ᠲᠦᠩᠯᠢᠶᠣᠣ ᠬᠤᠳᠠ ᠶᠢᠨ ᠾᠧ ᠶᠢᠦ ᠲᠠᠷᠢᠶᠠᠯᠠᠩ ᠨᠢ ᠬᠥᠮᠥᠰ ᠤᠨ ᠬᠠᠩᠰᠢ ᠶᠢᠨ ᠠᠮᠠᠷᠠᠯᠲᠠ ᠶᠢᠨ ᠲᠡᠷᠢᠭᠦᠨ ᠰᠣᠩᠭᠤᠯᠲᠠ ᠪᠣᠯᠪᠠ
ᠨᠡᠶᠢᠲᠡᠯᠡᠭᠰᠡᠨ ᠴᠠᠭ᠄
2025/4/9
      ᠡᠷᠭᠢᠨ ᠲᠣᠭᠤᠷᠢᠨ ᠤ ᠵᠢᠭᠤᠯᠴᠢᠯᠠᠯ ᠤᠨ ᠬᠠᠯᠠᠮᠰᠢᠯ ᠦᠵᠡᠮᠵᠢ ᠶᠢᠨ ᠴᠡᠭ ᠪᠣᠯᠤᠭᠰᠠᠨ ᠤ ᠬᠤᠪᠢ ᠳᠤ᠂ ᠲᠦᠩᠯᠢᠶᠣᠣ ᠬᠤᠳᠠ ᠶᠢᠨ ᠾᠧ ᠶᠢᠦ ᠲᠠᠷᠢᠶᠠᠯᠠᠩ ᠨᠢ ᠬᠥᠮᠥᠰ ᠤᠨ ᠬᠠᠩᠰᠢ ᠶᠢᠨ ᠠᠮᠠᠷᠠᠯᠲᠠ ᠶᠢᠨ ᠲᠡᠷᠢᠭᠦᠨ ᠰᠣᠩᠭᠤᠯᠲᠠ ᠪᠣᠯᠪᠠ᠃      ᠵᠤᠭᠠᠴᠠᠭᠰᠠᠳ ᠤᠨ ᠵᠤᠭᠠᠴᠠᠨ ᠨᠠᠭᠠᠳᠬᠤ ᠶᠢ ᠪᠠᠲᠤᠯᠠᠬᠤ ᠶᠢᠨ ᠲᠥᠯᠥᠭᠡ᠂ ᠮᠠᠨ ᠤ ᠬᠤᠲᠠ ᠶᠢᠨ ᠡᠯ᠎ᠡ ᠭᠠᠵᠠᠷ ᠤᠨ ᠦᠵᠡᠮᠵᠢ ᠶᠢᠨ ᠣᠷᠣᠨ ᠤ ᠬᠢᠨ ᠤᠷᠢᠳᠴᠢᠯᠠᠨ ᠪᠠᠶᠢᠷᠢᠯᠠᠭᠤᠯᠵᠤ᠂ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠬᠡᠮᠵᠢᠶ᠎ᠡ ᠶᠢ ᠬᠢᠵᠠᠭᠠᠷᠯᠠᠬᠤ᠂ ᠤᠷᠢᠳᠴᠢᠯᠠᠨ ᠪᠣᠯᠵᠣᠬᠤ᠂ ᠣᠷᠭᠢᠯ ᠦᠶ᠎ᠡ ᠶᠢ ᠵᠥᠷᠢᠭᠦᠯᠬᠦ︾ ᠲᠣᠭᠲᠠᠴᠠ ᠶᠢ ᠴᠢᠩᠭ᠎ᠠ ᠬᠡᠷᠡᠭᠵᠢᠭᠦᠯᠦᠨ᠂ ᠠᠮᠤᠷ ᠲᠦᠪᠰᠢᠨ ᠤ ᠬᠠᠮᠢᠶᠠᠷᠤᠯᠲᠠ ᠪᠠ ᠵᠤᠭᠠᠴᠠᠭᠰᠠᠳ ᠢ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠵᠢᠭᠤᠯᠴᠢᠯᠠᠯ ᠤᠨ ᠡᠮᠬᠢ ᠳᠢᠭᠯᠢᠮ ᠲᠠᠢ ᠪᠠᠶᠢᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠣᠨᠴᠠᠯᠢᠭᠲᠤ ᠠᠵᠢᠯᠯᠠᠭ᠎ᠠ ᠪᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠵᠤᠭᠠᠴᠠᠭᠰᠠᠳ ᠤᠨ ᠣᠯᠠᠨ ᠶᠠᠩᠵᠤ ᠶᠢᠨ ᠬᠡᠷᠡᠭᠴᠡᠭᠡ ᠶᠢ ᠬᠠᠩᠭᠠᠵᠤ ᠪᠤᠢ᠃                             ᠰᠤᠷᠪᠤᠯᠵᠢᠯᠠᠬᠴᠢ  ᠴᠠᠷᠠᠰᠤ 
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ