︽ᠪᠢ ᠥᠪᠡᠷ ᠤᠨ 40 ᠭᠠᠷᠤᠢ ᠮᠦ ᠲᠠᠷᠢᠶ᠎ᠠ ᠪᠠᠨ ᠪᠦᠭᠦᠨ ᠢ ᠲᠣᠰᠬᠤᠨ ᠤ ᠬᠤᠷᠰᠢᠶᠠᠵᠢᠯ ᠳᠤ ᠨᠠᠶᠢᠳᠠᠨ ᠬᠠᠮᠢᠶᠠᠷᠤᠭᠤᠯᠪᠠ᠂ ᠬᠤᠷᠢᠶᠠᠯᠲᠠ ᠶᠢᠨ ᠬᠤᠭᠤᠴᠠᠭ᠎ᠠ | ᠪᠤᠯᠬᠤ ᠳᠤ ᠠᠮᠤ ᠪᠤᠳᠠᠭ᠎ᠠ ᠠᠪᠬᠤ ᠪᠤᠶᠤ ᠵᠠᠬ᠎ᠠ ᠳᠡᠯᠭᠡᠭᠦᠷ ᠤᠨ ᠦᠨ᠎ᠡ ᠪᠠᠷ ᠨᠤᠭᠤᠯᠤᠨ ᠪᠤᠳᠤᠵᠤ ᠪᠡᠯᠡᠨ ᠵᠣᠭᠤᠰ ᠠᠪᠴᠤ ᠪᠣᠯᠣᠨ᠎ᠠ᠂ ᠴᠠᠭ ᠠᠷᠪᠢᠯᠠᠬᠤ ᠮᠥᠷᠲᠡᠭᠡᠨ | ᠬᠦᠴᠦ ᠠᠷᠪᠢᠯᠠᠨ᠎ᠠ᠂ ᠲᠡᠷᠡ ᠮᠥᠷᠲᠡᠭᠡᠨ ᠰᠤᠯᠠ ᠰᠡᠯᠡᠭᠦᠦ ᠴᠠᠭ ᠲᠠᠭᠠᠨ ᠪᠠᠰᠠ ᠬᠤᠷᠰᠢᠶᠠᠵᠢᠯ ᠳᠤ ᠬᠥᠯᠥᠰᠦᠨ ᠠᠵᠢᠯ ᠬᠢᠵᠦ᠂ ᠢᠯᠡᠭᠦᠦ ᠨᠢᠭᠡ ᠬᠤᠪᠢ ᠶᠢᠨ | ᠣᠷᠣᠯᠭ᠎ᠠ ᠣᠯᠵᠤ ᠪᠣᠯᠣᠨ᠎ᠠ︕︾ 3 ᠰᠠᠷ᠎ᠠ ᠶᠢᠨ 14 ᠤ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠢᠷᠭᠠᠯᠠᠩ ᠪᠠᠯᠭᠠᠰᠤ ᠶᠢᠨ ᠮᠣᠷᠢᠨ ᠲᠠᠯ᠎ᠠ | ᠭᠠᠴᠠᠭ᠎ᠠ ᠶᠢᠨ ᠠᠷᠠᠳ ᠢᠦᠢ ᠵᠦ ᠰᠤᠷᠪᠤᠯᠵᠢᠯᠠᠬᠴᠢ ᠳᠤ ᠥᠪᠡᠷ ᠤᠨ ᠥᠩᠭᠡᠷᠡᠯᠲᠡ ᠪᠠᠨ ᠬᠤᠪᠢᠶᠠᠯᠴᠠᠨ᠎ᠠ᠃ | 2019 ᠣᠨ ᠳᠤ᠂ ᠢᠦᠢ ᠵᠦ ᠲᠣᠰᠬᠤᠨ ᠤ ᠪᠠᠨ ᠬᠠᠮᠲᠤ ᠶᠢᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠲᠠᠭᠠᠵᠤ᠂ ᠥᠪᠡᠷ ᠤᠨ ᠭᠠᠵᠠᠷ ᠰᠢᠷᠣᠢ ᠪᠠᠨ | ᠬᠤᠷᠰᠢᠶᠠᠵᠢᠯ ᠳᠤ ᠨᠠᠶᠢᠳᠠᠨ ᠬᠠᠮᠢᠶᠠᠷᠤᠭᠤᠯᠵᠠᠢ᠃ ᠡᠭᠦᠨ ᠠᠴᠠ ᠡᠬᠢᠯᠡᠨ᠂ ᠢᠦᠢ ᠵᠦ ᠭᠠᠵᠠᠷ ᠰᠢᠷᠣᠢ ᠪᠠᠨ ᠨᠠᠶᠢᠳᠠᠨ ᠬᠠᠮᠢᠶᠠᠷᠤᠭᠤᠯᠤᠭᠰᠠᠨ ᠠᠰᠢᠭ ᠣᠷᠣᠯᠭ᠎ᠠ ᠲᠠᠢ | ᠪᠣᠯᠤᠭᠰᠠᠨ ᠢᠶᠠᠷ ᠪᠠᠷᠠᠬᠤ ᠦᠭᠡᠢ᠂ ᠪᠠᠰᠠ ᠬᠤᠷᠰᠢᠶᠠᠵᠢᠯ ᠳᠤ ᠬᠥᠯᠥᠰᠦᠨ ᠠᠵᠢᠯ ᠬᠢᠵᠦ᠂ ᠣᠷᠣᠯᠭ᠎ᠠ ᠪᠠᠨ ᠨᠡᠮᠡᠭᠳᠡᠭᠦᠯᠦᠭᠰᠡᠨ ᠪᠠᠶᠢᠨ᠎ᠠ᠃ | 2024 ᠣᠨ ᠳᠤ᠂ ᠮᠣᠷᠢᠨ ᠲᠠᠯ᠎ᠠ ᠭᠠᠴᠠᠭ᠎ᠠ ᠶᠢᠨ ᠬᠢᠨ ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠰᠬᠤᠨ ᠤ ᠬᠠᠮᠲᠤ ᠪᠠᠷ ᠢᠶᠠᠨ ᠡᠭᠦᠰᠬᠡᠨ ᠪᠠᠶᠢᠭᠤᠯᠤᠭᠰᠠᠨ ᠵᠢᠷᠭᠠᠯᠠᠩ ᠪᠠᠯᠭᠠᠰᠤᠨ ᠤ ᠮᠣᠷᠢᠨ ᠲᠠᠯ᠎ᠠ ᠲᠠᠷᠢᠮᠠᠯ ᠤᠨ | ᠲᠤᠰᠬᠠᠢ ᠬᠤᠷᠰᠢᠶᠠᠵᠢᠯ ᠢ ᠪᠤᠰᠤᠳ 5 ᠬᠤᠷᠰᠢᠶᠠᠵᠢᠯ ᠤᠨ ᠡᠬᠢ ᠪᠠᠶᠠᠯᠢᠭ ᠲᠠᠢ ᠨᠡᠶᠢᠳᠬᠡᠵᠦ᠂ ᠵᠢᠷᠭᠠᠯᠠᠩ ᠪᠠᠯᠭᠠᠰᠤᠨ ᠤ ᠮᠣᠷᠢᠨ ᠲᠠᠯ᠎ᠠ ᠲᠠᠷᠢᠶᠠᠯᠠᠩ ᠮᠠᠯ ᠠᠵᠤ | ᠠᠬᠤᠢ ᠶᠢᠨ ᠲᠠᠷᠢᠶᠠᠴᠢᠨ ᠤ ᠲᠤᠰᠬᠠᠢ ᠬᠤᠷᠰᠢᠶᠠᠵᠢᠯ ᠤᠨ ᠬᠤᠯᠪᠣᠭᠠᠲᠤ ᠬᠤᠷᠰᠢᠶᠠᠵᠢᠯ ᠢ ᠪᠠᠶᠢᠭᠤᠯᠪᠠ᠃ ᠬᠤᠯᠪᠣᠭᠠᠲᠤ ᠬᠤᠷᠰᠢᠶᠠᠵᠢᠯ ᠨᠢ ︽ᠬᠠᠭᠠᠯᠪᠤᠷᠢᠯᠠᠬᠤ᠂ | ᠲᠠᠷᠢᠬᠤ᠂ ᠰᠡᠷᠭᠡᠶᠢᠯᠡᠬᠦ᠂ ᠬᠤᠷᠢᠶᠠᠬᠤ︾ ᠲᠦᠷᠪᠡᠨ ᠶᠡᠭᠡ ᠵᠠᠩᠭᠢᠯᠠᠭ᠎ᠠ ᠶᠢᠨ ᠲᠣᠭᠤᠷᠢᠨ ᠳᠤ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠢᠳᠡᠪᠬᠢᠲᠡᠢ | ᠥᠷᠨᠢᠭᠦᠯᠵᠦ᠂ ᠪᠦᠭᠦ ᠶᠠᠪᠤᠴᠠ ᠶᠢᠨ ︽ᠨᠢᠭᠡ ᠦᠷᠳᠡᠭᠡ ᠮᠠᠶ᠋ᠢᠭ︾ ᠤᠨ ᠦᠢᠯᠡᠴᠢᠯᠡᠭᠡᠨ ᠤ ᠵᠠᠭᠪᠤᠷ ᠢ ᠡᠭᠦᠳᠦᠨ ᠳᠡᠯᠭᠡᠷᠡᠭᠦᠯᠪᠡ᠃ ᠡᠨᠡ ᠬᠦ ᠵᠠᠭᠪᠤᠷ ᠢᠶᠠᠷ ᠳᠠᠮᠵᠢᠭᠤᠯᠤᠨ᠂ | ᠲᠠᠷᠢᠮᠠᠯ ᠤᠨ ᠡᠷᠦᠭᠡ ᠶᠢ ᠲᠠᠷᠢᠶᠠᠯᠠᠩ ᠦᠢᠯᠡᠳᠪᠦᠷᠢᠯᠡᠯ ᠤᠨ ᠬᠠᠮᠢᠶᠠᠷᠤᠭᠴᠢ ᠪᠣᠯᠭᠠᠨ ᠬᠤᠪᠢᠷᠠᠭᠤᠯᠵᠤ᠂ ᠲᠠᠷᠢᠶᠠᠴᠢᠨ ᠡᠷᠦᠭᠡ ᠶᠢ ᠲᠠᠷᠢᠶᠠᠯᠠᠩ ᠤᠨ ᠶᠠᠷᠰᠢᠭ ᠲᠦᠪᠡᠭᠲᠡᠢ | ᠠᠵᠢᠯ ᠭᠦᠳᠡᠯᠮᠦᠷᠢ ᠳᠤᠮᠳᠠ ᠠᠴᠠ ᠲᠤᠶᠢᠯᠪᠤᠷᠢᠲᠠᠢ ᠴᠢᠯᠦᠭᠡᠯᠡᠵᠡᠢ᠃ ᠡᠨᠡ ᠬᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠨᠢ ᠲᠠᠷᠢᠶᠠᠯᠠᠩ ᠦᠢᠯᠡᠳᠪᠦᠷᠢᠯᠡᠯ ᠤᠨ | ᠭᠡᠪᠴᠢᠶᠡᠵᠢᠯᠳᠡ᠂ ᠮᠧᠬᠠᠨᠢᠭᠵᠢᠯᠲᠠ᠂ ᠡᠷᠴᠢᠮᠯᠢᠭ ᠴᠢᠭᠯᠡᠯ ᠢᠶᠠᠷ ᠬᠥᠭᠵᠢᠬᠦ ᠶᠢ ᠪᠦᠲᠦᠮᠵᠢᠲᠡᠶ ᠠᠬᠢᠭᠤᠯᠵᠤ᠂ ᠲᠠᠷᠢᠶᠠᠴᠢᠨ ᠡᠷᠦᠭᠡ ᠶᠢᠨ ᠣᠷᠣᠯᠭ᠎ᠠ ᠶᠢ ᠨᠡᠮᠡᠭᠳᠡᠭᠦᠯᠬᠦ ᠪᠠ | ᠠᠮᠤ ᠪᠤᠳᠠᠭᠠᠨ ᠤ ᠠᠶᠤᠯᠭᠦᠢ ᠦᠢᠯᠡᠳᠪᠦᠷᠢᠯᠡᠯ ᠤᠨ ᠰᠠᠶᠢᠨ ᠨᠥᠬᠦᠴᠡᠯᠳᠦᠯ ᠢ ᠪᠡᠶᠡᠯᠡᠭᠦᠯᠦᠭᠰᠡᠨ ᠪᠠᠶᠢᠨ᠎ᠠ᠃ | ᠮᠣᠷᠢᠨ ᠲᠠᠯ᠎ᠠ ᠭᠠᠴᠠᠭ᠎ᠠ ᠶᠢᠨ ᠨᠠᠮ ᠤᠨ ᠡᠭᠦᠷ ᠤᠨ ᠱᠦᠵᠢ ᠪᠦᠦ ᠱᠠᠨ᠄︽ᠬᠤᠷᠰᠢᠶᠠᠵᠢᠯ ᠤᠨ ᠬᠢᠨ ᠲᠣᠮᠣ ᠭᠡᠯᠪᠡᠷᠢ ᠶᠢᠨ ᠮᠠᠰᠢᠨ ᠲᠥᠬᠦᠭᠡᠷᠦᠮᠵᠢ ᠶᠢ ᠠᠰᠢᠭᠯᠠᠨ | ᠲᠠᠷᠢᠶᠠᠯᠠᠬᠤ ᠪᠠ ᠬᠠᠳᠤᠵᠤ ᠬᠤᠷᠢᠶᠠᠬᠤ ᠠᠵᠢᠯ ᠥᠷᠨᠢᠭᠦᠯᠦᠭᠰᠡᠨ ᠠᠴᠠ ᠦᠷ᠎ᠡ ᠪᠦᠲᠦᠮᠵᠢ ᠶᠡᠭᠡ ᠪᠠᠷ ᠳᠡᠭᠡᠭᠰᠢᠯᠡᠭᠰᠡᠨ ᠢᠶᠠᠷ ᠪᠠᠷᠠᠬᠤ ᠦᠭᠡᠢ ᠭᠦᠳᠡᠯᠮᠦᠷᠢ ᠬᠦᠴᠦᠨ ᠢ | ᠴᠦ ᠠᠷᠪᠢᠯᠠᠵᠤ᠂ ᠲᠠᠷᠢᠮᠠᠯ ᠤᠨ ᠴᠢᠬᠢᠯᠡᠬᠦ ᠨᠤᠷᠮ᠎ᠠ ᠨᠡᠩ ᠴᠤ 85% ᠳᠤ ᠬᠦᠷᠴᠡᠢ᠃ ᠲᠠᠷᠢᠶᠠᠴᠢᠨ ᠡᠷᠦᠭᠡ ᠭᠠᠵᠠᠷ ᠰᠢᠷᠣᠢ ᠪᠠᠨ ᠡᠷᠭᠢᠯᠲᠡ ᠳᠤ ᠣᠷᠣᠭᠤᠯᠬᠤ ᠪᠤᠶᠤ | ᠨᠠᠶᠢᠳᠠᠨ ᠬᠠᠮᠢᠶᠠᠷᠤᠭᠤᠯᠬᠤ ᠶᠢ ᠰᠣᠩᠭᠤᠭᠰᠠᠨ ᠤ ᠳᠠᠷᠠᠭ᠎ᠠ᠂ ᠮᠦ ᠪᠦᠷᠢ ᠶᠢᠨ ᠠᠮᠤ ᠪᠤᠳᠠᠭᠠᠨ ᠤ ᠤᠨᠠᠯᠲᠠ 200 — 300 ᠺᠢᠯᠣᠭ᠍ᠷᠠᠮ ᠨᠡᠮᠡᠭᠳᠡᠨ᠎ᠡ᠃ ᠡᠭᠦᠨ ᠤ | ᠵᠡᠷᠭᠡ ᠪᠠᠷ ᠲᠠᠷᠢᠶᠠᠴᠢᠨ ᠡᠷᠦᠭᠡ ᠪᠠᠰᠠ ᠭᠠᠳᠠᠭᠰᠢ ᠭᠠᠷᠴᠤ ᠠᠵᠢᠯ ᠬᠢᠵᠦ᠂ ᠣᠷᠣᠯᠭ᠎ᠠ ᠪᠠᠨ ᠨᠡᠮᠡᠭᠳᠡᠭᠦᠯᠬᠦ ᠰᠢᠨ᠎ᠡ ᠠᠷᠭ᠎ᠠ ᠵᠠᠮ ᠢ ᠨᠡᠭᠡᠭᠡᠵᠦ ᠪᠣᠯᠣᠨ᠎ᠠ︾ ᠭᠡᠵᠦ | ᠲᠠᠨᠢᠯᠴᠠᠭᠤᠯᠤᠨ ᠶᠠᠷᠢᠨ᠎ᠠ᠃ | ᠣᠶᠢᠷ᠎ᠠ ᠶᠢᠨ ᠵᠢᠯ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠶᠢᠨ ᠬᠢᠨ ᠲᠠᠷᠢᠶᠠᠯᠠᠩ ᠦᠢᠯᠡᠳᠪᠦᠷᠢᠯᠡᠯ ᠤᠨ ᠨᠠᠶᠢᠳᠠᠨ ᠬᠠᠮᠢᠶᠠᠷᠤᠭᠤᠯᠬᠤ | ᠦᠢᠯᠡᠴᠢᠯᠡᠭᠡ ᠶᠢ ᠡᠷᠴᠢᠮᠲᠡᠢ ᠥᠷᠨᠢᠭᠦᠯᠵᠦ᠂ ᠪᠦᠬᠦᠢ ᠯᠡ ᠲᠣᠰᠬᠤᠨ ᠢᠶᠠᠷ ᠠᠬᠢᠭᠤᠯᠬᠤ 35 ᠵᠢᠱᠢᠶ᠎ᠡ ᠦᠵᠡᠭᠦᠯᠭᠦ ᠲᠣᠰᠬᠤᠨ ᠢ ᠪᠠᠶᠢᠭᠤᠯᠵᠤ᠂ 11 | ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠬᠤᠯᠪᠣᠭᠠᠲᠤ ᠬᠤᠷᠰᠢᠶᠠᠵᠢᠯ ᠪᠠᠶᠢᠭᠤᠯᠪᠠ᠃ ᠣᠳᠣᠬᠠᠨ ᠳᠤ᠂ ᠪᠦᠭᠦ ᠬᠤᠰᠢᠭᠤᠨ ᠤ 19 ᠰᠤᠮᠤ | ᠪᠠᠯᠭᠠᠰᠤ ᠲᠠᠯᠠᠪᠠᠢ ᠶᠢᠨ ᠲᠠᠷᠢᠶᠠᠯᠠᠩ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠡᠪᠴᠢᠶ᠎ᠡ 119 ᠲᠦᠮᠡᠨ ᠮᠦ ᠶᠢ ᠳᠠᠪᠠᠭᠰᠠᠨ ᠪᠠᠶᠢᠨ᠎ᠠ᠃ |