ᠣᠶᠢᠷ᠎ᠠ ᠳᠤ᠂ ᠳᠤᠮᠳᠠᠳᠤ ᠤᠯᠤᠰ ᠤᠨ ᠭᠠᠷ ᠤᠷᠠᠯᠠᠯ ᠤᠷᠠᠨ ᠵᠢᠷᠤᠭ ᠤᠨ ᠣᠷᠳᠣᠨ᠂ ᠳᠤᠮᠳᠠᠳᠤ ᠤᠯᠤᠰ ᠤᠨ ᠤᠷᠠᠯᠢᠭ ᠤᠨ ᠰᠤᠳᠤᠯᠭᠠᠨ ᠤ | ᠬᠦᠷᠢᠶᠡᠯᠡᠩ ᠠᠴᠠ ᠬᠠᠮᠲᠤᠷᠠᠨ ᠡᠷᠭᠢᠯᠡᠭᠰᠡᠨ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠲᠣ ᠦᠶ᠎ᠡ ᠶᠢᠨ ᠭᠠᠷ ᠤᠷᠠᠯᠠᠯ ᠤᠷᠠᠨ ᠵᠢᠷᠤᠭ ᠤᠨ ᠬᠤᠣᠰ | ᠵᠢᠯ ᠤᠨ ᠦᠵᠡᠭᠦᠯᠭᠡ ᠪᠡᠭᠡᠵᠢᠩ ᠤᠨ ᠳᠤᠮᠳᠠᠳᠤ ᠤᠯᠤᠰ ᠤᠨ ᠭᠠᠷ ᠤᠷᠠᠯᠠᠯ ᠤᠷᠠᠨ ᠵᠢᠷᠤᠭ ᠤᠨ ᠣᠷᠳᠣᠨ ᠳᠤ ᠦᠪᠡᠳᠡᠭᠰᠢ ᠶᠡᠭᠡ ᠪᠠᠷ ᠡᠬᠢᠯᠡᠪᠡ᠃ | ᠲᠤᠰ ᠬᠤᠭᠤᠴᠠᠭᠠᠨ ᠤ ᠦᠵᠡᠭᠦᠯᠭᠡ ᠨᠢ ︽ᠰᠢᠨ᠎ᠡ ᠴᠠᠭ ᠦᠶ᠎ᠡ ᠶᠢᠨ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ︾ ᠪᠠᠷ ᠭᠤᠣᠯ ᠰᠡᠳᠦᠪ | ᠪᠤᠯᠭᠠᠵᠤ᠂ ᠪᠦᠭᠦ ᠤᠯᠤᠰ ᠤᠨ 809 ᠤᠷᠠᠨ ᠵᠢᠷᠤᠭᠴᠢᠨ ᠤ 720 ᠭᠠᠷᠤᠢ ︵ᠢᠵᠢ︶ ᠭᠠᠷ ᠤᠷᠠᠯᠠᠯ ᠤᠨ ᠰᠣᠳᠣᠨ ᠪᠦᠲᠦᠭᠡᠯ ᠢ ᠬᠤᠷᠢᠶᠠᠨ ᠣᠯᠵᠤ᠂ ᠱᠤᠭᠤᠮᠠᠯ ᠤᠨ | ᠤᠷᠠᠯᠠᠯ᠂ ᠨᠡᠬᠡᠮᠡᠯ ᠬᠠᠳᠬᠤᠮᠠᠯ ᠤᠨ ᠤᠷᠠᠯᠠᠯ᠂ ᠲᠡᠮᠦᠷᠯᠢᠭ ᠤᠨ ᠤᠷᠠᠯᠠᠯ ᠵᠡᠷᠭᠡ ᠠᠷᠪᠠ ᠭᠠᠷᠤᠢ ᠲᠦᠷᠦᠯ ᠠᠨᠬᠭᠢᠯᠠᠵᠤ᠂ ᠤᠯᠠᠮᠵᠢᠯᠠᠯᠲᠤ ᠤᠷ᠎ᠠ ᠮᠡᠷᠭᠡᠵᠢᠯ ᠤᠨ ᠰᠢᠨ᠎ᠡ ᠶᠢ | ᠡᠭᠦᠳᠬᠦ ᠪᠠ ᠦᠨᠳᠦᠰᠦᠲᠡᠨ ᠤ ᠰᠣᠶᠣᠯ ᠤᠨ ᠠᠭᠤᠰᠤᠯᠴᠠᠨ ᠬᠥᠭᠵᠢᠬᠦ ᠶᠢ ᠪᠦᠭᠦ ᠲᠠᠯ᠎ᠠ ᠪᠠᠷ ᠳᠡᠯᠭᠡᠨ ᠦᠵᠡᠭᠦᠯᠭᠦ ᠪᠣᠯᠣᠨ᠎ᠠ᠃ ᠦᠵᠡᠭᠦᠯᠭᠡ ᠨᠢ 3 ᠰᠠᠷ᠎ᠠ ᠶᠢᠨ | 11 ᠤ ᠡᠳᠦᠷ ᠠᠴᠠ ᠡᠬᠢᠯᠡᠵᠦ᠂ 5 ᠰᠠᠷ᠎ᠠ ᠶᠢᠨ 11 ᠤ ᠡᠳᠦᠷ ᠪᠤᠯᠲᠠᠯ᠎ᠠ ᠶᠠᠪᠤᠭᠳᠠᠨ᠎ᠠ᠃ ᠲᠤᠰ ᠬᠤᠭᠤᠴᠠᠭᠠᠨ ᠳᠤ᠂ ᠮᠠᠨ ᠤ ᠬᠤᠲᠠ ᠶᠢᠨ ᠥᠪᠡᠷᠲᠡᠭᠡᠨ ᠵᠠᠰᠠᠬᠤ | ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠪᠤᠯᠬᠤ ᠬᠤᠷᠴᠢᠨ ᠤ ᠠᠷᠠᠰᠤᠨ ᠰᠡᠶᠢᠯᠦᠮᠡᠯ ᠤᠨ | ᠵᠢᠷᠤᠭ ᠤᠨ ᠬᠤᠲᠠ ᠶᠢᠨ ᠲᠠᠰ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠯᠢ ᠰᠡᠴᠡᠨ ︵ᠭᠠᠸᠠ︶ 8 ᠱᠠᠪᠢ ᠲᠠᠢ ᠪᠠᠨ ᠬᠠᠮᠲᠤ ᠵᠣᠬᠢᠶᠠᠨ ᠪᠦᠲᠦᠭᠡᠭᠰᠡᠨ ︽ᠨᠡᠷᠡᠨ | ᠭᠡᠷᠡᠯ︾᠂ ︽ᠮᠣᠩᠭᠤᠯ ᠮᠣᠷᠢ︾ ᠵᠡᠷᠭᠡ 7 ᠪᠦᠲᠦᠭᠡᠯ ᠢᠶᠠᠷ ᠢᠶᠠᠨ ᠦᠵᠡᠭᠦᠯᠭᠡ ᠳᠤ ᠣᠷᠣᠯᠴᠠᠵᠤ᠂ ᠲᠦᠩᠯᠢᠶᠣᠣ ᠬᠤᠲᠠ ᠶᠢᠨ ᠪᠣᠳᠠᠰ ᠤᠨ ᠪᠤᠰᠤ ᠰᠣᠶᠣᠯ ᠤᠨ | ᠥᠪᠡᠷᠮᠢᠴᠡ ᠷᠢᠳᠢ ᠰᠢᠳᠢ ᠶᠢ ᠭᠠᠶᠢᠬᠠᠭᠤᠯᠪᠠ᠃ |