4 ᠳ᠋ᠦ᠋ᠭᠡᠷ ᠰᠠᠷ᠎ᠠ ᠶᠢᠨ 18 ᠳᠤ ᠬᠤᠳᠠ ᠶᠢᠨ ᠵᠠᠰᠠᠭ ᠤᠨ ᠤᠷᠳᠤᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/29
      4 ᠳ᠋ᠦ᠋ᠭᠡᠷ ᠰᠠᠷ᠎ᠠ ᠶᠢᠨ 18 ᠳᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠲᠤᠭ᠎ᠠ ᠪᠦᠷᠢᠳᠬᠡᠯ ᠤᠨ ᠠᠵᠢᠯ ᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠤᠭ᠎ᠠ ᠪᠦᠷᠢᠳᠬᠡᠯ ᠤᠨ ᠠᠵᠢᠯ ᠤᠨ ᠤᠯᠤᠰ ᠲᠥᠷᠥᠴᠢ ᠴᠢᠨᠠᠷ ᠢ ᠭᠦᠨᠵᠡᠭᠡᠶ ᠡᠵᠡᠮᠳᠡᠵᠦ᠂ ᠬᠠᠤᠯᠢ ᠶᠣᠰᠣᠭᠠᠷ ᠲᠤᠭ᠎ᠠ ᠪᠦᠷᠢᠳᠬᠡᠬᠦ᠂ ᠬᠠᠤᠯᠢ ᠶᠣᠰᠣᠭᠠᠷ ᠨᠢᠭᠡᠳᠦᠯᠲᠡᠶ ᠬᠠᠮᠢᠶᠠᠷᠬᠤ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠲᠤᠭ᠎ᠠ ᠪᠦᠷᠢᠳᠬᠡᠯ ᠤᠨ ᠠᠵᠢᠯ ᠤᠨ ᠰᠢᠨᠵᠢᠯᠡᠬᠦ ᠤᠬᠠᠭᠠᠨᠴᠢᠯᠠᠭᠰᠠᠨ᠂ ᠬᠠᠤᠯᠢᠵᠢᠭᠰᠠᠨ᠂ ᠵᠢᠷᠤᠮᠵᠢᠭᠰᠠᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ ᠲᠦᠩᠯᠢᠶᠣᠤ ᠬᠤᠲᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠳᠠᠪᠠᠭᠤᠯᠢᠭ ᠢᠶᠠᠨ ᠪᠠᠳᠠᠷᠠᠭᠤᠯᠬᠤ᠂ ᠳᠤᠲᠠᠭᠤᠳᠠᠯ ᠢᠶᠠᠨ ᠨᠥᠬᠦᠪᠥᠷᠢᠯᠡᠬᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠬᠦ ᠳᠡᠭᠡᠷ᠎ᠡ ᠬᠦᠴᠦ ᠲᠠᠯᠪᠢᠵᠤ᠂ ᠢᠷᠡᠭᠡᠳᠦᠶ ᠶᠢᠨ ᠲᠠᠪᠤᠨ ᠵᠢᠯ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ᠂ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ᠂ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠢ ᠣᠨᠣᠪᠴᠢᠲᠠᠶ ᠪᠥᠭᠡᠳ ᠪᠣᠳᠠᠲᠠᠶ ᠪᠠᠷ ᠲᠥᠯᠥᠪᠵᠢᠭᠦᠯᠵᠦ᠂ ᠲᠥᠯᠥᠪᠵᠢᠭᠦᠯᠭᠡ ᠶᠢᠨ ᠪᠠᠷᠠᠭᠠᠯᠬᠢᠯᠠᠯᠳᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠦᠨᠡᠨ ᠬᠦ ᠴᠢᠩᠭᠠᠳᠬᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠮᠠᠨ ᠤ ᠬᠤᠲᠠ ᠶᠢᠨ ᠬᠥᠭᠵᠢᠯᠲᠡ ᠶᠢᠨ ᠪᠣᠳᠠᠲᠤ ᠬᠡᠷᠡᠭᠴᠡᠭᠡ᠂ ᠢᠷᠡᠭᠡᠳᠦᠶ ᠶᠢᠨ ᠬᠠᠨᠳᠤᠰᠢ ᠳᠤ ᠨᠡᠶᠢᠴᠡᠭᠦᠯᠬᠦ ᠶᠢ ᠦᠨᠡᠨ ᠬᠦ ᠪᠠᠲᠤᠯᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠵᠤ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ ︽ᠲᠦᠩᠯᠢᠶᠣᠤ ᠬᠤᠳᠠ ᠶᠢᠨ ᠲᠤᠰ ᠱᠠᠲᠤᠨ ᠤ ᠲᠣᠭᠠᠴᠢᠯᠠᠭᠰᠠᠨ ᠲᠦᠷᠦᠯ ᠵᠦᠢᠯ ᠤᠨ 2025 ᠣᠨ ᠤ ᠲᠥᠯᠥᠪᠯᠡᠭᠡ︾ ᠶᠢ ᠰᠤᠳᠤᠯᠵᠤ᠂ ︽ᠪᠠᠶᠢᠭᠤᠯᠬᠤ᠂ ᠬᠠᠮᠢᠶᠠᠷᠬᠤ᠂ ᠬᠡᠷᠡᠭᠯᠡᠬᠦ︾ ᠶᠢ ᠤᠶᠠᠯᠳᠤᠭᠤᠯᠬᠤ ᠶᠢ ᠪᠠᠷᠢᠮᠲᠠᠯᠠᠵᠤ᠂ ᠲᠣᠭᠠᠴᠢᠯᠠᠭᠰᠠᠨ ᠲᠦᠷᠦᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠬᠠᠮᠢᠶᠠᠷᠬᠤ ᠪᠠ ᠲᠥᠪᠯᠡᠷᠡᠭᠦᠯᠦᠨ ᠰᠢᠯᠢᠳᠡᠭᠵᠢᠭᠦᠯᠬᠦ ᠶᠢ ᠴᠢᠩᠭᠠᠳᠬᠠᠵᠤ᠂ ᠲᠤᠭ᠎ᠠ ᠪᠠᠷᠢᠮᠲᠠ ᠶᠢᠨ ᠪᠠᠬᠢᠯᠡᠯᠲᠡ ᠶᠢ ᠨᠡᠪᠲᠡᠷᠡᠭᠦᠯᠵᠦ᠂ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠶᠢ ᠲᠦᠷᠭᠡᠳᠬᠡᠵᠦ᠂ ᠵᠠᠰᠠᠭ ᠤᠨ ᠣᠷᠳᠣᠨ ᠪᠣᠯᠤᠨ ᠨᠡᠶᠢᠭᠡᠮ ᠤᠨ ᠬᠦᠷᠦᠩᠭᠡ ᠶᠢᠨ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠴᠦ᠂ ᠨᠡᠶᠢᠭᠡᠮ ᠤᠨ ᠬᠦᠷᠦᠩᠭᠡ ᠶᠢᠨ ᠲᠣᠭᠠᠴᠢᠯᠠᠭᠰᠠᠨ ᠲᠦᠷᠦᠯ ᠵᠦᠢᠯ ᠤᠨ ᠪᠡᠯᠡ ᠣᠷᠣᠭᠤᠯᠤᠯᠲᠠ᠂ ᠪᠦᠳᠦᠭᠡᠨ ᠪᠠᠶᠢᠭᠤᠯᠤᠯᠲᠠ᠂ ᠡᠵᠡᠩᠨᠡᠯᠲᠡ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠤᠨ ᠬᠦᠳᠦᠯᠦᠨ ᠵᠢᠯᠣᠭᠤᠳᠴᠤ᠂ ᠶᠡᠷᠦᠩᠬᠡᠶᠢᠯᠡᠭᠰᠡᠨ ᠦᠷ᠎ᠡ ᠠᠰᠢᠭ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠳᠡᠭᠡᠷ᠎ᠡ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ