ᠣᠶᠢᠷ᠎ᠠ ᠳᠤ᠂ ᠬᠡᠰᠡᠭ ᠣᠯᠠᠨ ᠲᠦᠮᠡᠨ ︽ᠲᠠᠪᠤᠨ ᠳᠠᠭᠠᠳᠬᠠᠯ ᠨᠢᠭᠡ ᠮᠥᠩᠭᠦ ᠶᠢᠨ ᠨᠥᠬᠦᠪᠦᠷᠢ︾ ᠠᠪᠬᠤ ᠮᠡᠳᠡᠭᠳᠡᠯ ᠲᠣᠰᠣᠭᠰᠠᠨ ᠪᠠᠶᠢᠳᠠᠯ ᠢ ᠲᠤᠰᠬᠠᠵᠠᠢ᠃ | ᠡᠭᠦᠨ ᠤ ᠲᠤᠬᠠᠢ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠢᠯᠡᠷᠬᠡᠶᠢᠯᠡᠬᠦ ᠳᠡᠭᠡᠨ᠂ ᠶᠡᠷᠦ ᠠᠴᠠ ᠡᠩ ᠤᠨ ᠣᠯᠠᠨ | ᠲᠦᠮᠡᠨ ᠳᠤ ︽ᠲᠠᠪᠤᠨ ᠳᠠᠭᠠᠳᠬᠠᠯ ᠨᠢᠭᠡ ᠮᠥᠩᠭᠦ ᠶᠢᠨ ᠨᠥᠬᠦᠪᠦᠷᠢ︾ ᠭᠡᠳᠡᠭ ᠢ ᠲᠠᠷᠬᠠᠭᠠᠵᠤ ᠥᠩᠭᠡᠷᠡᠭᠰᠡᠨ ᠦᠭᠡᠢ᠂ ᠡᠨᠡ ᠬᠦ ᠮᠡᠳᠡᠭᠳᠡᠯ ᠨᠢ ᠬᠤᠳᠠᠯ ᠮᠡᠳᠡᠭᠡ ᠵᠠᠩᠭᠢ | ᠪᠣᠯᠬᠤ ᠮᠥᠷᠲᠡᠭᠡᠨ ᠮᠡᠬᠡᠯᠡᠯ ᠤᠨ ᠰᠡᠵᠢᠭᠯᠡᠯᠲᠡᠢ ᠪᠣᠯᠬᠤᠷ ᠶᠠᠭᠠᠬᠢᠭᠰᠠᠨ ᠴᠤ ᠢᠲᠡᠭᠡᠵᠦ ᠪᠣᠯᠬᠤ ᠦᠭᠡᠢ ᠭᠡᠵᠡᠢ᠃ | | | | | | ᠡᠨᠡ ᠬᠦ ᠮᠡᠳᠡᠭᠳᠡᠯ ᠳᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ | ᠠᠵᠢᠯ ᠳᠤ ᠣᠷᠣᠭᠠᠳ ᠪᠦᠬᠦᠯᠢ ᠨᠢᠭᠡ ᠰᠠᠷ᠎ᠠ ᠪᠣᠯᠤᠭᠰᠠᠨ ᠪᠥᠭᠡᠳ ᠤᠯᠤᠰ ᠤᠨ ᠲᠣᠭᠲᠠᠭᠠᠯ ᠶᠣᠰᠣᠭᠠᠷ ᠲᠠᠪᠤᠨ ᠳᠠᠭᠠᠳᠬᠠᠯ ᠨᠢᠭᠡ ᠮᠥᠩᠭᠦ ᠶᠢ ᠬᠡᠪ ᠤᠨ ᠶᠣᠰᠣᠭᠠᠷ | ᠲᠤᠰ᠊ ᠵᠶᠠᠭᠰᠠᠨ ᠠᠵᠢᠯᠲᠠᠨ ᠪᠦᠬᠦᠨ ᠴᠥᠮ ︽ᠲᠠᠪᠤᠨ ᠳᠠᠭᠠᠳᠬᠠᠯ ᠨᠢᠭᠡ ᠮᠥᠩᠭᠦ ᠶᠢᠨ ᠨᠥᠬᠦᠪᠦᠷᠢ︾ ᠭᠤᠶᠤᠴᠢᠯᠠᠬᠤ ᠬᠢᠷᠢ ᠬᠡᠮ ᠲᠠᠢ᠂ ᠡᠷᠬᠡᠪᠰᠢ ᠲᠣᠭᠲᠠᠭᠰᠠᠨ | ᠴᠠᠭ ᠤᠨ ᠳᠣᠲᠣᠷ᠎ᠠ ᠮᠡᠳᠡᠭᠡ ᠵᠠᠩᠭᠢ ᠶᠢ ᠭᠡᠷᠡᠴᠢᠯᠡᠬᠦ ᠪᠠ ᠨᠥᠬᠦᠪᠦᠷᠢᠯᠡᠬᠦ ᠠᠵᠢᠯ ᠢ ᠪᠡᠶᠡᠯᠡᠭᠦᠯᠬᠦ ᠬᠡᠷᠡᠭᠲᠡᠢ᠂ ᠬᠤᠭᠤᠴᠠᠭ᠎ᠠ ᠥᠩᠭᠡᠷᠡᠲᠡᠯ᠎ᠡ ᠭᠦᠢᠴᠡᠳᠬᠡᠭᠰᠡᠨ ᠦᠭᠡᠢ | ᠠᠵᠢᠯᠲᠠᠨ ᠨᠥᠬᠦᠪᠦᠷᠢ ᠶᠢ ᠬᠦᠷᠲᠡᠵᠦ ᠳᠡᠶᠢᠯᠬᠦ ᠦᠭᠡᠢ ᠭᠡᠵᠡᠢ᠃ | ᠳᠣᠣᠷᠠᠬᠢ ᠬᠤᠶᠠᠷ ᠬᠡᠮᠵᠢᠯᠳᠦ ᠺᠣᠳ᠋ ᠢ ᠰᠢᠷᠪᠢᠪᠡᠯ ︽ᠡᠳ᠋ ᠤᠨ ᠵᠠᠰᠠᠭ ᠤᠨ ᠶᠠᠮᠤᠨ ᠤ ᠰᠦᠯᠵᠢᠶ᠎ᠡ︾ ᠭᠠᠷᠤᠭᠠᠳ ᠢᠷᠡᠳᠡᠭ ᠪᠥᠭᠡᠳ ᠥᠪᠡᠷ ᠤᠨ ᠣᠪᠣᠭ ᠨᠡᠷ᠎ᠡ᠂ | ᠪᠡᠶ᠎ᠡ ᠶᠢᠨ ᠦᠨᠡᠮᠯᠡᠯ ᠤᠨ ᠨᠣᠮᠧᠷ ᠵᠡᠷᠭᠡ ᠪᠠᠨ ᠣᠷᠣᠭᠤᠯᠬᠤ ᠶᠢ ᠱᠠᠭᠠᠷᠳᠠᠳᠠᠭ᠂ ᠵᠠᠯᠭᠠᠭᠠᠳ ᠪᠠᠰᠠ ᠪᠠᠩᠬᠢ ᠶᠢᠨ ᠺᠠᠷᠲ ᠤᠨ ᠨᠣᠮᠧᠷ᠂ ᠰᠢᠯᠭᠠᠨ ᠪᠠᠲᠤᠯᠠᠬᠤ ᠺᠣᠳ᠋ | ᠵᠡᠷᠭᠡ ᠪᠠᠨ ᠲᠠᠭᠯᠠᠬᠤ ᠬᠡᠷᠡᠭᠲᠡᠢ ᠭᠡᠳᠡᠭ᠃ | ᠠᠩᠬᠠᠷᠤᠭᠠᠷᠠᠢ︕ ᠡᠨᠡ ᠬᠦ ᠰᠦᠯᠵᠢᠶᠡᠨ ᠤ ᠥᠷᠲᠡᠭᠡ ᠪᠣᠯ ᠬᠠᠭᠤᠷᠮᠠᠭ ᠶᠤᠮ᠃ ᠪᠢᠲᠡᠭᠡᠢ ᠢᠲᠡᠭᠡ᠂ ᠪᠢᠲᠡᠭᠡᠢ ᠲᠠᠭᠯᠠ᠂ ᠡᠨᠡ ᠪᠣᠯ ᠮᠡᠬᠡᠯᠡᠯ ᠤᠨ ᠶᠡᠷᠦᠳᠡ ᠶᠢᠨ | ᠠᠷᠭ᠎ᠠ᠃ ᠮᠡᠳᠡᠭᠡ ᠵᠠᠩᠭᠢ ᠪᠠᠨ ᠲᠤᠰᠢᠶᠠᠭᠰᠠᠨ ᠤ ᠳᠠᠷᠠᠭ᠎ᠠ ᠨᠥᠬᠦᠪᠦᠷᠢ ᠣᠯᠵᠤ ᠳᠡᠶᠢᠯᠬᠦ ᠦᠭᠡᠢ ᠮᠥᠷᠲᠡᠭᠡᠨ ᠺᠠᠷᠲ ᠲᠠᠬᠢ ᠵᠣᠭᠤᠰ ᠴᠢᠨᠢ ᠪᠠᠰᠠ ᠬᠤᠯᠠᠭᠠᠶᠢᠯᠠᠭᠳᠠᠬᠤ | ᠪᠣᠯᠣᠨ᠎ᠠ᠃ | | | | | | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠢᠯᠡᠷᠬᠡᠶᠢᠯᠡᠭᠰᠡᠨ ᠢᠶᠠᠷ᠂ ᠡᠶᠢᠮᠦᠷᠬᠦ ᠮᠡᠬᠡᠯᠡᠯ ᠨᠢ ᠶᠡᠷᠦ ᠨᠢ | ᠬᠠᠤᠯᠢ ᠪᠤᠰᠤ ᠠᠷᠭ᠎ᠠ ᠵᠠᠮ ᠢᠶᠠᠷ ᠣᠯᠠᠨ ᠲᠦᠮᠡᠨ ᠤ ᠭᠠᠷ ᠤᠲᠠᠰᠤᠨ ᠤ ᠨᠣᠮᠧᠷ᠂ ᠸᠧᠴᠠᠲ ᠳ᠋ᠤᠭᠠᠷ ᠪᠤᠶᠤ ᠢᠮᠧᠯ ᠤᠨ ᠲᠠᠩᠰᠠᠨ ᠨᠣᠮᠧᠷ ᠵᠡᠷᠭᠡ ᠶᠢ ᠣᠯᠵᠤ᠂ ᠳᠠᠷᠠᠭ᠎ᠠ | ᠨᠢ ᠬᠤᠳᠠᠯ ᠬᠠᠭᠤᠷᠮᠠᠭ ᠮᠡᠳᠡᠭᠡ ᠵᠠᠩᠭᠢ ᠶᠠᠪᠤᠭᠤᠯᠵᠤ᠂ ᠣᠯᠠᠨ ᠲᠦᠮᠡᠨ ᠢ ᠥᠳᠥᠭᠡᠵᠦ ᠪᠠᠶᠢᠭᠠᠳ ᠬᠤᠶᠠᠷ ᠬᠡᠮᠵᠢᠯᠳᠦ ᠺᠣᠳ᠋ ᠢ ᠰᠢᠷᠪᠢᠬᠦ ᠪᠤᠶᠤ ᠴᠥᠷᠬᠡᠯᠡᠭᠡ ᠶᠢ | ᠳᠠᠷᠤᠭᠤᠯᠵᠤ᠂ ᠬᠤᠳᠠᠯ ᠬᠠᠭᠤᠷᠮᠠᠭ ︽ᠠᠯᠪᠠᠨ ᠤ ᠲᠠᠯ᠎ᠠ︾ ᠶᠢᠨ ᠵᠢᠵᠢᠭ ᠫᠷᠣᠭ᠍ᠷᠠᠮ ᠪᠤᠶᠤ ᠰᠦᠯᠵᠢᠶᠡᠨ ᠥᠷᠲᠡᠭᠡ ᠳᠤ ᠣᠷᠣᠭᠤᠯᠬᠤ ᠶᠢᠨ ᠬᠠᠮᠲᠤ ᠪᠡᠶ᠎ᠡ ᠶᠢᠨ ᠦᠨᠡᠮᠯᠡᠯ᠂ | ᠪᠠᠩᠬᠢ ᠶᠢᠨ ᠺᠠᠷᠲ᠂ ᠰᠢᠯᠭᠠᠨ ᠪᠠᠲᠤᠯᠠᠬᠤ ᠺᠣᠳ᠋ ᠵᠡᠷᠭᠡ ᠬᠤᠪᠢ ᠬᠥᠮᠥᠨ ᠤ ᠮᠡᠳᠡᠭᠡ ᠵᠠᠩᠭᠢ ᠶᠢ ᠲᠠᠭᠯᠠᠵᠤ᠂ ᠵᠣᠭᠤᠰ ᠮᠥᠩᠭᠦ ᠮᠡᠬᠡᠯᠡᠨ ᠠᠪᠬᠤ ᠵᠣᠷᠢᠯᠭ᠎ᠠ ᠳᠠᠭᠠᠨ | ᠭᠥᠷᠳᠡᠭ᠃ | ︽ᠲᠠᠪᠤᠨ ᠳᠠᠭᠠᠳᠬᠠᠯ ᠨᠢᠭᠡ ᠮᠥᠩᠭᠦ ᠶᠢᠨ ᠨᠥᠬᠦᠪᠦᠷᠢ︾ ︽ᠨᠡᠶᠢᠭᠡᠮ ᠤᠨ ᠳᠠᠭᠠᠳᠬᠠᠯ ᠤᠨ ᠨᠥᠬᠦᠪᠦᠷᠢ︾ ᠠᠴᠠ ᠭᠠᠳᠠᠨ᠎ᠠ᠂ ᠡᠨᠡ ᠬᠤᠶᠠᠷ ᠵᠢᠯ ᠳᠤ ᠪᠠᠰᠠ | ︽ᠠᠵᠤ ᠠᠬᠤᠢ ᠶᠢᠨ ᠰᠡᠷᠭᠦᠯᠲᠡ ᠶᠢᠨ ᠨᠥᠬᠦᠪᠦᠷᠢ︾ ︽ᠬᠤᠪᠢ ᠬᠥᠮᠥᠨ ᠤ ᠬᠥᠳᠡᠯᠮᠦᠷᠢ ᠶᠢᠨ ᠨᠥᠬᠦᠪᠦᠷᠢ︾ ᠵᠡᠷᠭᠡ ᠡᠯᠳᠡᠪ ᠵᠦᠢᠯ ᠤᠨ ᠮᠡᠬᠡᠯᠡᠯ ᠭᠠᠷᠴᠤ ᠥᠩᠭᠡᠷᠡᠵᠡᠢ᠃ | ᠬᠤᠳᠠᠯ ᠬᠠᠭᠤᠷᠮᠠᠭ ᠢᠶᠠᠷ ᠦᠨᠡᠨ ᠬᠤᠳᠠᠯ ᠢ ᠰᠠᠮᠠᠭᠤᠷᠠᠭᠤᠯᠬᠤ ᠶᠢᠨ ᠲᠥᠯᠥᠭᠡ᠂ ᠮᠡᠬᠡᠯᠡᠭᠴᠢ ᠠᠴᠠ ᠶᠠᠮᠤᠨ ᠬᠤᠷᠢᠶ᠎ᠠ ᠪᠤᠶᠤ ᠣᠷᠣᠨ ᠨᠤᠲᠤᠭ ᠤᠨ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠰᠦᠯᠵᠢᠶ᠎ᠡ ᠶᠢ ᠬᠠᠭᠤᠷᠮᠠᠭᠯᠠᠨ ᠵᠣᠬᠢᠶᠠᠬᠤ ᠶᠢᠨ ᠬᠠᠮᠲᠤ ᠬᠥᠳᠡᠯᠦᠩᠭᠦᠢ ᠴᠣᠩᠬᠤᠪᠴᠢ ᠲᠠᠭᠠᠷᠠᠭᠤᠯᠵᠤ᠂ ᠤᠯᠠᠨ ᠢ ᠲᠣᠪᠴᠢᠳᠠᠭᠤᠯᠤᠨ | ᠬᠤᠪᠢ ᠬᠥᠮᠥᠨ ᠤ ᠮᠡᠳᠡᠭᠡ ᠵᠠᠩᠭᠢ ᠶᠢ ᠲᠠᠭᠯᠠᠭᠤᠯᠤᠨ᠎ᠠ᠃ ᠪᠠᠰᠠ ᠵᠠᠷᠢᠮ ᠮᠡᠬᠡᠯᠡᠭᠴᠢ ᠨᠢ ᠺᠣᠮᠫᠠᠨᠢ ᠶᠢᠨ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠨᠡᠷ᠎ᠡ ᠪᠠᠷ | ᠠᠵᠢᠯᠲᠠᠳ ᠲᠠᠭᠠᠨ ᠨᠥᠬᠦᠪᠦᠷᠢ ᠮᠥᠩᠭᠦ ᠢᠮᠧᠯ ᠶᠠᠪᠤᠭᠤᠯᠬᠤ ᠶᠢᠨ ᠬᠠᠮᠲᠤ ᠥᠪᠡᠷ ᠢᠶᠠᠨ ᠭᠦᠢᠴᠡᠳᠬᠡᠬᠦ ᠬᠤᠶᠠᠷ ᠬᠡᠮᠵᠢᠯᠳᠦ ᠺᠣᠳ᠋ ᠢ ᠳᠠᠭᠠᠯᠳᠤᠭᠤᠯᠳᠠᠭ᠃ | | | | | | ᠠᠩᠬᠠᠷᠤᠭᠤᠰᠢᠲᠠᠢ ᠨᠢ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠨᠡᠶᠢᠲᠡᠯᠡᠭᠰᠡᠨ ᠮᠡᠳᠡᠭᠳᠡᠯ ᠨᠢ | ᠳᠠᠭᠠᠳᠬᠠᠯ ᠳᠤ ᠣᠷᠣᠯᠴᠠᠭᠴᠢ ᠪᠠᠷ ᠪᠠᠩᠬᠢ ᠶᠢᠨ ᠺᠠᠷᠲ᠂ ᠨᠢᠭᠤᠴᠠ ᠨᠣᠮᠧᠷ᠂ ᠭᠠᠷ ᠤᠲᠠᠰᠤᠨ ᠤ ᠰᠢᠯᠭᠠᠨ ᠪᠠᠲᠤᠯᠠᠬᠤ ᠺᠣᠳ᠋ ᠵᠡᠷᠭᠡ ᠬᠤᠪᠢ ᠬᠥᠮᠥᠨ ᠤ ᠮᠡᠳᠡᠭᠡ | ᠵᠠᠩᠭᠢ ᠶᠢ ᠶᠡᠷᠦ ᠠᠴᠠ ᠬᠠᠩᠭᠠᠯᠭᠠᠳᠠᠭ ᠦᠭᠡᠢ ᠶᠤᠮ᠃ ᠡᠶᠢᠮᠦᠷᠬᠦ ᠪᠠᠶᠢᠳᠠᠯ ᠳᠤ ᠲᠣᠬᠢᠶᠠᠯᠳᠤᠪᠠᠯ ᠵᠠᠪᠠᠯ ᠠᠷᠪᠢᠨ ᠪᠣᠳᠣᠯᠬᠢᠯᠠᠬᠤ ᠬᠡᠷᠡᠭᠲᠡᠢ᠂ ᠬᠡᠷᠬᠢᠪᠡᠴᠦ ᠪᠣᠯᠭᠤᠮᠵᠢ | ᠦᠭᠡᠢ ᠪᠠᠶᠢᠵᠤ ᠪᠣᠯᠬᠤ ᠦᠭᠡᠢ᠃ | ᠪᠠᠰᠠ ᠨᠢᠭᠡ ᠲᠥᠷᠥᠯ ᠤᠨ ᠨᠡᠶᠢᠭᠡᠮ ᠤᠨ ᠳᠠᠭᠠᠳᠬᠠᠯ ᠤᠨ ᠺᠠᠷᠲ ᠤᠨ ᠪᠠᠶᠢᠳᠠᠯ ︽ᠬᠡᠪ ᠤᠨ ᠪᠤᠰᠤ︾ ᠪᠠᠶᠢᠬᠤ ᠶᠢ ᠰᠠᠨᠠᠭᠤᠯᠬᠤ᠂ ᠰᠦᠯᠵᠢᠶᠡᠨ ᠳᠡᠭᠡᠷ᠎ᠡ ᠲᠦᠷᠭᠡᠨ | ᠭᠦᠢᠴᠡᠳᠬᠡᠬᠦ ᠶᠢ ᠬᠥᠲᠥᠯᠥᠨ ᠵᠢᠯᠤᠭᠤᠳᠬᠤ ᠮᠡᠬᠡᠯᠡᠯ ᠢ ᠴᠦ ᠳᠡᠭᠡᠳᠦ ᠬᠡᠮᠵᠢᠶ᠎ᠡ ᠪᠠᠷ ᠰᠡᠷᠡᠮᠵᠢᠯᠡᠬᠦ ᠬᠡᠷᠡᠭᠲᠡᠢ᠃ | ᠲᠣᠭᠠᠴᠢᠯᠠᠭᠰᠠᠨ ᠮᠡᠷᠭᠡᠵᠢᠯ ᠢ ᠥᠷᠭᠡᠨ ᠢᠶᠠᠷ ᠬᠡᠷᠡᠭᠯᠡᠬᠦ ᠶᠢ ᠳᠠᠭᠠᠯᠳᠤᠨ᠂ ᠣᠯᠠᠨ ᠢᠶᠠᠷ ᠢᠶᠠᠨ ᠲᠤᠬᠠᠶᠢᠯᠠᠭᠰᠠᠨ ᠠᠵᠢᠯ ᠡᠷᠭᠢᠯᠡᠬᠦ᠂ ᠦᠢᠯᠡᠴᠢᠯᠡᠭᠡ ᠭᠥᠷᠳᠡᠬᠦ ᠨᠢ | ᠤᠯᠠᠮ ᠠᠴᠠ ᠤᠯᠠᠮ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠪᠣᠯᠵᠤ᠂ ᠭᠠᠷ ᠤᠲᠠᠰᠤ ᠪᠠᠨ ᠨᠡᠭᠡᠭᠡᠬᠦ ᠳᠤ ᠠᠮᠠᠷᠬᠠᠨ ᠪᠣᠯᠴᠢᠬᠠᠨ᠎ᠠ᠃ ᠭᠡᠪᠡᠴᠦ ᠮᠡᠬᠡᠯᠡᠭᠴᠢᠳ | ᠪᠠᠰᠠ ︽ᠵᠠᠪᠰᠢᠶᠠᠨ︾ ᠢ ᠳᠠᠯᠢᠮᠳᠠᠭᠤᠯᠤᠨ ᠡᠯᠳᠡᠪ ᠵᠦᠢᠯ ᠤᠨ ᠮᠡᠬᠡᠯᠡᠯ ᠢ ᠵᠣᠬᠢᠶᠠᠵᠤ ᠪᠠᠶᠢᠨ᠎ᠠ᠃ | | | | | | ᠵᠠᠷᠢᠮ ᠣᠯᠠᠨ ᠲᠦᠮᠡᠨ᠄ ︽ᠲᠠᠨ ᠤ ᠨᠡᠶᠢᠭᠡᠮ ᠤᠨ ᠳᠠᠭᠠᠳᠬᠠᠯ ᠳᠤ ᠨᠢᠭᠡᠨᠲᠡ ᠬᠡᠪ ᠤᠨ ᠪᠤᠰᠤ ᠪᠠᠶᠢᠳᠠᠯ ᠭᠠᠷᠴᠠᠢ᠂ ᠬᠡᠷᠡᠭᠯᠡᠬᠦ ᠶᠢᠨ ᠠᠷᠭ᠎ᠠ ᠦᠭᠡᠢ ᠪᠣᠯᠬᠤ ᠠᠴᠠ | ᠵᠠᠶᠢᠯᠠᠰᠬᠢᠬᠦ ᠶᠢᠨ ᠲᠥᠯᠥᠭᠡ᠂ ᠮᠡᠳᠡᠭᠳᠡᠯ ᠢ ᠣᠯᠣᠭᠰᠠᠨ ᠤ ᠳᠠᠷᠠᠭ᠎ᠠ ᠲᠡᠷᠡ ᠳᠠᠷᠤᠢ ᠳᠤᠨᠢ XXX ᠰᠦᠯᠵᠢᠶᠡᠨ ᠳᠤ ᠭᠠᠷᠴᠤ ᠳᠡᠩᠰᠡᠯᠡᠨ ᠭᠡᠷᠡᠴᠢᠯᠡᠯᠳᠡ ᠶᠢ | ᠭᠦᠢᠴᠡᠳᠬᠡᠭᠡᠷᠡᠢ︾ ᠭᠡᠰᠡᠨ ᠣᠬᠤᠷ ᠮᠡᠳᠡᠭᠡ ᠶᠢ ᠣᠯᠵᠠᠢ᠃ ᠬᠡᠷᠪᠡ ᠴᠥᠷᠬᠡᠯᠡᠭᠡ ᠶᠢ ᠲᠣᠪᠴᠢᠳᠠᠪᠠᠯ ᠳᠠᠷᠤᠢ ︽ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠶᠠᠮᠤᠨ ᠤ ᠰᠦᠯᠵᠢᠶ᠎ᠡ︾ ᠢᠯᠡᠷᠡᠵᠦ᠂ ︽ᠪᠥᠬᠦ ᠤᠯᠤᠰ ᠤᠨ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠲᠠᠰ ᠳᠡᠪᠰᠢᠬᠦ ᠳᠤ ᠰᠢᠨ᠎ᠡ | ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠭᠠᠷ ᠭᠦᠢᠴᠡᠳᠬᠡᠯ ᠬᠢᠬᠦ ᠴᠢᠬᠤᠯᠠᠲᠠᠢ︾ ᠭᠡᠰᠡᠨ ᠰᠠᠨᠠᠭᠤᠯᠤᠮᠵᠢ ᠶᠢ ᠭᠠᠷᠭᠠᠬᠤ ᠪᠣᠯᠣᠨ᠎ᠠ᠃ | ᠵᠠᠷᠢᠮ ᠮᠡᠳᠡᠭᠡ ᠵᠠᠩᠭᠢ ᠶᠢ ᠨᠠᠰᠤᠲᠠᠶᠢᠴᠤᠳ ᠲᠤ ᠲᠤᠰᠬᠠᠶᠢᠯᠠᠨ ᠬᠠᠨᠳᠤᠭᠤᠯᠵᠤ᠂ ︽ᠨᠠᠰᠤᠨ ᠤ ᠠᠮᠠᠷᠠᠯᠲᠠ ᠠᠪᠤᠭᠰᠠᠳ ᠲᠤ ᠲᠦᠷᠭᠡᠬᠡᠨ ᠭᠡᠷᠡᠴᠢᠯᠡᠯ ᠬᠢᠯᠭᠡᠬᠦ | ᠦᠭᠡᠢ ᠪᠣᠯ ᠨᠠᠰᠤᠵᠢᠯ ᠤᠨ ᠠᠰᠠᠷᠠᠮᠵᠢ ᠶᠢᠨ ᠮᠥᠩᠭᠦ ᠥᠭᠬᠦ ᠶᠢ ᠵᠣᠭᠰᠣᠭᠠᠨ᠎ᠠ︾ ᠭᠡᠵᠦ ᠪᠠᠶᠢᠨ᠎ᠠ᠃ | ᠡᠨᠡ ᠨᠢ ᠦᠨᠡᠨ ᠳᠡᠭᠡᠨ ᠪᠦᠷ ᠮᠡᠬᠡᠯᠡᠭᠴᠢ ᠶᠢᠨ ᠮᠡᠭᠡ ᠶᠤᠮ᠃ ᠴᠥᠷᠬᠡᠯᠡᠭᠡ ᠶᠢ ᠲᠣᠪᠴᠢᠳᠠᠪᠠᠯ ᠳᠠᠷᠤᠢ ᠬᠤᠳᠠᠯ ᠬᠠᠭᠤᠷᠮᠠᠭ ᠰᠦᠯᠵᠢᠶᠡᠨ ᠤ ᠥᠷᠲᠡᠭᠡ ᠳᠤ | ᠰᠢᠯᠵᠢᠨ ᠣᠷᠣᠵᠤ᠂ ᠬᠤᠪᠢ ᠬᠥᠮᠥᠨ ᠤ ᠮᠡᠳᠡᠭᠡ ᠵᠠᠩᠭᠢ ᠪᠠᠨ ᠲᠠᠭᠯᠠᠭᠤᠯᠬᠤ ᠪᠠᠷ ᠬᠠᠭᠤᠷᠤᠨ ᠮᠡᠬᠡᠯᠡᠨᠡ᠃ | ᠲᠣᠳᠣᠷᠬᠠᠢ ᠪᠤᠰᠤ ᠴᠥᠷᠬᠡᠯᠡᠭᠡ ᠪᠤᠶᠤ ᠲᠣᠳᠣᠷᠬᠠᠢ ᠪᠤᠰᠤ ᠤᠲᠠᠰᠤ ᠶᠢ ᠳᠤᠷ᠎ᠠ ᠪᠠᠷ ᠢᠶᠠᠨ ᠳᠠᠷᠤᠵᠤ ᠪᠣᠯᠬᠤ ᠦᠭᠡᠢ᠂ ᠥᠯᠥ ᠲᠠᠨᠢᠬᠤ ᠰᠦᠯᠵᠢᠶᠡᠨ ᠳᠡᠭᠡᠷ᠎ᠡ | ᠬᠤᠪᠢ ᠬᠥᠮᠥᠨ ᠤ ᠮᠡᠳᠡᠭᠡ ᠵᠠᠩᠭᠢ ᠶᠢ ᠳᠤᠷ᠎ᠠ ᠪᠠᠷ ᠢᠶᠠᠨ ᠲᠠᠭᠯᠠᠵᠤ ᠪᠣᠯᠬᠤ ᠦᠭᠡᠢ᠂ ᠨᠠᠩ ᠴᠤ ᠲᠡᠭᠦᠨ ᠤ ᠰᠠᠨᠠᠭᠤᠯᠭ᠎ᠠ ᠪᠠᠷ ᠲᠠᠩᠰᠠ ᠰᠢᠯᠵᠢᠭᠦᠯᠦᠨ ᠵᠣᠭᠤᠰ | ᠭᠤᠪᠢᠭᠤᠯᠬᠤ ᠵᠡᠷᠭᠡ ᠠᠵᠢᠯᠯᠠᠭ᠎ᠠ ᠶᠢ ᠬᠢᠵᠦ ᠪᠣᠯᠬᠤ ᠦᠭᠡᠢ᠂ ᠡᠳ᠋ ᠬᠥᠷᠥᠩᠭᠡ ᠶᠢᠨ ᠬᠤᠬᠢᠷᠠᠯ ᠡᠭᠦᠰᠬᠦ ᠠᠴᠠ ᠰᠡᠷᠭᠡᠶᠢᠯᠡᠬᠦ ᠬᠡᠷᠡᠭᠲᠡᠢ᠃ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠰᠠᠨᠠᠭᠤᠯᠤᠭᠰᠠᠨ ᠢᠶᠠᠷ᠂ ᠨᠡᠶᠢᠭᠡᠮ ᠤᠨ ᠳᠠᠭᠠᠳᠬᠠᠯ ᠤᠨ | ᠨᠥᠬᠦᠪᠦᠷᠢ᠂ ᠬᠠᠷᠠᠭᠠᠯᠵᠠᠯ ᠠᠪᠬᠤ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠢᠷᠢ ᠬᠡᠮ ᠤᠨ ᠭᠡᠷᠡᠴᠢᠯᠡᠯ ᠬᠢᠬᠦ ᠵᠡᠷᠭᠡ ᠶᠠᠮᠠᠷᠪᠠ ᠠᠰᠠᠭᠤᠳᠠᠯ ᠢ ᠴᠥᠮ ᠲᠤᠬᠠᠢ ᠶᠢᠨ | ᠭᠠᠵᠠᠷ ᠤᠨ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠰᠠᠯᠠᠭ᠎ᠠ ᠮᠥᠴᠢᠷ ᠠᠴᠠ ᠨᠤᠲᠠᠯᠠᠨ ᠵᠥᠪᠰᠢᠶᠡᠷᠡᠬᠦ ᠪᠤᠶᠤ 12333 ᠤᠲᠠᠰᠤ ᠪᠠᠷ ᠠᠰᠠᠭᠤᠨ | ᠯᠠᠪᠯᠠᠵᠤ ᠪᠣᠯᠣᠨ᠎ᠠ᠃ | ᠬᠢᠴᠢᠶᠡᠮᠵᠢ ᠦᠭᠡᠢ ᠠᠴᠠ ᠪᠣᠯᠵᠤ ᠰᠦᠯᠵᠢᠶᠡᠨ ᠤ ᠮᠡᠬᠡᠯᠡᠯ ᠳᠤ ᠤᠴᠠᠷᠠᠪᠠᠯ᠂ ᠶᠠᠷᠢᠯᠴᠠᠭᠰᠠᠨ ᠲᠡᠮᠳᠡᠭᠯᠡᠯ᠂ ᠰᠣᠯᠢᠯᠴᠠᠭᠠᠨ ᠤ ᠲᠡᠮᠳᠡᠭᠯᠡᠯ ᠵᠡᠷᠭᠡ ᠬᠤᠯᠪᠣᠭᠳᠠᠯ | ᠪᠦᠬᠦᠢ ᠭᠡᠷᠡᠴᠢ ᠪᠠᠷᠢᠮᠲᠠ ᠶᠢᠨ ᠮᠠᠲ᠋ᠧᠷᠢᠶᠠᠯ ᠢᠶᠠᠨ ᠰᠠᠶᠢᠲᠤᠷ ᠬᠠᠳᠠᠭᠠᠯᠠᠵᠤ᠂ ᠳᠠᠷᠤᠶᠢᠬᠠᠨ 110 ᠤᠲᠠᠰᠤ ᠪᠠᠷ ᠴᠠᠭᠳᠠᠭ᠎ᠠ ᠳᠤ ᠮᠡᠳᠡᠭᠦᠯᠵᠦ ᠲᠤᠰᠠᠯᠠᠮᠵᠢ | ᠭᠤᠶᠤᠴᠢᠯᠠᠬᠤ ᠬᠡᠷᠡᠭᠲᠡᠢ᠃ |