ᠬᠤᠲᠠ ᠶᠢᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠣᠣᠱᠯᠠᠭᠤᠯᠬᠤ ᠰᠤᠷᠤᠯᠴᠠᠯᠭ᠎ᠠ ᠬᠥᠮᠦᠵᠢᠯ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠰᠠᠨᠠᠯ ᠰᠠᠨᠠᠭᠤᠯᠭ᠎ᠠ ᠶᠢ ᠰᠣᠨᠣᠰᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/29
      4 ᠳ᠋ᠦ᠋ᠭᠡᠷ ᠰᠠᠷ᠎ᠠ ᠶᠢᠨ 25 ᠳᠤ᠂ ᠬᠤᠳᠠ ᠶᠢᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠬᠤ ᠰᠤᠷᠤᠯᠴᠠᠯᠭ᠎ᠠ ᠬᠥᠮᠦᠵᠢᠯ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠰᠠᠨᠠᠯ ᠰᠠᠨᠠᠭᠤᠯᠭ᠎ᠠ ᠶᠢ ᠰᠣᠨᠣᠰᠬᠤ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠮᠡᠷᠭᠡᠨᠪᠠᠲᠤ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃      ᠬᠤᠷᠠᠯ ᠳᠡᠭᠡᠷ᠎ᠡ᠂ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠰᠤᠷᠭᠠᠭᠤᠯᠢ᠂ ᠠᠵᠤ ᠠᠬᠤᠶᠢᠯᠠᠯ᠂ ᠪᠠᠶᠢᠭᠤᠯᠭ᠎ᠠ ᠶᠢᠨ ᠲᠥᠯᠥᠭᠡᠯᠡᠭᠴᠢᠳ ᠢᠳᠡᠪᠬᠢᠲᠡᠢ ᠶᠠᠷᠢᠶ᠎ᠠ ᠲᠠᠯᠪᠢᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠪᠠᠶᠢᠴᠠᠭᠠᠨ ᠰᠤᠳᠤᠯᠬᠤ ᠲᠦᠪᠰᠢᠨ ᠢ ᠴᠢᠩᠭᠠᠳᠬᠠᠬᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠠᠷᠠᠳ ᠲᠤ ᠪᠣᠳᠠᠲᠠᠢ ᠶᠠᠪᠤᠳᠠᠯ ᠬᠢᠵᠦ ᠥᠭᠬᠦ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠴᠠᠢ᠃ ᠮᠡᠷᠭᠡᠨᠪᠠᠲᠤ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ ᠲᠥᠯᠥᠭᠡᠯᠡᠭᠴᠢᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠤᠯᠠᠨ ᠤ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠤᠲᠠᠯᠠᠵᠤ ᠪᠠᠶᠢᠬᠤ ᠪᠠᠨ ᠢᠯᠡᠳᠬᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ ᠰᠤᠳᠤᠯᠵᠤ᠂ ᠶᠡᠷᠦᠩᠬᠡᠶᠢᠯᠡᠨ ᠰᠢᠩᠭᠡᠭᠡᠨ ᠠᠪᠴᠤ᠂ ᠠᠰᠠᠭᠤᠳᠠᠯ ᠢ ᠨᠡᠩ ᠣᠨᠣᠪᠴᠢᠲᠠᠢ ᠪᠠᠶᠢᠴᠠᠭᠠᠨ ᠳᠡᠯᠭᠡᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠨᠡᠩ ᠪᠦᠲᠦᠮᠵᠢᠲᠡᠢ ᠪᠣᠯᠭᠠᠵᠤ᠂ ᠲᠦᠩᠯᠢᠶᠣᠤ ᠶᠢᠨ ᠡᠯ᠎ᠡ ᠵᠦᠢᠯ ᠤᠨ ᠠᠵᠢᠯ ᠢ ᠨᠡᠩ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ