ᠣᠳᠣᠬᠠᠨ ᠳᠤ᠂ ᠠᠭᠠᠷ ᠤᠨ ᠳᠤᠯᠠᠭᠠᠨ ᠠᠭᠠᠵᠢᠮ ᠢᠶᠠᠷ ᠳᠡᠭᠡᠭᠰᠢᠯᠡᠬᠦ ᠶᠢ ᠳᠠᠭᠠᠯᠳᠤᠨ᠂ ᠺᠠᠶᠢᠯᠤ ᠰᠢᠶᠠᠨ ᠤ ᠭᠠᠵᠠᠷ ᠪᠣᠯᠭᠠᠨ ᠳᠤ ᠬᠠᠪᠤᠷ ᠤᠨ ᠲᠠᠷᠢᠶᠠᠯᠠᠩ | ᠦᠢᠯᠡᠳᠪᠦᠷᠢᠯᠡᠯ ᠬᠥᠭᠵᠢᠶᠡᠨ ᠲᠠᠢ ᠶᠠᠪᠤᠭᠳᠠᠵᠤ ᠪᠠᠶᠢᠯ᠎ᠠ᠃ ᠰᠠᠶᠢᠨ ᠦᠷ᠎ᠡ ᠶᠢ ᠰᠣᠩᠭᠤᠬᠤ᠂ ᠰᠠᠶᠢᠨ ᠮᠡᠷᠭᠡᠵᠢᠯ ᠢ ᠳᠡᠯᠭᠡᠷᠡᠭᠦᠯᠬᠦ᠂ ᠰᠠᠶᠢᠨ ᠠᠷᠭ᠎ᠠ ᠶᠢ ᠤᠯᠠᠮᠵᠢᠯᠠᠬᠤ ᠁ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢ ᠠᠰᠢᠭᠯᠠᠭᠰᠠᠨ ᠠᠴᠠ ᠬᠠᠪᠤᠷ ᠤᠨ ᠲᠠᠷᠢᠶᠠᠯᠠᠭ᠎ᠠ ᠶᠢᠨ ᠤᠯᠠᠮᠵᠢᠯᠠᠯᠲᠤ ᠬᠠᠮᠢᠶᠠᠷᠤᠯᠲᠠ ᠶᠢᠨ ᠠᠷᠭ᠎ᠠ ᠭᠡᠯᠪᠡᠷᠢ ᠶᠢ | ᠬᠤᠪᠢᠷᠠᠭᠤᠯᠵᠤ᠂ ᠲᠠᠷᠢᠶᠠᠯᠠᠩ ᠦᠢᠯᠡᠳᠪᠦᠷᠢᠯᠡᠯ ᠢ ᠨᠡᠩ ᠪᠣᠬᠢᠷᠳᠤᠯ ᠦᠭᠡᠢ᠂ ᠨᠡᠩ ᠥᠨᠳᠥᠷ ᠪᠦᠳᠦᠮᠵᠢᠳᠡᠢ ᠪᠣᠯᠭᠠᠪᠠ᠃ | ᠲᠠᠷᠢᠶᠠᠯᠠᠩ ᠤᠨ ᠲᠤᠰᠬᠠᠢ ᠮᠡᠷᠭᠡᠵᠢᠯᠲᠡᠨ ︽ᠭᠤᠣᠯ ᠨᠡᠪᠲᠡᠷᠡᠭᠦᠯᠦᠭᠴᠢ︾ ᠪᠣᠯᠵᠤ᠂ ᠲᠠᠷᠢᠶᠠᠴᠢᠳ ︽ᠰᠦᠯᠵᠢᠶᠡᠨ ᠳᠡᠭᠡᠷ᠎ᠡ︾ ᠮᠡᠷᠭᠡᠵᠢᠯ ᠰᠤᠷᠤᠯᠴᠡᠪᠡ᠃ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠤᠯᠠᠷᠢᠯ ᠳᠤ᠂ ᠲᠠᠷᠢᠶᠠᠯᠠᠩ ᠤᠨ ᠲᠤᠰᠬᠠᠢ ᠮᠡᠷᠭᠡᠵᠢᠯᠲᠡᠨ ᠪᠣᠯᠣᠨ ᠲᠤᠰᠬᠠᠢ ᠬᠤᠷᠰᠢᠶᠠᠵᠢᠯ ᠤᠨ ᠴᠢᠳᠠᠪᠤᠷᠢᠲᠠᠨ ᠤ ᠲᠤᠰᠬᠠᠢ | ᠮᠡᠷᠭᠡᠵᠢᠯ ᠤᠨ ᠲᠠᠶᠢᠯᠤᠮᠵᠢ ᠶᠢ ᠭᠥᠯᠢᠶᠡᠨ ᠠᠪᠴᠤ ᠦᠵᠡᠵᠦ ᠰᠤᠨᠤᠰᠬᠤ ᠨᠢ ᠴᠥᠭᠡᠨ ᠪᠤᠰᠤ ᠲᠠᠷᠢᠶᠠᠴᠢᠨ ᠡᠷᠦᠭᠡ ᠶᠢᠨ ︽ᠵᠠᠪᠠᠯ ᠰᠤᠷᠬᠤ ᠬᠢᠴᠢᠶᠡᠯ︾ ᠪᠣᠯᠵᠠᠢ᠃ | ᠺᠠᠶᠢᠯᠤ ᠪᠠᠯᠭᠠᠰᠤᠨ ᠤ ᠪᠧᠢ ᠰᠢᠩ ᠲᠣᠰᠬᠤᠨ ᠤ ᠯᠠᠵᠤᠤ ᠶᠢᠨ ᠲᠠᠷᠢᠶᠠᠴᠢᠨ ᠪᠦᠸᠧ ᠰᠢᠶᠠᠩ ᠶᠦᠨ ᠵᠢᠷᠭᠠᠯᠠᠩᠲᠤ ᠪᠠᠯᠭᠠᠰᠤ ᠶᠢᠨ ᠵᠠᠮ ᠤᠨ ᠬᠤᠶᠢᠲᠤ ᠠᠶᠢᠯ | ᠲᠣᠰᠬᠤᠨ ᠤ ᠬᠠᠳᠠᠭᠠᠬᠰᠡᠨ ᠤᠯᠠᠭᠠᠨ ᠯᠠᠵᠤᠤ ᠲᠠᠷᠢᠵᠦ ᠤᠷᠭᠤᠭᠤᠯᠬᠤ ᠲᠤᠰᠬᠠᠢ ᠬᠤᠷᠰᠢᠶᠠᠵᠢᠯ ᠤᠨ ᠬᠠᠷᠢᠭᠤᠴᠠᠯᠭᠠᠲᠠᠨ ᠵᠢᠶᠠᠩ ᠾᠦᠢ ᠶᠢᠨ ᠬᠠᠪᠰᠤᠷᠤᠯᠭ᠎ᠠ ᠪᠠᠷ᠂ | ᠡᠨᠡ ᠬᠡᠳᠦᠨ ᠡᠳᠦᠷ ᠭᠡᠷ ᠲᠡᠭᠡᠨ ᠬᠠᠳᠠᠭᠠᠯᠠᠵᠤ ᠪᠠᠶᠢᠭᠰᠠᠨ ᠬᠠᠳᠠᠭᠠᠬᠰᠡᠨ ᠤᠯᠠᠭᠠᠨ ᠯᠠᠵᠤᠤ ᠶᠢ ᠪᠠᠨ ᠪᠦᠭᠦᠨ ᠢ ᠬᠤᠳᠠᠯᠳᠤᠪᠠ᠃ | ᠪᠦᠸᠧ ᠰᠢᠶᠠᠩ ᠶᠦᠨ᠄ ︽ᠪᠢ ᠳ᠋ᠠ ᠯᠢᠩ ᠽᠢ ᠶᠢᠨ ᠰᠢᠭᠤᠳ ᠨᠡᠪᠲᠡᠷᠡᠭᠦᠯᠭᠡ ᠶᠢ ᠨᠢᠭᠡ ᠵᠢᠯ ᠭᠠᠷᠤᠢ ᠠᠩᠬᠠᠷᠴᠠᠢ᠂ ᠨᠠᠳᠠ ᠳᠤ ᠮᠠᠰᠢ ᠶᠡᠭᠡ ᠬᠠᠪᠰᠤᠷᠤᠯᠭ᠎ᠠ | ᠦᠵᠡᠭᠦᠯᠪᠡ᠂ 2024 ᠣᠨ ᠳᠤ ᠮᠠᠨ ᠤ ᠬᠢᠨ 52 ᠮᠦ ᠤᠯᠠᠭᠠᠨ ᠯᠠᠵᠤᠤ ᠳᠠᠷᠢᠵᠦ᠂ ᠶᠡᠷᠦ ᠨᠢ ᠬᠤᠳᠠᠯᠳᠤᠵᠤ ᠲᠡᠶᠢᠯᠭᠦ ᠦᠭᠡᠢ ᠪᠠᠶᠢᠵᠠᠢ᠂ ᠡᠨᠡ ᠬᠡᠳᠦᠨ ᠡᠳᠦᠷ ᠳ᠋ᠠ | ᠯᠢᠩ ᠽᠢ ᠶᠢᠨ ᠬᠠᠪᠰᠤᠷᠤᠯᠭ᠎ᠠ ᠪᠠᠷ ᠬᠠᠲᠠᠭᠠᠬᠰᠠᠨ ᠤᠯᠠᠭᠠᠨ ᠯᠠᠵᠤᠤ ᠪᠠᠨ ᠪᠦᠭᠦᠨ ᠢ ᠬᠤᠳᠠᠯᠳᠤᠵᠤ᠂ ᠲᠡᠭᠦᠨ ᠳᠤ ᠦᠨᠡᠨ ᠰᠡᠳᠬᠢᠯ ᠠᠴᠠ ᠪᠠᠨ ᠲᠠᠯᠠᠷᠬᠠᠵᠤ | ᠪᠠᠶᠢᠨ᠎ᠠ︾ ᠭᠡᠵᠦ ᠰᠡᠳᠬᠢᠯ ᠳᠣᠭᠳᠣᠯᠤᠨ ᠶᠠᠷᠢᠵᠤ ᠪᠠᠶᠢᠪᠠ᠃ | ᠪᠦᠸᠧ ᠰᠢᠶᠠᠩ ᠶᠦᠨ ᠤ ᠶᠠᠷᠢᠵᠤ ᠪᠠᠶᠢᠭ᠎ᠠ ᠳ᠋ᠠ ᠯᠢᠩ ᠽᠢ ᠭᠡᠲᠡᠭ ᠨᠢ ᠳᠠᠷᠤᠢ ᠵᠢᠶᠠᠩ ᠾᠦᠢ ᠤᠯᠠᠭᠠᠨ ᠯᠠᠵᠤᠤ ᠲᠠᠷᠢᠵᠦ ᠤᠷᠭᠤᠭᠤᠯᠬᠤ ᠲᠠᠷᠢᠶᠠᠴᠢᠨ ᠤ | ᠲᠤᠰᠬᠠᠢ ᠬᠤᠷᠰᠢᠶᠠᠵᠢᠯ ᠤᠨ ᠬᠠᠷᠢᠭᠤᠴᠠᠯᠭᠠᠲᠠᠨ ᠵᠠᠩ ᠶᠠ ᠯᠢᠩ ᠢ ᠵᠢᠭᠠᠵᠤ ᠪᠠᠶᠢᠭ᠎ᠠ ᠶᠤᠮ᠃ ᠵᠠᠩ ᠶᠠ ᠯᠢᠩ ᠡᠳᠦᠷ ᠪᠦᠷᠢ ᠰᠢᠭᠤᠳ ᠨᠡᠪᠲᠡᠷᠡᠭᠦᠯᠭᠡ ᠬᠢᠵᠦ᠂ | ᠰᠦᠯᠵᠢᠶᠡᠨ ᠳᠡᠭᠡᠷ᠎ᠡ ︽ᠬᠢᠴᠢᠶᠡᠯ ᠨᠡᠭᠡᠭᠡᠵᠦ︾᠂ ᠲᠠᠷᠢᠶᠠᠴᠢᠨ ᠡᠷᠦᠭᠡ ᠳᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠠᠩᠬᠠᠷᠬᠤ ᠵᠦᠢᠯᠡᠰ ᠢ | ᠮᠡᠳᠡᠭᠳᠡᠬᠦ ᠶᠢᠨ ᠬᠠᠮᠲᠤ ᠰᠦᠯᠵᠢᠶᠡᠨ ᠳᠡᠭᠡᠷ᠎ᠡ ᠲᠠᠷᠢᠶᠠᠴᠢᠳ ᠤᠨ ᠮᠠᠳᠠᠭ ᠲᠠᠢ ᠠᠰᠠᠭᠤᠳᠠᠯ ᠢ ᠬᠠᠷᠢᠭᠤᠯᠵᠤ᠂ ᠲᠠᠷᠢᠶᠠᠴᠢᠨ ᠡᠷᠦᠭᠡ ᠶᠢᠨ ᠡᠯᠪᠡᠭ ᠬᠤᠷᠢᠶᠠᠯᠲᠠ ᠳᠤ | ᠰᠠᠶᠢᠨ ᠰᠠᠭᠤᠷᠢ ᠶᠢ ᠲᠠᠯᠪᠢᠵᠤ ᠥᠭᠪᠡ᠃ ︽ᠪᠢ ᠥᠪᠡᠷ ᠤᠨ ᠪᠦᠯᠭᠦᠮ ᠲᠠᠢ ᠪᠠᠨ ᠬᠠᠮᠲᠤ ᠥᠷᠭᠡᠨ ᠤᠯᠠᠨ ᠲᠠᠷᠢᠶᠠᠴᠢᠨ ᠳᠤ ᠤᠯᠠᠭᠠᠨ ᠯᠠᠵᠤᠤ ᠲᠠᠷᠢᠵᠦ | ᠤᠷᠭᠤᠭᠤᠯᠬᠤ ᠤᠷ᠎ᠠ ᠮᠡᠷᠭᠡᠵᠢᠯ ᠢ ᠦᠨ᠎ᠡ ᠲᠥᠯᠥᠪᠦᠷᠢ ᠦᠭᠡᠢ ᠪᠠᠷ ᠲᠠᠶᠢᠯᠪᠤᠷᠢᠯᠠᠵᠤ᠂ ᠦᠷ᠎ᠡ ᠰᠣᠩᠭᠤᠬᠤ᠂ ᠡᠪᠡᠳᠴᠢᠨ ᠬᠤᠷᠣᠬᠠᠶᠢᠲᠤᠯ ᠢ ᠰᠡᠷᠭᠡᠶᠢᠯᠡᠬᠦ᠂ | ᠲᠠᠷᠢᠶᠠᠯᠠᠩ ᠤᠨ ᠬᠠᠮᠢᠶᠠᠷᠤᠯᠲᠠ᠂ ᠲᠠᠷᠢᠵᠤ ᠬᠤᠷᠢᠶᠠᠬᠤ ᠠᠴᠠ ᠬᠤᠳᠠᠯᠳᠤᠬᠤ ᠦᠨ᠎ᠡ ᠬᠠᠩᠰᠢ ᠬᠦᠷᠲᠡᠯᠡᠬᠢ ᠶᠠᠪᠤᠴᠠ ᠶᠢ ᠪᠠᠭᠲᠠᠭᠠᠵᠤ᠂ ᠡᠳᠦᠷ ᠪᠦᠷᠢ 8000 ᠭᠠᠷᠤᠢ | ᠬᠥᠮᠥᠨ ᠤᠳᠠᠭ᠎ᠠ ᠰᠢᠭᠤᠳ ᠨᠡᠪᠲᠡᠷᠡᠭᠦᠯᠭᠡ ᠶᠢ ᠰᠣᠨᠢᠷᠬᠠᠵᠤ ᠦᠵᠡᠵᠦ ᠪᠠᠶᠢᠨ᠎ᠠ︾ ᠭᠡᠵᠦ ᠵᠠᠩ ᠶᠠ ᠯᠢᠩ ᠶᠠᠷᠢᠵᠤ ᠪᠠᠶᠢᠯ᠎ᠠ᠃ | ᠬᠠᠪᠤᠷ ᠤᠨ ᠲᠠᠷᠢᠶᠠᠯᠠᠭ᠎ᠠ ᠪᠠᠨ ᠰᠢᠨᠵᠢᠯᠡᠬᠦ ᠤᠬᠠᠭᠠᠨᠴᠢ ᠪᠠᠷ ᠲᠠᠷᠢᠶᠠᠯᠠᠬᠤ ᠨᠢ ᠲᠠᠷᠢᠶᠠᠴᠢᠨ ᠡᠷᠦᠭᠡ ᠶᠢᠨ ᠨᠢᠭᠡ ᠵᠢᠯ ᠤᠨ ᠬᠤᠷᠢᠶᠠᠯᠲᠠ ᠲᠠᠢ ᠰᠢᠭᠤᠳ | ᠬᠤᠯᠪᠣᠭᠳᠠᠵᠤ ᠪᠠᠶᠢᠳᠠᠭ᠃ ᠺᠠᠶᠢᠯᠤ ᠰᠢᠶᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢ ᠢᠳᠡᠪᠬᠢᠲᠡᠢ ᠳᠡᠯᠭᠡᠷᠡᠭᠦᠯᠵᠦ᠂ ᠬᠠᠪᠤᠷ ᠤᠨ ᠲᠠᠷᠢᠶᠠᠯᠠᠭ᠎ᠠ ᠶᠢ ᠨᠡᠩ ︽ | ᠣᠶᠤᠨᠴᠢᠯᠠᠪᠠ︾᠃ ᠣᠶᠢᠷ᠎ᠠ ᠶᠢᠨ ᠡᠳᠦᠷ ᠠᠴᠠ ᠨᠠᠭᠠᠰᠢ᠂ ᠺᠠᠶᠢᠯᠤ ᠰᠢᠶᠠᠨ ᠲᠠᠷᠢᠶᠠᠯᠠᠭ᠎ᠠ ᠶᠢᠨ ᠴᠠᠭ ᠢ ᠴᠢᠩᠭ᠎ᠠ ᠠᠩᠬᠠᠷᠴᠤ᠂ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠰᠢᠨ᠎ᠡ ᠶᠢ ᠡᠭᠦᠳᠦᠨ ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠳᠬᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠡᠮᠬᠢ ᠵᠢᠷᠤᠮ ᠲᠠᠢ | ᠠᠬᠢᠭᠤᠯᠵᠠᠢ᠃ ᠡᠨᠡ ᠬᠡᠳᠦᠨ ᠡᠳᠦᠷ᠂ ᠺᠠᠶᠢᠯᠤ ᠰᠢᠶᠠᠨ ᠤ ᠤᠯᠠᠭᠠᠨ ᠯᠠᠵᠤᠤ ᠶᠢᠨ ᠡᠪᠦᠯ ᠬᠠᠪᠤᠷ ᠤᠨ ᠪᠣᠯᠪᠠᠰᠤᠷᠠᠯ ᠤᠨ ︽ᠵᠠᠭᠤᠨ ᠰᠢᠶᠠᠩ ᠤᠨ ᠠᠶᠠᠯᠠᠯ︾ ᠤᠨ | ᠠᠵᠢᠯᠯᠠᠭ᠎ᠠ ᠵᠠᠯᠭᠠᠭ᠎ᠠ ᠪᠠᠷ ᠡᠯ᠎ᠡ ᠪᠠᠯᠭᠠᠰᠤ ᠲᠠᠯᠠᠪᠠᠶ ᠳᠤ ᠶᠠᠪᠤᠭᠳᠠᠪᠠ᠃ ᠠᠵᠢᠯᠯᠠᠭ᠎ᠠ ᠳᠤᠮᠳᠠ᠂ ᠲᠠᠷᠢᠶᠠᠯᠠᠩ ᠤᠨ ᠲᠤᠰᠬᠠᠢ ᠮᠡᠷᠭᠡᠵᠢᠯᠲᠡᠨ ᠠᠵᠢᠯ ᠤᠨ ᠲᠤᠷᠰᠢᠯᠭ᠎ᠠ ᠪᠠ | ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ᠂ ᠭᠢᠯᠪᠠᠷ ᠣᠶᠢᠯᠠᠭᠠᠮᠵᠢᠲᠠᠢ ᠦᠭᠡ ᠭᠡᠯᠡ ᠪᠠᠷ ᠥᠷᠭᠡᠨ ᠤᠯᠠᠨ ᠲᠠᠷᠢᠶᠠᠴᠢᠨ ᠡᠷᠦᠭᠡ ᠳᠤ ᠤᠯᠠᠭᠠᠨ ᠯᠠᠵᠤᠤ | ᠶᠢᠨ ᠥᠨᠳᠥᠷ ᠤᠨᠠᠯᠲᠠᠲᠤ ᠳᠠᠷᠢᠵᠤ ᠤᠷᠭᠤᠭᠤᠯᠬᠤ ᠬᠠᠮᠢᠶᠠᠷᠤᠯᠲᠠ ᠶᠢᠨ ᠮᠡᠷᠭᠡᠵᠢᠯ᠂ ᠡᠪᠡᠳᠴᠢᠨ ᠬᠤᠷᠣᠬᠠᠶᠢᠲᠤᠯ ᠢ ᠰᠡᠷᠭᠡᠶᠢᠯᠡᠨ ᠵᠠᠰᠠᠬᠤ ᠵᠡᠷᠭᠡ ᠬᠠᠮᠢᠶ᠎ᠠ ᠪᠦᠬᠦᠢ | ᠮᠡᠳᠡᠯᠭᠡ ᠶᠢ ᠭᠦᠨᠵᠡᠭᠡᠢ ᠲᠠᠶᠢᠯᠪᠤᠷᠢᠯᠠᠵᠤ᠂ ᠲᠠᠷᠢᠶᠠᠴᠢᠳ ᠤᠨ ᠦᠢᠯᠡᠳᠪᠦᠷᠢᠯᠡᠯ ᠤᠨ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠠᠭᠠᠨ | ᠯᠠᠵᠤᠤ ᠶᠢᠨ ᠠᠵᠤ ᠦᠢᠯᠡᠰ ᠤᠨ ᠬᠥᠭᠵᠢᠯᠲᠡ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃ ︽ᠰᠦᠯᠵᠢᠶᠡᠨ ᠳᠡᠭᠡᠷ᠎ᠡ︾ ᠬᠠᠷᠢᠯᠴᠠᠨ ᠬᠥᠳᠡᠯᠦᠯᠴᠡᠵᠦ᠂ | ︽ᠰᠦᠯᠵᠢᠶᠡᠨ ᠭᠠᠳᠠᠨ᠎ᠠ︾ ᠪᠣᠳᠠᠲᠠᠢ ᠵᠢᠯᠤᠭᠤᠳᠴᠤ᠂ ᠺᠠᠶᠢᠯᠤ ᠰᠢᠶᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠣᠷᠣᠭᠤᠯᠤᠯᠲᠠ ᠪᠠᠷ ᠬᠠᠪᠤᠷ ᠤᠨ ᠲᠠᠷᠢᠶᠠᠯᠠᠩ | ᠦᠢᠯᠡᠳᠪᠦᠷᠢᠯᠡᠯ ᠢ ᠨᠡᠩ ᠪᠣᠬᠢᠷᠳᠤᠯ ᠦᠭᠡᠢ᠂ ᠨᠡᠩ ᠥᠨᠳᠥᠷ ᠦᠷ᠎ᠡ ᠪᠦᠳᠦᠮᠵᠢᠳᠡᠢ ᠪᠣᠯᠭᠠᠪᠠ᠃ | ᠺᠠᠶᠢᠯᠤ ᠰᠢᠶᠠᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠡᠷᠭᠢᠯᠡᠭᠴᠢ ᠽᠦᠸᠧ ᠮᠢᠩ ᠬᠤ᠋ ᠶᠢᠨ ᠲᠠᠨᠢᠯᠴᠠᠭᠤᠯᠤᠭᠰᠠᠨ ᠢᠶᠠᠷ᠂ ᠣᠳᠣᠬᠠᠨ ᠳᠤ᠂ | ᠺᠠᠶᠢᠯᠤ ᠰᠢᠶᠠᠨ ᠲᠠᠷᠢᠶᠠᠯᠠᠩ ᠤᠨ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠪᠦᠭᠦ ᠰᠢᠶᠠᠨ ᠤ 12 ᠪᠠᠯᠭᠠᠰᠤ ᠲᠠᠯᠠᠪᠠᠢ ᠳᠤ ᠪᠦᠭᠦᠨ ᠢ ᠪᠦᠷᠬᠦᠭᠦᠯᠬᠦ ᠭᠡᠯᠪᠡᠷᠢ | ᠶᠢᠨ ᠮᠡᠷᠭᠡᠵᠢᠯ ᠤᠨ ᠪᠣᠯᠪᠠᠰᠤᠷᠠᠯ ᠥᠷᠨᠢᠭᠦᠯᠵᠦ ᠪᠤᠢ᠃ ᠵᠠᠯᠭᠠᠭᠠᠳ᠂ ᠲᠠᠷᠢᠶᠠᠯᠠᠩ ᠤᠨ ᠮᠡᠷᠭᠡᠵᠢᠯᠲᠡᠳ ᠴᠢᠬᠢ ᠪᠣᠶᠢᠵᠢᠭᠤᠯᠬᠤ ᠬᠦᠯᠡᠮᠵᠢ ᠳᠤ ᠭᠦᠨᠵᠡᠭᠡᠶᠢᠷᠡᠵᠦ᠂ ᠬᠦᠯᠡᠮᠵᠢ | ᠶᠢᠨ ᠲᠠᠷᠢᠶᠠᠴᠢᠳ ᠲᠤ ᠮᠡᠷᠭᠡᠵᠢᠯ ᠤᠨ ᠰᠠᠶᠢᠨ ᠵᠣᠷ ᠬᠠᠩᠭᠠᠵᠤ᠂ ᠤᠯᠠᠭᠠᠨ ᠯᠠᠵᠤᠤ ᠶᠢᠨ ᠴᠢᠬᠢ ᠪᠣᠶᠢᠵᠢᠭᠤᠯᠬᠤ ᠴᠢᠨᠠᠷ ᠴᠢᠨᠰᠠᠭ᠎ᠠ ᠶᠢ ᠪᠠᠲᠤᠯᠠᠵᠤ᠂ ᠤᠷᠤᠯᠭ᠎ᠠ ᠶᠢᠨ | ᠨᠡᠮᠡᠭᠳᠡᠯ ᠢ ᠤᠯᠠᠮ ᠰᠠᠶᠢᠨ ᠠᠬᠢᠭᠤᠯᠬᠤ ᠪᠣᠯᠣᠨ᠎ᠠ᠃ | ︵ᠴᠢᠨ ᠶᠢᠩ ᠯᠢᠦ ᠵᠢᠶᠠ ᠶᠤᠸᠠᠨ ᠹᠧᠩ ᠳ᠋ᠠ ᠯᠧᠢ︶ | |