1 ᠊᠊᠊᠊᠊᠊᠊ 2 ᠰᠠᠷ᠎ᠠ ᠳᠤ ᠥᠪᠥᠷ ᠮᠣᠩᠭᠤᠯ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠪᠠᠷ 31 ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠪᠠ
ᠨᠡᠶᠢᠲᠡᠯᠡᠭᠰᠡᠨ ᠴᠠᠭ᠄
2025/4/9
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠮᠡᠳᠡᠭᠡ ᠶᠢ ᠦᠨᠳᠦᠰᠦᠯᠡᠪᠡᠯ᠂ 1 ᠊᠊᠊᠊ 2 ᠰᠠᠷ᠎ᠠ ᠳᠤ ᠥᠪᠥᠷ ᠮᠣᠩᠭᠤᠯ ᠤᠨ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠶᠢᠨ ᠭᠤᠶᠤᠴᠢᠯᠠᠯ ᠨᠢ 2.1 ᠲᠦᠮᠡ ᠳᠤ ᠬᠦᠷᠴᠦ᠂ 31 ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠪᠠ᠃       ᠡᠨᠡ ᠵᠢᠯ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠮᠠᠰᠢᠨ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠵᠣᠯᠭᠠᠯᠳᠤᠯ ᠢ ᠪᠠᠲᠤᠯᠠᠬᠤ ᠶᠢᠨ ᠲᠥᠯᠥᠭᠡ᠂ 1 ᠰᠠᠷ᠎ᠠ ᠶᠢᠨ 2 ᠤᠨ ᠡᠳᠦᠷ᠂ ︽2025 ᠣᠨ ᠤ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢᠨ ᠠᠯᠪᠠᠨ ᠵᠠᠷ︾ ᠢ ᠨᠡᠶᠢᠲᠡᠯᠡᠪᠡ᠃ 1 ᠳ᠋ᠦ᠋ᠭᠡᠷ ᠰᠠᠷ᠎ᠠ ᠶᠢᠨ 26 ᠤ ᠡᠳᠦᠷ ᠲᠦᠷᠦᠭᠦᠯᠡᠨ ︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠰᠢᠨ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠦᠷᠢ ᠶᠢ ᠬᠠᠮᠤᠭ ᠤᠨ ᠥᠨᠳᠥᠷ ᠲᠡᠭᠡᠨ 2 ᠲᠦᠮᠡᠨ ᠲᠥᠭᠦᠷᠢᠭ᠂ ᠰᠣᠯᠢᠵᠤ ᠰᠢᠨᠡᠳᠬᠡᠬᠦ ᠨᠥᠬᠦᠪᠦᠷᠢ ᠶᠢ ᠬᠠᠮᠤᠭ ᠤᠨ ᠥᠨᠳᠥᠷ ᠲᠡᠭᠡᠨ 1.5 ᠲᠦᠮᠡᠨ ᠲᠥᠭᠦᠷᠢᠭ ᠲᠠᠷᠬᠠᠭᠠᠵᠤ᠂ ᠶᠡᠭᠡ ᠬᠡᠮᠵᠢᠶᠡᠨ ᠤ ᠣᠷᠣᠨ ᠤ ᠳᠣᠲᠣᠨ᠎ᠠ ᠭᠠᠳᠠᠨᠠᠬᠢ ᠬᠡᠷᠡᠭᠯᠡᠭᠴᠢᠳ ᠢ ᠲᠠᠲᠠᠪᠠ᠃ ᠦᠢᠯᠡᠴᠢᠯᠡᠭᠡ ᠶᠢ ᠰᠢᠯᠢᠳᠡᠭᠵᠢᠭᠦᠯᠬᠦ ᠲᠠᠯ᠎ᠠ ᠪᠠᠷ᠂ ᠣᠯᠠᠨ ᠰᠠᠯᠠᠭ᠎ᠠ ᠮᠥᠴᠢᠷ ᠬᠠᠮᠵᠢᠯᠴᠠᠨ ᠬᠠᠮᠲᠤᠷᠠᠯᠴᠠᠵᠤ᠂ ᠨᠥᠬᠦᠪᠦᠷᠢ ᠶᠢᠨ ᠪᠡᠯᠡ ᠮᠥᠩᠭᠦ ᠶᠢ ᠬᠢᠨᠠᠨ ᠬᠠᠷᠭᠤᠭᠤᠯᠵᠤ ᠰᠢᠯᠵᠢᠭᠦᠯᠦᠨ ᠥᠭᠬᠦ ᠶᠠᠪᠤᠴᠠ ᠶᠢ ᠰᠢᠯᠢᠳᠡᠭᠵᠢᠭᠦᠯᠦᠨ᠂ ᠰᠢᠯᠵᠢᠭᠦᠯᠦᠨ ᠥᠭᠬᠦ ᠬᠤᠭᠤᠴᠠᠭ᠎ᠠ ᠶᠢ ᠤᠯᠠᠮ ᠨᠢᠭᠡ ᠠᠯᠬᠤᠮ ᠪᠣᠭᠤᠨᠢᠰᠬᠠᠪᠠ᠃       ︽ᠬᠡᠷᠡᠭᠯᠡᠭᠴᠢᠳ ᠤᠨ ᠮᠠᠰᠢᠨ ᠲᠡᠷᠭᠡ ᠬᠤᠳᠠᠯᠳᠤᠨ ᠠᠪᠬᠤ ᠤᠷᠮᠠᠰᠢᠯ ᠢ ᠤᠯᠠᠮ ᠨᠢᠭᠡ ᠠᠯᠬᠤᠮ ᠬᠥᠭᠵᠢᠭᠡᠬᠦ ᠶᠢᠨ ᠲᠤᠰᠠᠳᠠ᠂ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠠᠴᠠ ᠭᠠᠳᠠᠨ᠎ᠠ᠂ ᠮᠠᠰᠢᠨ ᠲᠡᠷᠭᠡᠨ ᠤ ᠠᠵᠤ ᠠᠬᠤᠶᠢᠯᠠᠯ ᠤᠨ ᠬᠠᠷᠠᠭᠠᠯᠵᠠᠯ ᠲᠠᠢ ᠪᠠᠷ ᠠᠰᠢᠭ ᠣᠯᠭᠤᠬᠤ᠂ ᠮᠠᠰᠢᠨ ᠲᠡᠷᠭᠡ ᠬᠤᠳᠠᠯᠳᠤᠨ ᠠᠪᠬᠤ ᠳᠤ ᠳᠠᠭᠠᠳᠬᠠᠯ ᠬᠦᠷᠭᠡᠬᠦ ᠵᠡᠷᠭᠡ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠬᠤ ᠶᠢᠨ ᠲᠥᠯᠥᠭᠡ᠂ ᠬᠡᠰᠡᠭ ᠠᠶᠢᠮᠠᠭ ᠬᠤᠲᠠ  ᠶᠢᠨ ᠬᠢᠨ ᠪᠠᠰᠠ ᠰᠢᠨ᠎ᠡ ᠮᠠᠰᠢᠨ ᠲᠡᠷᠭᠡ ᠬᠤᠳᠠᠯᠳᠤᠨ ᠠᠪᠬᠤ ᠨᠥᠬᠦᠪᠦᠷᠢ ᠶᠢ ᠢᠳᠡᠪᠬᠢᠲᠡᠢ ᠪᠠᠷ ᠨᠡᠮᠡᠵᠦ᠂ ᠨᠢᠭᠡᠳᠦᠭᠡᠷ ᠤᠯᠠᠷᠢᠯ ᠳᠤ 2 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠮᠠᠰᠢᠨ ᠲᠡᠷᠭᠡᠨ ᠤ ᠬᠡᠷᠡᠭᠯᠡᠭᠡ ᠶᠢ ᠪᠠᠷᠤᠭ 60 ᠳ᠋ᠦᠩᠰᠢᠭᠤᠷ ᠲᠥᠭᠦᠷᠢᠭ ᠳᠠᠶᠢᠴᠢᠯᠠᠬᠤ ᠪᠠᠷ ᠵᠢᠱᠢᠵᠦ ᠪᠠᠶᠢᠨ᠎ᠠ︾ ᠭᠡᠵᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠠᠮᠢᠶ᠎ᠠ ᠪᠦᠬᠦᠢ ᠠᠵᠢᠯᠲᠠᠨ ᠲᠠᠨᠢᠯᠴᠠᠭᠤᠯᠪᠠ᠃
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ