ᠡᠮᠦᠨᠡᠬᠡᠨ᠂ ᠥᠪᠥᠷ ᠮᠣᠩᠭᠤᠯ ᠤᠨ ᠲᠦᠩᠯᠢᠶᠣᠣ ᠬᠤᠲᠠ ᠶᠢᠨ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠵᠢᠴᠢ ︽ᠤᠮᠠᠷᠠᠲᠤ | ᠶᠢᠨ ᠭᠤᠷᠪᠠᠨ ᠣᠷᠣᠨ︾ ᠤ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠤᠷᠠᠯ ᠬᠤᠷᠴᠢᠨ ᠵᠡᠭᠦᠨ | ᠭᠠᠷᠤᠨ ᠬᠤᠶᠢᠲᠤ ᠬᠤᠰᠢᠭᠤᠨ ᠳᠤ ᠶᠠᠪᠤᠭᠳᠠᠪᠠ᠃ ᠲᠦᠩᠯᠢᠶᠣᠣ ᠬᠤᠲᠠ ᠡᠨᠡ ᠵᠢᠯ 350 ᠲᠦᠮᠡᠨ ᠮᠦ ᠠᠴᠠ ᠳᠡᠭᠡᠭᠰᠢ ᠡᠯᠡᠰᠦᠷᠬᠡᠭ ᠭᠠᠵᠠᠷ ᠢ ᠵᠠᠰᠠᠬᠤ ᠶᠢ | ᠬᠡᠷᠡᠭᠵᠢᠭᠦᠯᠬᠦ ᠪᠠᠷ ᠲᠥᠯᠥᠪᠯᠡᠵᠦ ᠪᠤᠢ᠃ ᠡᠭᠦᠨ ᠳᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯ ᠴᠡᠨᠡᠭ ᠢ ᠨᠢᠭᠡ | ᠴᠣᠭᠴᠠᠵᠢᠭᠤᠯᠬᠤ ᠢᠨᠵᠧᠨᠧᠷᠢᠩ ᠢᠶᠠᠷ 12.12 ᠲᠦᠮᠡᠨ ᠮᠦ ᠶᠢᠨ ᠡᠯᠡᠰᠦ ᠶᠢ ᠵᠠᠰᠠᠨ᠎ᠠ᠃ | ᠬᠤᠷᠴᠢᠨ ᠤ ᠡᠯᠡᠰᠦᠷᠬᠡᠭ ᠭᠠᠵᠠᠷ ᠪᠣᠯ ᠪᠡᠭᠡᠵᠢᠩ ᠲᠢᠶᠠᠨᠵᠢᠨ ᠤ ᠰᠠᠯᠬᠢ ᠰᠢᠭᠤᠷᠭᠠᠨ ᠤ ᠭᠤᠣᠯ ᠡᠬᠢ ᠡᠭᠦᠰᠦᠯ ᠤᠨ ᠨᠢᠭᠡ ᠨᠢ ᠪᠣᠯᠣᠨ᠎ᠠ᠃ ᠲᠦᠩᠯᠢᠶᠣᠣ | ᠬᠤᠳᠠ ᠪᠣᠯ ᠬᠤᠷᠴᠢᠨ ᠤ ᠡᠯᠡᠰᠦᠷᠬᠡᠭ ᠭᠠᠵᠠᠷ ᠤᠨ ᠥᠷᠥᠴᠡ ᠳᠤ ᠪᠠᠶᠢᠷᠢᠯᠠᠵᠤ᠂ ᠪᠦᠭᠦ ᠤᠯᠤᠰ ᠤᠨ ᠰᠠᠯᠬᠢ ᠡᠯᠡᠰᠦᠨ ᠤ ᠬᠤᠣᠷ ᠬᠥᠨᠥᠭᠡᠯ ᠢᠶᠠᠷ ᠬᠠᠮᠤᠭ ᠤᠨ | ᠬᠦᠨᠳᠦ ᠨᠣᠴᠢᠲᠠᠢ ᠭᠠᠵᠠᠷ ᠣᠷᠣᠨ ᠤ ᠨᠢᠭᠡ ᠪᠠᠶᠢᠵᠤ᠂ ᠡᠯᠡᠰᠦᠷᠬᠡᠭ ᠭᠠᠵᠠᠷ ᠤᠨ ᠲᠠᠯᠠᠪᠠᠢ 5490.92 ᠲᠦᠮᠡᠨ ᠮᠦ ᠳᠤ ᠬᠦᠷᠴᠦ ᠪᠤᠢ᠃ ᠣᠯᠠᠨ ᠵᠢᠯ ᠤᠨ | ᠪᠦᠲᠦᠮᠵᠢᠲᠡᠶ ᠵᠠᠰᠠᠯᠲᠠ ᠪᠠᠷ ᠳᠡᠮᠵᠢᠨ᠂ ᠲᠦᠩᠯᠢᠶᠣᠣ ᠬᠤᠲᠠ ᠡᠯᠡᠰᠦᠷᠬᠡᠭᠵᠢᠨ ᠠᠲᠠᠷᠰᠢᠭᠰᠠᠨ ᠪᠠ ᠡᠯᠡᠰᠦᠷᠬᠡᠭᠵᠢᠭᠰᠡᠨ ᠲᠠᠯᠠᠪᠠᠶ ᠶᠢᠨ ︽ᠬᠤᠣᠰ ᠬᠠᠰᠤᠭᠳᠠᠯ︾ ᠢ | ᠪᠡᠶᠡᠯᠡᠭᠦᠯᠵᠦ᠂ 2066 ᠲᠦᠮᠡᠨ ᠮᠦ ᠬᠦᠨᠳᠦ ᠨᠣᠴᠢᠲᠠᠢ ᠡᠯᠡᠰᠦᠷᠬᠡᠭᠵᠢᠭᠰᠡᠨ ᠭᠠᠵᠠᠷ ᠰᠢᠷᠣᠢ᠂ 900 ᠭᠠᠷᠤᠢ ᠲᠦᠮᠡᠨ ᠮᠦ ᠬᠥᠷᠥᠰᠥ ᠰᠢᠷᠣᠢ ᠶᠢᠨ ᠢᠳᠡᠭᠳᠡᠭᠰᠡᠨ | ᠭᠠᠵᠠᠷ ᠰᠢᠷᠣᠢ ᠶᠢ ᠪᠦᠲᠦᠮᠵᠢᠲᠡᠶ ᠵᠠᠰᠠᠵᠤ᠂ ᠣᠶ ᠰᠢᠭᠤᠢ ᠶᠢᠨ ᠪᠦᠷᠬᠦᠴᠡ 1978 ᠣᠨ ᠳᠤ 8.9% ᠪᠠᠶᠢᠭᠰᠠᠨ ᠠᠴᠠ ᠪᠠᠨ ᠳᠡᠭᠡᠭᠰᠢᠯᠡᠭᠡᠳ ᠣᠲᠣ ᠶᠢᠨ 19. | 49% ᠪᠣᠯᠵᠤ᠂ ︽ᠨᠣᠭᠤᠭᠠᠷᠠᠭᠤᠯᠤᠯᠲᠠ ᠥᠷᠭᠡᠳᠴᠦ ᠡᠯᠡᠰᠦ ᠪᠠᠭᠠᠰᠤᠭᠰᠠᠨ︾ ᠪᠠᠶᠢᠳᠠᠯ ᠢ ᠪᠡᠶᠡᠯᠡᠭᠦᠯᠪᠡ᠃ | ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠨᠢ ᠣᠷᠣᠰᠢᠨ ᠲᠣᠭᠲᠠᠨᠢᠬᠤ ᠲᠠᠢ ᠬᠤᠯᠪᠣᠭᠳᠠᠵᠤ᠂ ᠨᠡᠩ ᠴᠤ ᠬᠥᠭᠵᠢᠯᠲᠡ ᠲᠠᠢ ᠬᠤᠯᠪᠣᠭᠳᠠᠵᠤ ᠪᠠᠶᠢᠳᠠᠭ᠃ | 2023 ᠣᠨ ᠳᠤ᠂ ᠲᠦᠩᠯᠢᠶᠣᠣ ᠬᠤᠲᠠ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ ︽ᠲᠠᠪᠤᠨ ᠮᠢᠩᠭᠠᠨ ᠲᠦᠮᠡ︾ ᠶᠢᠨ | ᠢᠨᠵᠧᠨᠧᠷᠢᠩ ᠢ ᠤᠯᠠᠮ ᠨᠢᠭᠡ ᠠᠯᠬᠤᠮ ᠡᠬᠢᠯᠡᠨ ᠬᠡᠷᠡᠭᠵᠢᠭᠦᠯᠪᠡ᠃ 2024 ᠣᠨ ᠳᠤ᠂ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ | ᠭᠦᠨᠵᠡᠭᠡᠢ ᠶᠠᠪᠤᠭᠳᠠᠵᠤ᠂ ᠲᠦᠩᠯᠢᠶᠣᠣ ᠬᠤᠳᠠ 410 ᠲᠦᠮᠡᠨ ᠮᠦ ᠶᠢᠨ ᠡᠯᠡᠰᠦ ᠶᠢ ᠶᠡᠷᠦᠩᠬᠡᠶᠢᠯᠡᠨ ᠵᠠᠰᠠᠪᠠ᠃ ᠡᠭᠦᠨ ᠤ ᠬᠠᠮᠲᠤ᠂ ᠲᠦᠩᠯᠢᠶᠣᠣ ᠬᠤᠲᠠ ᠶᠢᠨ ᠬᠢᠨ | ᠡᠯᠡᠰᠦᠷᠬᠡᠭ ᠣᠷᠣᠨ ᠤ ᠣᠨᠴᠠᠯᠢᠭᠲᠤ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠠᠮᠢ ᠠᠬᠤᠢ ᠶᠢᠨ ᠵᠠᠰᠠᠯᠲᠠ ᠬᠢᠭᠡᠳ ᠠᠵᠤ ᠦᠢᠯᠡᠰ ᠤᠨ ᠬᠥᠭᠵᠢᠯᠲᠡ ᠶᠢᠨ | ᠣᠷᠭᠠᠨᠢᠭ ᠤᠶᠠᠯᠳᠤᠯ ᠢ ᠲᠦᠯᠬᠢᠨ ᠠᠬᠢᠭᠤᠯᠵᠤ ᠪᠠᠶᠢᠨ᠎ᠠ᠃ | ᠡᠯᠡᠰᠦᠷᠬᠡᠭ ᠭᠠᠵᠠᠷ ᠪᠠᠭᠠᠰᠴᠤ᠂ ᠣᠷᠴᠢᠨ ᠲᠣᠭᠤᠷᠢᠨ ᠰᠠᠶᠢᠵᠢᠷᠠᠭᠰᠠᠨ ᠠᠴᠠ ᠨᠡᠩ ᠤᠯᠠᠨ ᠠᠵᠤ ᠠᠬᠤᠶᠢᠯᠠᠯ ᠲᠦᠩᠯᠢᠶᠣᠣ ᠳᠤ ᠠᠩᠬᠠᠷᠤᠯ ᠢᠶᠠᠨ ᠬᠠᠨᠳᠤᠭᠤᠯᠵᠤ | ᠡᠬᠢᠯᠡᠪᠡ᠃ 2024 ᠣᠨ ᠳᠤ᠂ ᠲᠦᠩᠯᠢᠶᠣᠣ ᠬᠤᠲᠠ ᠶᠢᠨ ᠬᠢᠨ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ 609 ᠲᠥᠷᠥᠯ ᠵᠦᠢᠯ ᠢ ᠣᠷᠣᠭᠤᠯᠤᠨ | ᠠᠪᠴᠢᠷᠠᠬᠤ ᠪᠠᠷ ᠭᠡᠷ᠎ᠡ ᠲᠣᠭᠲᠠᠵᠤ᠂ 393 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠤᠳᠠᠲᠠᠶᠢᠵᠢᠭᠤᠯᠪᠠ᠃ ᠲᠣᠬᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ 20.8% ᠪᠠᠷ ᠨᠡᠮᠡᠭᠳᠡᠵᠦ᠂ 3 ᠵᠢᠯ ᠳᠠᠷᠠᠭᠠᠯᠠᠨ 20% ᠠᠴᠠ ᠳᠡᠭᠡᠭᠰᠢᠬᠢ ᠳᠡᠭᠡᠳᠦ ᠬᠤᠷᠳᠤᠴᠠ ᠪᠠᠷ ᠨᠡᠮᠡᠭᠳᠡᠬᠦ ᠶᠢ ᠪᠠᠲᠤᠯᠠᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠩᠯᠢᠶᠣᠣ ᠬᠤᠲᠠ ᠶᠢᠨ ᠨᠠᠮ ᠤᠨ | ᠬᠤᠷᠢᠶ᠎ᠠ ᠶᠢᠨ ᠱᠦᠵᠢ ᠮᠧᠩ ᠰᠢᠶᠠᠨ ᠳ᠋ᠦᠩ ᠢᠯᠡᠷᠬᠡᠶᠢᠯᠡᠭᠰᠡᠨ ᠨᠢ᠂ ᠲᠦᠩᠯᠢᠶᠣᠣ ᠬᠤᠲᠠ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠯᠲᠡ ᠶᠢᠨ | ᠳᠠᠶᠢᠯᠠᠯᠳᠤᠭᠠᠨ ᠢ ᠦᠷᠭᠦᠯᠵᠢᠯᠡᠨ ᠠᠬᠢᠭᠤᠯᠵᠤ᠂ ᠠᠮᠢ ᠠᠬᠤᠢ ᠶᠢᠨ ᠲᠠᠩᠰᠠ ᠶᠢ ᠪᠤᠳᠤᠬᠤ ᠮᠥᠷᠲᠡᠭᠡᠨ ᠠᠵᠤ ᠠᠬᠤᠢ ᠶᠢᠨ ᠲᠠᠩᠰᠠ ᠶᠢ ᠴᠤ ᠪᠤᠳᠤᠵᠤ᠂ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠵᠤ ᠦᠢᠯᠡᠰᠵᠢᠯᠲᠡ᠂ ᠠᠵᠤ ᠦᠢᠯᠡᠰ ᠤᠨ ᠬᠥᠭᠵᠢᠯᠲᠡ ᠶᠢᠨ ᠠᠮᠢ ᠠᠬᠤᠶᠢᠵᠢᠯᠲᠠ ᠶᠢᠨ ᠵᠠᠮ ᠢᠶᠠᠷ ᠵᠠᠮᠨᠠᠬᠤ ᠶᠢ | ᠪᠠᠷᠢᠮᠲᠠᠯᠠᠨ᠎ᠠ᠃ ᠡᠯᠡᠰᠦᠷᠬᠡᠭ ᠣᠷᠣᠨ ᠤ ᠥᠪᠡᠷᠮᠢᠴᠡ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ ᠪᠠᠷ ᠳᠠᠮᠵᠢᠭᠤᠯᠤᠨ᠂ ᠤᠢ ᠰᠢᠭᠤᠢ ᠶᠢᠨ ᠡᠮ᠂ ᠰᠠᠯᠬᠢᠨ | ᠬᠦᠴᠦᠨ ᠤ ᠴᠠᠭᠢᠯᠭᠠᠨ ᠭᠡᠷᠡᠯ ᠴᠡᠨᠡᠭ + ᠡᠯᠡᠰᠦ ᠶᠢᠨ ᠵᠠᠰᠠᠯᠲᠠ᠂ ᠠᠮᠢ ᠠᠬᠤᠢ ᠶᠢᠨ ᠵᠢᠭᠤᠯᠴᠢᠯᠠᠯ᠂ ᠤᠢ ᠰᠢᠭᠤᠢ ᠡᠪᠡᠰᠦ ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ | ᠬᠤᠷᠠᠮᠳᠤᠭᠤᠯᠤᠯ ᠵᠡᠷᠭᠡ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ︽ᠭᠤᠷᠪᠠᠨ ᠦᠷ᠎ᠡ ᠠᠰᠢᠭ ᠢ ᠨᠢᠭᠡᠳᠬᠡᠬᠦ︾ ᠰᠠᠶᠢᠨ ᠡᠷᠭᠢᠯᠲᠡ ᠶᠢ ᠴᠢᠷᠮᠠᠶᠢᠨ ᠪᠤᠢ | ᠪᠤᠯᠭᠠᠵᠤ᠂ ᠨᠢᠭᠡ ᠬᠡᠰᠡᠭ ᠰᠢᠷ᠎ᠠ ᠡᠯᠡᠰᠦ ᠶᠢ ᠵᠠᠰᠠᠬᠤ᠂ ᠨᠢᠭᠡ ᠬᠡᠰᠡᠭ ᠤᠰᠤ ᠰᠢᠷᠣᠢ ᠶᠢ ᠨᠣᠭᠤᠭᠠᠷᠠᠭᠤᠯᠬᠤ᠂ ᠨᠢᠭᠡ ᠬᠡᠰᠡᠭ ᠭᠠᠵᠠᠷ ᠣᠷᠣᠨ ᠤ ᠠᠷᠠᠳ ᠲᠦᠮᠡᠨ ᠢ | ᠪᠠᠶᠠᠵᠢᠭᠤᠯᠬᠤ ᠶᠢ ᠪᠡᠶᠡᠯᠡᠭᠦᠯᠵᠦ᠂ ᠡᠯᠡᠰᠦᠷᠬᠡᠭ ᠭᠠᠵᠠᠷ ᠢ ᠬᠥᠬᠡᠮᠳᠦᠭ ᠨᠣᠭᠤᠭᠠᠨ ᠠᠭᠤᠯᠠ ᠤᠰᠤ᠂ ᠠᠯᠳᠠ ᠮᠥᠩᠭᠦᠨ ᠠᠭᠤᠯᠠ ᠪᠣᠯᠭᠠᠨ ᠬᠤᠪᠢᠷᠠᠭᠤᠯᠤᠨ᠎ᠠ ᠭᠡᠪᠡ᠃ | ᠰᠤᠷᠪᠤᠯᠵᠢᠯᠠᠬᠴᠢ ᠦ᠋ ᠬᠤᠤ | |