ᠰᠤᠷᠪᠤᠯᠵᠢᠯᠠᠬᠴᠢ ᠪᠤᠤ ᠯᠢᠩ ᠯᠢᠩ ᠳᠠᠳᠤᠯᠭ᠎ᠠ ᠶᠢᠨ ᠰᠤᠷᠤᠬᠴᠢ ᠶᠢᠨ ᠴᠢᠶᠤᠤ ᠯᠢᠩ | ᠬᠤᠲᠠᠴᠢᠯᠠᠭᠰᠠᠨ ᠠᠬᠢᠴᠠ ᠲᠦᠷᠭᠡᠳᠴᠦ ᠪᠠᠶᠢᠭ᠎ᠠ ᠥᠨᠥᠳᠥᠷ ᠲᠤ᠂ ᠤᠯᠠᠮᠵᠢᠯᠠᠯᠲᠤ ᠨᠡᠶᠢᠭᠡᠮ ᠲᠣᠭᠤᠷᠢᠭ ᠤᠨ ᠵᠠᠰᠠᠯᠲᠠ ᠶᠢᠨ ᠵᠠᠭᠪᠤᠷ ᠨᠢ ᠨᠢᠭᠡᠨᠲᠡ ᠰᠠᠭᠤᠭᠠᠯᠢ | ᠠᠷᠠᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠯᠠᠨ ᠡᠰᠢᠴᠢᠯᠡᠭᠰᠡᠨ ᠬᠡᠷᠡᠭᠴᠡᠭᠡ ᠳᠤ ᠵᠣᠬᠢᠴᠠᠬᠤ ᠳᠤ ᠬᠦᠴᠢᠷ ᠪᠣᠯᠪᠠ᠃ ᠵᠠᠷᠤᠳ ᠬᠤᠰᠢᠭᠤᠨ ᠤ ᠹᠦ᠋ ᠯᠢ ᠴᠦᠨ | ᠴᠧᠩ ᠨᠡᠶᠢᠭᠡᠮ ᠲᠣᠭᠤᠷᠢᠭ ᠲᠤ ᠣᠲᠣ ᠪᠠᠶᠢᠩᠭᠤ ᠰᠠᠭᠤᠭ᠎ᠠ ᠰᠠᠭᠤᠭᠠᠯᠢ ᠠᠷᠠᠳ 4151 ᠡᠷᠦᠭᠡ᠂ 9963 ᠬᠥᠮᠥᠨ ᠪᠠᠶᠢᠵᠤ᠂ ᠲᠤᠰ ᠨᠡᠶᠢᠭᠡᠮ ᠲᠣᠭᠤᠷᠢᠭ 200 | ᠊᠊᠊᠊᠊᠊ 300 ᠡᠷᠤᠭᠡ ᠶᠢ ᠨᠢᠭᠡ ᠲᠣᠣᠷᠵᠢᠯ ᠪᠣᠯᠭᠠᠨ ᠬᠤᠪᠢᠶᠠᠵᠤ᠂ ᠨᠡᠶᠢᠲᠡ 18 ᠲᠣᠣᠷᠵᠢᠯ ᠪᠣᠯᠭᠠᠨ ᠬᠤᠪᠢᠶᠠᠵᠠᠢ᠃ ᠡᠳᠡᠭᠡᠷ ᠲᠣᠣᠷᠵᠢᠯ ᠢᠶᠠᠷ ᠵᠠᠰᠠᠯᠲᠠ ᠶᠢᠨ ᠨᠢᠭᠡᠴᠢ | ᠪᠣᠯᠭᠠᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠣᠯᠠᠨ ᠲᠦᠮᠡᠨ ᠲᠠᠢ ᠬᠠᠷᠢᠯᠴᠠᠬᠤ ︽3456 ᠠᠵᠢᠯ ᠤᠨ ᠠᠷᠭ᠎ᠠ︾ ᠶᠢ ᠪᠦᠲᠦᠭᠡᠯᠴᠢ ᠪᠠᠷ ᠬᠡᠷᠡᠭᠵᠢᠭᠦᠯᠵᠦ᠂ ︽ | ᠪᠢᠴᠢᠯ ᠦᠢᠯᠡᠴᠢᠯᠡᠭᠡ + ᠪᠢᠴᠢᠯ ᠵᠠᠰᠠᠯᠲᠠ︾ ᠶᠢᠨ ᠬᠤᠣᠰ ᠡᠷᠴᠢᠮ ᠢᠶᠠᠷ ᠬᠥᠳᠡᠯᠭᠡᠭᠦᠷ ᠪᠤᠯᠭᠠᠬᠤ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠦᠨᠳᠦᠰᠦᠨ | ᠱᠠᠲᠤᠨ ᠤ ᠵᠠᠰᠠᠯᠲᠠ ᠶᠢᠨ ᠡᠴᠦᠰ ᠤᠨ ᠨᠢᠭᠡ ᠮᠧᠲᠷ ᠢ ᠨᠠᠪᠲᠠᠷᠡᠭᠦᠯᠵᠦ᠂ ᠨᠠᠮ ᠤᠨ ᠪᠠᠶᠢᠭᠤᠯᠤᠯᠲᠠ ᠪᠠᠷ ᠨᠡᠶᠢᠭᠡᠮ ᠲᠣᠭᠤᠷᠢᠭ ᠤᠨ ᠵᠠᠰᠠᠯᠲᠠ ᠶᠢᠨ ᠣᠳᠣᠬᠢᠴᠢᠯᠠᠯᠲᠠ ᠶᠢ | ᠬᠥᠲᠥᠯᠥᠨ ᠳᠠᠭᠠᠭᠤᠯᠬᠤ ᠰᠢᠨ᠎ᠡ ᠶᠢ ᠡᠭᠦᠳᠬᠦ ᠠᠷᠭ᠎ᠠ ᠵᠠᠮ ᠢ ᠬᠠᠶᠢᠨ ᠰᠦᠪᠡᠭᠴᠢᠯᠡᠵᠦ ᠭᠠᠷᠭᠠᠭᠰᠠᠨ ᠪᠠᠶᠢᠨ᠎ᠠ᠃ | ᠲᠣᠣᠷᠵᠢᠯ ᠪᠦᠷᠢ ᠳᠤ ︽1 ᠲᠣᠣᠷᠵᠢᠯ ᠤᠨ ᠠᠵᠢᠯᠲᠠᠨ + 2 ᠰᠠᠶᠢᠨ ᠳᠤᠷ᠎ᠠ ᠶᠢᠨ ︵ᠲᠤᠰᠢᠶᠠᠯ ᠬᠠᠪᠰᠤᠷᠭᠠᠭᠰᠠᠨ︶ ᠠᠵᠢᠯᠲᠠᠨ + 1 ᠠᠵᠢᠯᠯᠠᠵᠤ ᠪᠠᠶᠢᠭ᠎ᠠ | ᠨᠠᠮ ᠤᠨ ᠭᠡᠰᠢᠭᠦᠨ ᠤ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ᠠᠩᠭᠢ︾ ᠲᠣᠬᠢᠷᠠᠭᠤᠯᠵᠤ᠂ ᠫᠢᠷᠠᠮᠢᠳ᠋ ᠰᠤᠪᠤᠷᠭ᠎ᠠ ᠮᠠᠶ᠋ᠢᠭ ᠤᠨ ᠬᠠᠮᠢᠶᠠᠷᠤᠯᠲᠠ ᠶᠢᠨ | ᠪᠦᠲᠦᠴᠡ ᠶᠢ ᠪᠤᠶ ᠪᠣᠯᠭᠠᠪᠠ᠃ ᠲᠣᠣᠷᠵᠢᠯ ᠤᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ᠂ ᠲᠤᠰᠢᠶᠠᠯ ᠬᠠᠷᠢᠭᠤᠴᠠᠯᠭ᠎ᠠ ᠡᠭᠦᠷᠭᠡ ᠶᠢ | ᠲᠣᠳᠣᠷᠬᠠᠶᠢᠯᠠᠬᠤ᠂ ᠠᠵᠢᠯ ᠤᠨ ᠱᠠᠭᠠᠷᠳᠠᠯᠭ᠎ᠠ ᠶᠢ ᠳᠤᠷᠠᠳᠬᠤ᠂ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠪᠠᠶᠢᠭᠤᠯᠬᠤ ᠪᠠᠷ ᠳᠠᠮᠵᠢᠨ᠂ ᠨᠡᠩ ᠡᠷᠴᠢᠮᠲᠡᠢ ᠦᠢᠯᠡᠴᠢᠯᠡᠭᠡ | ᠬᠠᠮᠢᠶᠠᠷᠤᠯᠲᠠ ᠶᠢᠨ ᠪᠠᠶᠢᠷᠢᠰᠢᠯ ᠢ ᠪᠦᠷᠢᠯᠳᠦᠭᠦᠯᠪᠡ᠃ | ᠵᠠᠷᠤᠳ ᠬᠤᠰᠢᠭᠤᠨ ᠤ ᠹᠦ᠋ ᠯᠢ ᠴᠦᠨ ᠴᠧᠩ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ︽ᠴᠦᠨ ᠴᠧᠩ ᠤᠨ ᠬᠡᠷᠡᠭ ᠵᠥᠪᠯᠡᠬᠦ ᠬᠤᠷᠠᠯ︾ ᠤᠨ | ᠲᠠᠪᠴᠠᠩ ᠢ ᠪᠠᠶᠢᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠤᠳᠠᠯᠳᠤᠭᠠᠴᠢᠨ ᠡᠷᠦᠭᠡ ᠶᠢᠨ ᠬᠤᠯᠪᠤᠭ᠎ᠠ ᠵᠡᠷᠭᠡ 12 ᠲᠥᠷᠥᠯ ᠤᠨ ᠵᠠᠰᠠᠯᠲᠠ ᠶᠢᠨ ᠪᠡᠶᠡᠴᠢ | ᠴᠣᠭᠴᠠ ᠶᠢ ᠡᠮᠬᠢᠯᠡᠨ ᠨᠡᠶᠢᠯᠡᠭᠦᠯᠪᠡ᠃ ︽ᠨᠡᠶᠢᠭᠡᠮ ᠲᠣᠭᠤᠷᠢᠭ ᠤᠨ ᠨᠡᠶᠢᠲᠡ ᠶᠢᠨ ᠭᠡᠷ᠎ᠡ︾᠂ ︽ᠬᠠᠮᠲᠤ ᠪᠠᠷ ᠰᠠᠭᠤᠷᠢᠰᠢᠵᠤ ᠬᠠᠮᠲᠤ ᠪᠠᠷ ᠪᠠᠶᠢᠭᠤᠯᠬᠤ ᠵᠥᠪᠯᠡᠯᠴᠡᠭᠡᠷ︾ | ᠵᠡᠷᠭᠡ ᠳᠦᠷᠢᠮ ᠤᠨ ᠪᠢᠴᠢᠭ ᠮᠠᠲ᠋ᠧᠷᠢᠶᠠᠯ ᠢ ᠲᠣᠭᠲᠠᠭᠠᠬᠤ ᠪᠠᠷ ᠳᠠᠮᠵᠢᠨ᠂ ᠡᠯ᠎ᠡ ᠲᠠᠯ᠎ᠠ ᠶᠢᠨ ᠡᠷᠬᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠲᠣᠳᠣᠷᠬᠠᠶᠢᠯᠠᠪᠠ᠃ | 2024 ᠣᠨ ᠳᠤ ᠠᠵᠢᠯ ᠲᠥᠷᠥᠯ ᠠᠯᠤᠰᠯᠠᠭᠰᠠᠨ ᠣᠯᠠᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠣᠯᠠᠨ ᠡᠰᠢᠵᠢᠭᠦᠯᠦᠨ ᠬᠠᠮᠲᠤ ᠪᠠᠷ ᠵᠠᠰᠠᠬᠤ ︽ | ᠵᠠᠰᠠᠯᠲᠠ ᠶᠢᠨ ᠬᠠᠮᠲᠤ ᠶᠢᠨ ᠴᠣᠭᠴᠠ︾ ᠶᠢ ᠪᠠᠶᠢᠭᠤᠯᠪᠠ᠃ ᠡᠭᠦᠨ ᠠᠴᠠ ᠭᠠᠳᠠᠨ᠎ᠠ᠂ ᠵᠠᠷᠤᠳ ᠬᠤᠰᠢᠭᠤᠨ ᠤ ᠹᠦ᠋ ᠯᠢ ᠴᠦᠨ ᠴᠧᠩ ᠨᠡᠶᠢᠭᠡᠮ ᠲᠣᠭᠤᠷᠢᠭ ᠤᠨ ᠬᠢᠨ | ᠬᠡᠷᠡᠭᠴᠡᠭᠡ ᠱᠠᠭᠠᠷᠳᠠᠯᠭ᠎ᠠ ᠶᠢ ᠬᠠᠮᠲᠤ ᠪᠠᠷ ᠪᠠᠶᠢᠭᠤᠯᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠡᠬᠢ ᠪᠠᠶᠠᠯᠢᠭ ᠲᠠᠢ ᠵᠣᠯᠭᠠᠭᠤᠯᠵᠤ᠂ ᠳ᠋ᠦᠩ ᠰᠢᠩ ᠰᠠᠭᠤᠭᠠᠯᠢ | ᠠᠷᠠᠳ ᠤᠨ ᠲᠣᠭᠤᠷᠢᠭ ᠲᠤ ᠵᠠᠮ ᠵᠠᠰᠠᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠬᠦᠴᠢᠷ ᠪᠠᠶᠢᠬᠤ ᠵᠡᠷᠭᠡ ᠡᠯ᠎ᠡ ᠵᠦᠢᠯ ᠤᠨ ᠠᠰᠠᠭᠤᠳᠠᠯ ᠢ | ᠰᠢᠢᠳᠪᠦᠷᠢᠯᠡᠪᠡ᠃ | ᠵᠠᠷᠤᠳ ᠬᠤᠰᠢᠭᠤᠨ ᠤ ᠹᠦ᠋ ᠯᠢ ᠴᠦᠨ ᠴᠧᠩ ᠨᠡᠶᠢᠭᠡᠮ ᠲᠣᠭᠤᠷᠢᠭ ᠤᠨ ᠵᠠᠰᠠᠯᠲᠠ ᠶᠢᠨ ᠦᠢᠯᠡᠳᠦᠯᠭᠡ ᠨᠢ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ | ᠵᠠᠰᠠᠯᠲᠠ ᠨᠢ ᠤᠯᠠᠮᠵᠢᠯᠠᠯᠲᠤ ᠵᠠᠰᠠᠭ ᠵᠠᠬᠢᠷᠭᠠᠨ ᠤ ᠪᠠᠬᠢᠯᠡᠯᠲᠡ ᠶᠢ ᠡᠪᠳᠡᠵᠦ᠂ ᠲᠣᠭᠲᠠᠴᠠ ᠶᠢᠨ ᠰᠢᠨ᠎ᠡ ᠶᠢ ᠡᠭᠦᠳᠬᠦ᠂ ᠵᠣᠬᠢᠶᠠᠨ ᠪᠠᠶᠢᠭᠤᠯᠤᠯᠲᠠ ᠳᠤ ᠴᠢᠳᠠᠪᠤᠷᠢ | ᠣᠯᠭᠤᠬᠤ ᠪᠠᠷ ᠳᠠᠮᠵᠢᠨ᠂ ᠨᠠᠮ ᠤᠨ ᠤᠯᠤᠰ ᠲᠥᠷᠥ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠵᠠᠰᠠᠯᠲᠠ ᠶᠢᠨ ᠦᠷ᠎ᠡ ᠪᠦᠲᠦᠮᠵᠢ ᠪᠣᠯᠭᠠᠨ | ᠬᠤᠪᠢᠷᠠᠭᠤᠯᠬᠤ ᠴᠢᠬᠤᠯᠠᠲᠠᠢ ᠭᠡᠲᠡᠭ ᠢ ᠭᠡᠷᠡᠴᠢᠯᠡᠪᠡ᠃ ᠡᠶᠢᠮᠦᠷᠬᠦᠦ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠲᠣᠣᠷᠵᠢᠯ ᠤᠨ ᠬᠠᠮᠢᠶᠠᠷᠤᠯᠲᠠ ᠪᠠᠷ | ᠰᠠᠭᠤᠷᠢ ᠲᠠᠯᠪᠢᠵᠤ᠂ ᠣᠯᠠᠨ ᠡᠰᠢᠵᠢᠭᠦᠯᠦᠨ ᠬᠠᠮᠲᠤ ᠪᠠᠷ ᠵᠠᠰᠠᠬᠤ︾ ᠵᠠᠰᠠᠯᠲᠠ ᠶᠢᠨ ᠵᠠᠭᠪᠤᠷ ᠨᠢ ᠨᠡᠯᠢᠶᠡᠳ ᠶᠡᠭᠡ ᠨᠡᠶᠢᠭᠡᠮ ᠲᠣᠭᠤᠷᠢᠭ ᠤᠨ ᠵᠠᠰᠠᠯᠲᠠ ᠶᠢᠨ ᠪᠡᠷᠬᠡ | ᠰᠡᠳᠦᠪ ᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ᠂ ᠨᠠᠩ ᠴᠤ ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠤᠬᠠᠮᠰᠠᠷ ᠢ ᠲᠡᠭᠡᠭᠰᠢᠯᠡᠭᠦᠯᠵᠦ᠂ ᠦᠨᠳᠦᠰᠦᠨ | ᠱᠠᠲᠤᠨ ᠤ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠰᠢᠨ᠎ᠡ ᠥᠯᠢᠭᠡᠷ ᠳᠠᠭᠤᠷᠢᠶᠠᠯ ᠪᠣᠯᠤᠭᠰᠠᠨ | ᠪᠠᠶᠢᠨ᠎ᠠ᠃ | |