠣᠨᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠭᠦ ᠬᠤᠲᠠ ᠶᠢ ᠡᠭᠦᠳᠦᠨ ᠪᠠᠶᠢᠭᠤᠯᠬᠤ ᠪᠠᠷ ᠬᠠᠷᠠᠯᠲᠠ ᠪᠤᠯᠭᠠᠵᠤ ︽ᠦᠨᠳᠦᠰᠦᠲᠡᠨ ᠤ ᠠᠵᠢᠯ ᠤᠨ ᠵᠣᠬᠢᠴᠠᠭᠤᠯᠬᠤ ᠲᠣᠭᠲᠠᠴᠠ︾ ᠪᠠ ︽ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ᠭᠡᠰᠢᠭᠦᠨ ᠤ ᠳᠦᠷᠢᠮ︾ ᠤᠨ ᠬᠤᠣᠰ ᠡᠭᠡᠯᠵᠢ ᠪᠠᠷ ᠠᠬᠢᠭᠤᠯᠬᠤ ᠰᠢᠰᠲ᠋ᠧᠮ ᠢ ᠲᠡᠭᠦᠯᠳᠡᠷᠵᠢᠭᠦᠯᠦᠨ᠂ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠢ ᠨᠢᠭᠡᠳᠦᠯᠲᠡᠢ ᠲᠥᠯᠥᠪᠯᠡᠨ ᠤᠳᠤᠷᠢᠳᠬᠤ ᠶᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠬᠠᠮᠵᠢᠯᠴᠠᠨ ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃      ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃ ᠬᠤᠳᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ︽ᠦᠨᠳᠦᠰᠦᠲᠡᠨ ᠤ ᠠᠵᠢᠯ ᠤᠨ ᠵᠣᠬᠢᠴᠠᠭᠤᠯᠬᠤ ᠲᠣᠭᠲᠠᠴᠠ︾ ᠶᠢ ᠳᠠᠷᠤᠮᠠᠯᠯᠠᠨ ᠲᠠᠷᠬᠠᠭᠠᠵᠤ᠂ ᠬᠤᠳᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠠᠴᠠ ᠤᠳᠤᠷᠢᠳᠴᠤ᠂ 26 ᠨᠢᠭᠡᠴᠢ ᠬᠠᠮᠲᠤ ᠪᠠᠷ ᠪᠦᠷᠢᠯᠳᠦᠭᠦᠯᠦᠭᠰᠡᠨ ᠦᠨᠳᠦᠰᠦᠲᠡᠨ ᠤ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠ ᠲᠣᠭᠲᠠᠮᠠᠯ ᠪᠤᠰᠤ ᠬᠤᠭᠤᠴᠠᠭ᠎ᠠ ᠲᠠᠢ ᠬᠤᠷᠠᠯ ᠢᠶᠠᠷ ᠳᠠᠮᠵᠢᠭᠤᠯᠵᠤ᠂ ᠦᠨᠳᠦᠰᠦᠲᠡᠨ ᠤ ᠬᠦᠷᠢᠶᠡᠨ ᠤ ᠴᠢᠬᠤᠯᠠ ᠶᠡᠭᠡ ᠠᠰᠠᠭᠤᠳᠠᠯ ᠢ ᠬᠦᠴᠦᠯᠡᠨ ᠵᠣᠬᠢᠴᠠᠭᠤᠯᠤᠨ ᠰᠢᠢᠳᠪᠦᠷᠢᠯᠡᠵᠦ᠂ ᠦᠨᠳᠦᠰᠦᠲᠡᠨ ᠤ ᠬᠦᠷᠢᠶᠡᠨ ᠤ ᠭᠤᠣᠯᠳᠠᠯᠭ᠎ᠠ ᠲᠠᠢ ᠠᠵᠢᠯ ᠢ ᠠᠬᠢᠭᠤᠯᠪᠠ᠃ ︽ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ᠭᠡᠰᠢᠭᠦᠨ ᠤ ᠳᠦᠷᠢᠮ ᠤᠨ ᠠᠵᠢᠯ ᠤᠨ ᠳᠦᠷᠢᠮ ︵ᠲᠤᠷᠰᠢᠨ ᠬᠡᠷᠡᠭᠵᠢᠭᠦᠯᠬᠦ︶︾ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ 7 ᠵᠦᠢᠯ ᠤᠨ ᠳᠦᠷᠢᠮ ᠢ ᠲᠡᠭᠦᠯᠳᠡᠷᠵᠢᠭᠦᠯᠦᠨ᠂ 34 ᠭᠡᠰᠢᠭᠦᠨ ᠨᠢᠭᠡᠴᠢ ᠶᠢᠨ ᠲᠤᠰᠢᠶᠠᠯ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠳᠣᠷᠬᠠᠶᠢᠯᠠᠪᠠ᠃ ︽ᠲᠦᠩᠯᠢᠶᠣᠣ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ᠭᠡᠰᠢᠭᠦᠨ ᠨᠢᠭᠡᠴᠢ ᠶᠢᠨ ᠬᠤᠣᠰ ᠰᠠᠷ᠎ᠠ ᠶᠢᠨ ᠵᠥᠪᠳᠡᠯᠴᠡᠬᠦ ᠠᠵᠢᠯ ᠤᠨ ᠲᠣᠭᠲᠠᠴᠠ︾ ᠶᠢ ᠳᠠᠷᠤᠮᠠᠯᠯᠠᠨ ᠲᠠᠷᠬᠠᠭᠠᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠭᠤᠣᠯᠳᠠᠯᠭ᠎ᠠ ᠲᠠᠢ ᠠᠵᠢᠯ ᠢ ᠬᠠᠮᠲᠤ ᠪᠠᠷ ᠰᠤᠳᠤᠯᠬᠤ ᠵᠡᠷᠭᠡ ᠪᠠᠷ ᠳᠠᠮᠵᠢᠭᠤᠯᠤᠨ᠂ ᠦᠨᠳᠦᠰᠦᠲᠡᠨ ᠤ ᠠᠵᠢᠯ ᠢ ᠲᠦᠯᠬᠢᠨ ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠦᠨᠡᠨ ᠬᠦ ᠨᠢᠭᠲᠠᠷᠠᠭᠤᠯᠪᠠ᠃ ᠬᠤᠲᠠ᠂ ᠬᠤᠰᠢᠭᠤ ᠬᠤᠶᠠᠷ ᠱᠠᠲᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠬᠢᠭᠤᠯᠬᠤ ᠬᠤᠷᠠᠯ ᠢ ᠪᠠᠶᠢᠭᠤᠯᠬᠤ ᠶᠢ ᠠᠬᠢᠭᠤᠯᠵᠤ᠂ ᠪᠦᠭᠦ ᠬᠤᠲᠠ ᠶᠢᠨ ᠡᠯ᠎ᠡ ᠠᠵᠢᠯ ᠲᠥᠷᠥᠯ ᠤᠨ ᠬᠦᠷᠢᠶᠡᠨ ᠳᠤ ᠮᠠᠨ ᠤ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠳᠠᠶᠢᠴᠢᠯᠠᠪᠠ᠃      ᠤᠨᠤᠯ ᠤᠨ ᠰᠤᠳᠤᠯᠭᠠᠨ ᠢ ᠭᠦᠨᠵᠡᠭᠡᠶᠢᠷᠡᠭᠦᠯᠵᠦ᠂ ᠦᠵᠡᠯ ᠰᠠᠨᠠᠭᠠᠨ ᠤ ᠰᠠᠭᠤᠷᠢ ᠶᠢ ᠬᠦᠴᠦᠯᠡᠨ ᠪᠠᠬᠢᠵᠢᠭᠦᠯᠪᠡ᠃ ᠲᠣᠭᠲᠠᠴᠠ ᠶᠢᠨ ᠪᠦᠷᠢᠯᠳᠦᠭᠦᠨ ᠨᠢᠭᠡᠴᠢ ᠶᠢᠨ ᠨᠡᠪᠲᠡᠷᠡᠯᠴᠡᠭᠡ ᠬᠠᠮᠵᠢᠯᠴᠠᠭ᠎ᠠ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠨᠤᠯ ᠤᠨ ᠰᠤᠳᠤᠯᠭᠠᠨ ᠤ ︽ᠳᠤᠮᠳᠠᠳᠤ ᠶᠢᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠮᠠᠲ᠋ᠧᠷᠢᠶᠠᠯ ᠤᠨ ᠡᠮᠬᠢᠳᠬᠡᠯ · ᠥᠪᠥᠷ ᠮᠣᠩᠭᠤᠯ ᠤᠨ ᠪᠣᠳᠢ︾ ᠶᠢ ᠨᠠᠶᠢᠷᠠᠭᠤᠯᠬᠤ ᠠᠵᠢᠯ ᠳᠤ ᠣᠷᠣᠯᠴᠠᠵᠤ᠂ ︽ᠬᠤᠷᠴᠢᠨ ᠤ ᠲᠤᠤᠯᠢᠰ︾ ᠢ ᠡᠮᠬᠢᠳᠬᠡᠬᠦ ᠶᠢ ᠪᠡᠶᠡᠯᠡᠭᠦᠯᠵᠦ᠂ ︽ᠪᠣᠯᠪᠠᠰᠤᠨ ᠤ ᠨᠡᠷᠡᠨ ᠮᠠᠨᠳᠤᠭᠰᠠᠨ ᠭᠠᠵᠠᠷ︾ ᠢ ᠨᠠᠶᠢᠷᠠᠭᠤᠯᠤᠨ ᠲᠠᠷᠬᠠᠭᠠᠵᠤ ᠳᠡᠯᠭᠡᠷᠡᠭᠦᠯᠬᠦ ᠠᠵᠢᠯ ᠢ ᠳᠡᠮᠵᠢᠵᠦ᠂ ᠪᠠᠷᠠᠭᠤᠨ ᠯᠢᠶᠣᠤ ᠾᠧ ᠭᠤᠣᠯ ᠤᠨ ᠰᠣᠶᠣᠯ ᠤᠨ ᠱᠠᠲᠤᠴᠢ ᠴᠢᠨᠠᠷᠲᠠᠢ 20 ᠭᠠᠷᠤᠢ ᠥᠭᠦᠯᠡᠯ ᠤᠨ ᠦᠷ᠎ᠡ ᠪᠦᠲᠦᠭᠡᠯ ᠢ ᠪᠡᠶᠡᠯᠡᠭᠦᠯᠬᠦ ᠶᠢ ᠲᠦᠯᠬᠢᠨ ᠠᠬᠢᠭᠤᠯᠪᠠ᠃ ᠲᠥᠪ ᠤᠨ ᠦᠨᠳᠦᠰᠦᠲᠡᠨ ᠤ ᠺᠠᠳ᠋ᠷ ᠤᠨ ᠳᠡᠭᠡᠳᠦ ᠰᠤᠷᠭᠠᠭᠤᠯᠢ ᠲᠠᠢ ᠬᠠᠮᠲᠤᠷᠠᠨ ᠪᠣᠯᠪᠠᠰᠤᠷᠠᠯ ᠤᠨ ᠠᠩᠭᠢ ᠡᠷᠭᠢᠯᠡᠵᠦ᠂ ᠮᠢᠩᠭ᠎ᠠ ᠭᠠᠷᠤᠢ ᠨᠠᠮ ᠤᠨ ᠭᠡᠰᠢᠭᠦᠨ ᠺᠠᠳ᠋ᠷᠴᠤᠳ ᠲᠤ ᠠᠰᠢᠭ ᠬᠦᠷᠲᠡᠭᠡᠪᠡ᠃ 4000 ᠭᠠᠷᠤᠢ ᠳᠡᠪᠲᠡᠷ ᠡᠷᠬᠡ ᠰᠦᠷᠲᠦ ᠨᠣᠮ ᠪᠢᠴᠢᠭ ᠢ ᠲᠠᠷᠬᠠᠭᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠣᠶᠢᠮᠣ︾ ᠶᠢ ᠪᠦᠭᠦ ᠬᠤᠳᠠ ᠶᠢᠨ ᠶᠡᠭᠡ ᠳᠡᠭᠡᠳᠦ ᠰᠤᠷᠭᠠᠭᠤᠯᠢ᠂ ᠪᠠᠶᠢᠭᠤᠯᠭ᠎ᠠ ᠶᠢᠨ ᠺᠠᠳ᠋ᠷ ᠤᠨ ᠵᠠᠪᠠᠯ ᠰᠤᠷᠬᠤ ᠠᠭᠤᠯᠭ᠎ᠠ ᠳᠤ ᠣᠷᠣᠭᠤᠯᠬᠤ ᠶᠢ ᠠᠬᠢᠭᠤᠯᠪᠠ᠃      ᠤᠬᠠᠭᠤᠯᠭ᠎ᠠ ᠬᠥᠮᠦᠵᠢᠯ ᠢ ᠥᠷᠨᠢᠭᠦᠯᠵᠦ᠂ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠬᠦᠴᠦᠯᠡᠨ ᠪᠠᠶᠢᠭᠤᠯᠪᠠ᠃ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠵᠥᠪ ᠣᠨᠣᠪᠴᠢᠲᠠᠶ ᠦᠨᠳᠦᠰᠦᠲᠡᠨ ᠤ ᠦᠵᠡᠯᠲᠡ ᠶᠢ ᠪᠤᠢ ᠪᠤᠯᠭᠠᠬᠤ︾ ᠭᠤᠣᠯ ᠰᠡᠳᠦᠪᠲᠦ ᠵᠣᠬᠢᠶᠠᠯ ᠡᠯᠰᠡᠬᠦ ᠤᠷᠤᠯᠳᠤᠭᠠᠨ ᠵᠡᠷᠭᠡ ᠪᠦᠭᠦ ᠬᠤᠳᠠ ᠶᠢᠨ ᠴᠢᠨᠠᠷᠲᠠᠢ ᠤᠷᠤᠯᠳᠤᠭᠠᠨ ᠢ 19 ᠲᠠᠯᠠᠪᠤᠷ ᠡᠷᠭᠢᠯᠡᠵᠦ᠂ ᠭᠤᠣᠯ ᠰᠡᠳᠦᠪᠲᠦ ᠤᠳᠬ᠎ᠠ ᠤᠷᠠᠯᠢᠭ ᠤᠨ ᠪᠦᠲᠦᠭᠡᠯ ᠢ 160 ᠭᠠᠷᠤᠢ ᠵᠣᠬᠢᠶᠠᠨ ᠪᠦᠲᠦᠭᠡᠵᠦ᠂ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠢ 153 ᠲᠠᠯᠠᠪᠤᠷ ᠥᠷᠨᠢᠭᠦᠯᠪᠡ᠃ ᠤᠬᠠᠭᠤᠯᠤᠨ ᠲᠠᠶᠢᠯᠪᠤᠷᠢᠯᠠᠬᠤ ᠪᠦᠯᠭᠦᠮ ᠢ ᠵᠣᠬᠢᠶᠠᠨ ᠪᠠᠶᠢᠭᠤᠯᠵᠤ 2300 ᠭᠠᠷᠤᠢ ᠤᠳᠠᠭ᠎ᠠ ᠤᠬᠠᠭᠤᠯᠭ᠎ᠠ ᠲᠠᠶᠢᠯᠤᠮᠵᠢ ᠬᠢᠵᠦ᠂ ᠭᠥᠯᠢᠶᠡᠨ ᠠᠪᠤᠭᠴᠢᠳ ᠤᠨ ᠲᠤᠭ᠎ᠠ 38.7 ᠲᠦᠮᠡ ᠭᠠᠷᠤᠢ ᠬᠥᠮᠥᠨ ᠤᠳᠠᠭ᠎ᠠ ᠳᠤ ᠬᠦᠷᠴᠡᠢ᠃ ︽ᠡᠭᠦᠳᠦᠨ ᠪᠠᠶᠢᠭᠤᠯᠬᠤ ᠠᠵᠢᠯ ᠤᠨ ᠮᠡᠳᠡᠭᠡ ᠵᠠᠩᠭᠢ︾ ᠶᠢ 14 ᠬᠤᠭᠤᠴᠠᠭ᠎ᠠ᠂ ︽ᠲᠦᠩᠯᠢᠶᠣᠣ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠨᠡᠶᠢᠲᠡᠯᠢᠭ ᠵᠢᠱᠢᠶ᠎ᠡ ᠶᠢᠨ ᠡᠮᠬᠢᠳᠬᠡᠯ︾ ᠢ 7 ᠬᠤᠭᠤᠴᠠᠭ᠎ᠠ ᠨᠠᠶᠢᠷᠠᠭᠤᠯᠤᠨ ᠨᠡᠶᠢᠲᠡᠯᠡᠵᠦ᠂ ︽2024 ᠣᠨ ᠤ ᠡᠭᠦᠳᠦᠨ ᠪᠠᠶᠢᠭᠤᠯᠬᠤ ᠠᠵᠢᠯ ᠡᠷᠴᠢᠮᠲᠡᠢ ᠶᠠᠪᠤᠭᠳᠠᠮᠤᠢ ᠲᠥᠪ ᠤᠨ ᠵᠠᠭᠤᠴᠢᠯᠠᠭᠤᠷ ᠤᠨ ᠬᠠᠷᠠᠭᠠᠰᠤ ᠳᠠᠬᠢ ᠲᠦᠩᠯᠢᠶᠣᠣ ᠊᠊᠊᠊᠊᠊᠊ ᠲᠦᠩᠯᠢᠶᠣᠣ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠤᠨ ᠰᠢᠷᠢᠰ ᠮᠡᠳᠡᠭᠡᠯᠡᠯ ᠤᠨ ᠲᠡᠭᠦᠪᠦᠷᠢ︾ ᠶᠢ ᠨᠠᠶᠢᠷᠠᠭᠤᠯᠤᠨ ᠬᠡᠪᠯᠡᠭᠦᠯᠵᠦ᠂ ︽ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠪᠠ ᠦᠨᠳᠦᠰᠦᠲᠡᠨ ᠤ ᠪᠦᠯᠬᠦᠮᠳᠡᠯ ᠲᠠᠪᠰᠢᠯᠲᠡ ᠶᠢᠨ ᠠᠵᠢᠯᠯᠠᠭᠠᠨ ᠤ ᠰᠠᠷ᠎ᠠ ᠪᠣᠯᠣᠨ ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠬᠤᠭᠤᠴᠠᠭᠠᠨ ᠳᠤ ᠤᠷᠠᠨ ᠰᠠᠶᠢᠬᠠᠨ ᠤ ᠦᠵᠡᠭᠦᠯᠭᠡ ᠶᠢᠨ ᠲᠣᠬᠯᠠᠯᠲᠠ ᠶᠢ 1300 ᠭᠠᠷᠤᠢ ᠲᠠᠯᠠᠪᠤᠷ ᠡᠷᠭᠢᠯᠡᠵᠦ᠂ 1300 ᠭᠠᠷᠤᠢ ᠬᠤᠪᠢ ᠮᠡᠳᠡᠭᠡᠯᠡᠯ ᠨᠡᠶᠢᠲᠡᠯᠡᠵᠦ᠂ ᠣᠬᠤᠷ ᠸᠢᠳᠢᠤ᠋ ᠶᠢ ᠦᠵᠡᠭᠰᠡᠨ ᠬᠡᠮᠵᠢᠶ᠎ᠡ ᠨᠢ 500 ᠲᠦᠮᠡᠨ ᠤᠳᠠᠭ᠎ᠠ ᠶᠢ ᠳᠠᠪᠠᠵᠠᠢ᠃      ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠣᠳᠣᠬᠢᠴᠢᠯᠠᠯᠲᠠ ᠲᠡᠶᠢᠰᠢ ᠤᠷᠤᠭᠰᠢᠯᠠᠬᠤ ᠶᠢ ᠬᠦᠴᠦᠯᠡᠨ ᠠᠬᠢᠭᠤᠯᠪᠠ᠃ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠪᠠᠷ ᠠᠵᠢᠯ ᠤᠨ ᠬᠦᠴᠦᠯᠡᠬᠦ ᠴᠡᠭ ᠪᠤᠯᠭᠠᠵᠤ᠂ ᠬᠦᠷᠢᠶ᠎ᠡ ᠬᠡᠪᠴᠢᠶ᠎ᠡ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠬᠠᠮᠲᠤᠷᠠᠯᠴᠠᠭ᠎ᠠ ᠶᠢ ᠴᠢᠩᠭᠠᠳᠬᠠᠪᠠ᠃ ᠪᠦᠭᠦ ᠵᠢᠯ ᠳᠤ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠡᠯᠡ ᠮᠥᠩᠭᠦ ᠶᠢ 7436 ᠲᠦᠮᠡᠨ ᠲᠥᠭᠦᠷᠢᠭ ᠴᠢᠷᠮᠠᠶᠢᠨ ᠣᠯᠵᠤ᠂ 4366 ᠲᠦᠮᠡᠨ ᠲᠥᠭᠦᠷᠢᠭ ᠣᠷᠣᠭᠤᠯᠤᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠵᠢᠭᠤᠯᠴᠢᠯᠠᠯ ᠢ ᠲᠡᠳᠬᠦᠨ ᠳᠡᠮᠵᠢᠵᠦ ︽ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ︾ ᠢ ᠠᠬᠢᠭᠤᠯᠬᠤ᠂ ᠠᠯᠠᠰᠢᠨ ᠦᠬᠡᠷ ᠤᠨ ᠠᠵᠤ ᠦᠢᠯᠡᠰ ᠵᠡᠷᠭᠡ ᠲᠥᠷᠥᠯ ᠵᠦᠢᠯ ᠢ ᠡᠭᠦᠳᠪᠡ᠃ ᠤᠯᠠᠮᠵᠢᠯᠠᠯᠲᠤ ᠭᠠᠷ ᠤᠷᠠᠯᠠᠯ ᠤᠨ ᠪᠣᠯᠪᠠᠰᠤᠷᠠᠯ ᠤᠨ ᠠᠩᠭᠢ ᠶᠢ 8 ᠲᠠᠯᠠᠪᠤᠷ ᠡᠷᠭᠢᠯᠡᠵᠦ᠂ ᠪᠦᠭᠦ ᠬᠤᠳᠠ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠠᠵᠤ ᠠᠬᠤᠶᠢᠯᠠᠯ ᠤᠨ ᠬᠥᠭᠵᠢᠯᠲᠡ ᠬᠢᠭᠡᠳ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠬᠠᠷᠢᠯᠴᠠᠨ ᠠᠬᠢᠭᠤᠯᠵᠤ ᠬᠠᠮᠲᠤ ᠪᠠᠷ ᠤᠷᠤᠭᠰᠢᠯᠠᠬᠤ ᠶᠢ ᠲᠦᠯᠬᠢᠨ ᠠᠬᠢᠭᠤᠯᠪᠠ᠃ ᠡᠳ᠋ ᠤᠨ ᠵᠠᠰᠠᠭ᠂ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠲᠠᠢ ᠬᠠᠮᠲᠤᠷᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ 4963 ᠲᠦᠮᠡᠨ ᠲᠥᠭᠦᠷᠢᠭ ᠤᠨ ᠳᠠᠮ ᠬᠦᠦ ᠲᠠᠢ ᠪᠡᠯᠡ ᠮᠥᠩᠭᠦ ᠶᠢ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠵᠢᠭᠡᠯᠡᠯᠭᠡ ᠶᠢ 64.09 ᠳ᠋ᠦᠩᠰᠢᠭᠤᠷ ᠲᠥᠭᠦᠷᠢᠭ ᠲᠠᠯᠪᠢᠪᠠ᠃ ᠵᠠᠷᠤᠳ ᠬᠤᠰᠢᠭᠤᠨ ᠤ ᠲᠦᠪᠰᠢᠨ ᠭᠠᠴᠠᠭ᠎ᠠ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠶᠠᠮᠤ ᠭᠠᠴᠠᠭ᠎ᠠ ᠵᠡᠷᠭᠡ 4 ᠭᠠᠴᠠᠭ᠎ᠠ ᠶᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠠᠴᠠ ᠪᠦᠭᠦ ᠣᠷᠣᠨ ᠤ ᠲᠦᠷᠦᠭᠦᠸ ᠪᠦᠯᠦᠭ ᠬᠥᠳᠡᠭᠡ ᠲᠣᠰᠬᠤᠨ ᠤ ᠡᠶ᠎ᠡ ᠨᠠᠶᠢᠷᠠᠮᠲᠠᠭᠤ ᠭᠠᠴᠠᠭ᠎ᠠ ᠲᠤᠰᠬᠤᠨ ᠤ ᠵᠢᠱᠢᠶ᠎ᠡ ᠦᠵᠡᠭᠦᠯᠭᠦ ᠴᠡᠭ ᠢᠶᠠᠷ ᠮᠠᠭᠠᠳᠯᠠᠨ ᠲᠣᠭᠲᠠᠭᠠᠪᠠ᠃      ᠦᠢᠯᠡᠳᠦᠯᠭᠡ ᠶᠢᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠬᠦᠴᠦᠯᠡᠨ ᠠᠬᠢᠭᠤᠯᠪᠠ᠃ ᠡᠭᠦᠳᠦᠨ ᠪᠠᠶᠢᠭᠤᠯᠬᠤ ᠠᠵᠢᠯ ᠤᠨ ︽8+N ᠳᠤ ᠣᠷᠣᠬᠤ︾ ᠶᠢ ᠠᠬᠢᠭᠤᠯᠵᠤ᠂ ᠠᠨᠠᠷ ᠤᠨ ᠦᠷ᠎ᠡ ᠶᠢᠨ ︽1+3+3+N︾ ᠠᠴᠢᠶᠠᠯᠠᠪᠤᠷᠢ ᠶᠢᠨ ᠲᠠᠪᠴᠠᠩ ᠢ ᠪᠤᠶ ᠪᠤᠯᠭᠠᠵᠤ᠂ ︽ᠨᠢᠭᠡ ᠪᠦᠰᠡ ᠭᠤᠷᠪᠠᠨ ᠣᠷᠣᠨ︾ ᠤ ᠠᠵᠢᠯ ᠤᠨ ᠠᠷᠭ᠎ᠠ ᠵᠠᠮ ᠢ ᠡᠭᠦᠳᠴᠦ᠂ ︽ᠠᠨᠠᠷ ᠤᠨ ᠦᠷ᠎ᠡ︾ ᠶᠢᠨ ᠡᠭᠦᠳᠦᠨ ᠪᠠᠶᠢᠭᠤᠯᠬᠤ ᠲᠥᠷᠥᠯ ᠲᠡᠮᠳᠡᠭ ᠢ 77᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠭᠦ ᠴᠡᠭ ᠢ 67 ᠪᠣᠶᠢᠵᠢᠭᠤᠯᠪᠠ᠃ 13 ᠮᠤᠵᠢ ᠶᠢᠨ 20 ᠭᠠᠵᠠᠷ ᠣᠷᠣᠨ  ᠲᠠᠢ ᠣᠷᠣᠨ ᠪᠦᠰᠡ ᠠᠯᠤᠰᠯᠠᠭᠰᠠᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠢ ᠵᠢᠯᠣᠭᠤᠳᠤᠨ ᠣᠷᠣᠨ ᠪᠦᠰᠡ ᠠᠯᠤᠰᠯᠠᠭᠰᠠᠨ 85 ᠵᠦᠢᠯ ᠤᠨ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠪᠠ᠃ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠰᠢᠭᠢᠳᠬᠦ ᠮᠠᠶ᠋ᠢᠭ ᠤᠨ ᠬᠥᠭᠵᠢᠯᠲᠡ ᠶᠢᠨ ᠲᠤᠷᠰᠢᠯᠲᠠ ᠶᠢᠨ ᠴᠡᠭ ᠢ 22 ᠡᠭᠦᠳᠴᠦ᠂ ︽ᠤᠯᠠᠭᠠᠨ ᠠᠨᠠᠷ +︾ ᠬᠠᠷᠢᠯᠴᠠᠨ ᠰᠢᠭᠢᠳᠬᠦ ᠮᠠᠶ᠋ᠢᠭ ᠤᠨ ᠬᠥᠭᠵᠢᠯᠲᠡ ᠶᠢᠨ ᠵᠢᠭᠰᠠᠭᠠᠯ ᠤᠨ ᠭᠠᠵᠠᠷ ᠤᠨ ᠲᠠᠪᠴᠠᠩ ᠢ 449 ᠪᠠᠶᠢᠭᠤᠯᠪᠠ᠃ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭ᠎ᠠ ᠦᠢᠯᠡᠳᠦᠯᠭᠡ ᠶᠢᠨ ᠠᠵᠢᠯᠯᠠᠭ᠎ᠠ ᠶᠢ 4100 ᠭᠠᠷᠤᠢ ᠲᠠᠯᠠᠪᠤᠷ ︵ᠤᠳᠠᠭ᠎ᠠ︶ ᠥᠷᠨᠢᠭᠦᠯᠵᠦ᠂ 34 ᠲᠦᠮᠡ ᠭᠠᠷᠤᠢ ᠬᠥᠮᠥᠨ ᠤᠳᠠᠭ᠎ᠠ ᠳᠤ ᠠᠰᠢᠭ ᠬᠦᠷᠲᠡᠭᠡᠪᠡ᠃ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠵᠢᠭᠤᠯᠴᠢᠯᠠᠯ ᠤᠨ ᠱᠤᠭᠤᠮ ᠢ 14 ᠵᠤᠷᠪᠤᠰ ᠡᠭᠦᠳᠴᠦ᠂ ᠡᠯ᠎ᠡ ᠭᠠᠵᠠᠷ ᠤᠨ ᠵᠢᠭᠤᠯᠴᠢᠯᠠᠯ ᠤᠨ ︽ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ︾ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯᠣᠨ ᠲᠦᠷᠦᠯ ᠵᠦᠢᠯ ᠤᠨ ᠬᠡᠷᠡᠭᠵᠢᠭᠦᠯᠦᠯᠲᠡ ᠶᠢ ᠠᠬᠢᠭᠤᠯᠬᠤ ᠶᠢ ᠳᠡᠮᠵᠢᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠥᠷᠭᠡᠨ ᠳᠡᠯᠭᠡᠷ ᠶᠠᠪᠤᠯᠴᠠᠭ᠎ᠠ᠂ ᠪᠦᠭᠦ ᠲᠠᠯ᠎ᠠ ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ ᠢ ᠦᠨᠡᠨ ᠬᠦ ᠠᠬᠢᠭᠤᠯᠪᠠ᠃      ᠬᠠᠤᠯᠢᠵᠢᠯ ᠤᠨ ᠪᠠᠲᠤᠯᠠᠭ᠎ᠠ ᠶᠢ ᠲᠡᠭᠦᠯᠳᠡᠷᠵᠢᠭᠦᠯᠵᠦ᠂ ᠵᠠᠰᠠᠯᠲᠠ ᠶᠢᠨ ᠦᠢᠯᠡᠳᠦᠯ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠪᠡ᠃ ᠦᠨᠳᠦᠰᠦᠲᠡᠨ ᠤ ᠭᠠᠵᠠᠷ ᠣᠷᠣᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠪᠣᠰᠤᠭ᠎ᠠ ᠴᠣᠭᠴᠠᠲᠤ ᠮᠠᠶ᠋ᠢᠭ ᠤᠨ ᠬᠠᠤᠯᠢᠵᠢᠯ ᠤᠨ ᠤᠬᠠᠭᠤᠯᠭ᠎ᠠ ᠶᠢ ᠥᠷᠨᠢᠭᠦᠯᠵᠦ᠂ ᠦᠨᠳᠦᠰᠦᠨ ᠱᠠᠲᠤᠨ ᠤ ᠬᠠᠤᠯᠢ ᠶᠣᠰᠣᠭᠠᠷ ᠵᠠᠰᠠᠬᠤ ᠪᠠ ᠦᠨᠳᠦᠰᠦᠲᠡᠨ ᠤ ᠪᠦᠯᠬᠦᠮᠳᠡᠯ ᠤᠨ ᠠᠵᠢᠯ ᠤᠨ ᠬᠠᠷᠢᠯᠴᠠᠨ ᠠᠬᠢᠭᠤᠯᠵᠤ ᠬᠠᠷᠢᠯᠴᠠᠨ ᠠᠭᠤᠰᠤᠯᠴᠠᠬᠤ ᠶᠢ ᠲᠦᠯᠬᠢᠨ ᠠᠬᠢᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠬᠠᠤᠯᠢᠵᠢᠭᠰᠠᠨ ᠪᠠᠲᠤᠯᠠᠪᠤᠷᠢ ᠶᠢᠨ ᠬᠠᠯᠬᠠᠪᠴᠢ ᠶᠢ ᠪᠠᠲᠤ ᠴᠣᠭᠴᠠᠯᠠᠪᠠ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠤᠰᠬᠠᠢ ᠤᠬᠠᠭᠤᠯᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠰᠦᠯᠵᠢᠶᠡᠨ ᠳᠡᠭᠡᠷᠡᠬᠢ ᠲᠠᠪᠴᠠᠩ ᠢ ᠠᠰᠢᠭᠯᠠᠨ᠂ ᠦᠨᠳᠦᠰᠦᠨ ᠱᠠᠲᠤᠨ ᠳᠤ ᠭᠦᠨᠵᠡᠭᠡᠶᠢᠷᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠪᠡ᠃ ︽ᠲᠦᠷᠪᠡᠨ ᠭᠠᠵᠠᠷ ᠨᠢᠭᠡ ᠲᠢᠩᠬᠢᠮ︾ ᠢ ᠵᠣᠬᠢᠶᠠᠨ ᠪᠠᠶᠢᠭᠤᠯᠤᠨ ᠬᠠᠮᠲᠤᠷᠠᠨ ᠡᠶᠡᠳᠡᠭᠦᠯᠵᠦ᠂ ︽1 + 4 + N︾ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ ᠰᠢᠨ᠎ᠡ ᠲᠣᠭᠲᠠᠴᠠ ᠶᠢ ᠪᠠᠶᠢᠭᠤᠯᠵᠤ᠂ ︽ᠲᠠᠪᠤ ᠳᠤ ᠰᠡᠳᠬᠢᠯ ᠢᠶᠠᠨ ᠨᠢᠭᠡᠳᠬᠡᠬᠦ︾ ᠡᠶᠡᠳᠡᠭᠦᠯᠭᠡ ᠶᠢᠨ ᠵᠠᠭᠪᠤᠷ ᠢ ᠪᠤᠢ ᠪᠣᠯᠭᠠᠪᠠ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠤᠷᠢᠳᠴᠢᠯᠠᠨ ᠬᠢᠨᠠᠨ ᠬᠠᠷᠭᠤᠭᠤᠯᠤᠯᠲᠠ ᠶᠢ ᠥᠷᠨᠢᠭᠦᠯᠵᠦ᠂ ᠣᠷᠣᠨ ᠨᠤᠲᠤᠭ ᠤᠨ ᠴᠢᠨᠠᠷᠲᠠᠢ 18 ᠬᠠᠤᠯᠢ ᠲᠣᠭᠲᠠᠭᠠᠯ ᠢ ᠡᠮᠬᠢᠯᠡᠨ ᠵᠠᠰᠠᠵᠤ ᠲᠡᠭᠦᠯᠳᠡᠷᠵᠢᠭᠦᠯᠦᠨ᠂ ᠦᠨᠳᠦᠰᠦᠨ ᠱᠠᠲᠤᠨ ᠤ ᠦᠨᠳᠦᠰᠦᠲᠡᠨ ᠤ ᠬᠡᠷᠡᠭ ᠶᠠᠪᠤᠳᠠᠯ ᠢ ᠠᠮᠤᠷ ᠠᠮᠤᠭᠤᠯᠠᠩ ᠲᠦᠩᠯᠢᠶᠣᠣ ᠶᠢᠨ ᠪᠦᠲᠦᠭᠡᠨ ᠪᠠᠶᠢᠭᠤᠯᠤᠯᠲᠠ ᠪᠠ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠲᠣᠥᠷᠵᠢᠭᠤᠯᠤᠬᠰᠠᠨ ᠦᠢᠯᠡᠴᠢᠯᠡᠭᠡᠨ ᠤ ᠬᠠᠮᠢᠶᠠᠷᠤᠯᠲᠠ ᠳᠤ ᠣᠷᠣᠭᠤᠯᠵᠤ᠂ ᠲᠦᠭᠰᠢᠭᠦᠷᠢ ᠶᠢᠨ ᠳᠠᠯᠳᠠ ᠭᠡᠮ ᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠂ ᠰᠠᠨᠠᠭᠤᠯᠤᠮᠵᠢ ᠶᠢᠨ ᠪᠢᠴᠢᠭ ᠳᠠᠷᠤᠮᠠᠯᠯᠠᠨ ᠲᠠᠷᠬᠠᠭᠠᠵᠤ᠂ ᠦᠨᠳᠦᠰᠦᠲᠡᠨ ᠤ ᠭᠠᠵᠠᠷ ᠣᠷᠣᠨ ᠤ ᠬᠠᠤᠯᠢᠵᠢᠯ ᠤᠨ ᠠᠬᠢᠴᠠ ᠶᠢ ᠠᠬᠢᠭᠤᠯᠤᠨ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠬᠠᠤᠯᠢᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠪᠡ᠃
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ