ᠵᠠᠷᠤᠳ ᠬᠤᠰᠢᠭᠤ᠄ ᠲᠡᠮᠦᠷ ᠬᠡᠦᠬᠡᠨᠴᠦᠳ ᠤᠨ ᠬᠠᠶᠢᠷ᠎ᠠ ᠬᠠᠯᠠᠮᠵᠢᠲᠤ ᠪᠦᠯᠭᠦᠮ ᠤᠨ ᠪᠤᠶᠠᠨᠰᠠᠭ ᠠᠵᠢᠯᠯᠠᠭ᠎ᠠ
ᠨᠡᠶᠢᠲᠡᠯᠡᠭᠰᠡᠨ ᠴᠠᠭ᠄
2025/4/9
      ᠣᠶᠢᠷ᠎ᠠ ᠶᠢᠨ ᠡᠳᠦᠷ᠂ ᠵᠠᠷᠤᠳ ᠬᠤᠰᠢᠭᠤᠨ ᠤ ᠲᠡᠮᠦᠷ ᠬᠡᠦᠬᠡᠨᠴᠦᠳ ᠤᠨ ᠬᠠᠶᠢᠷ᠎ᠠ ᠬᠠᠯᠠᠮᠵᠢᠲᠤ ᠪᠦᠯᠭᠦᠮ ᠤᠨ ᠬᠢᠨ ᠮᠣᠳᠣ ᠰᠤᠷᠭᠠᠭᠤᠯᠢ ᠳᠤ ᠬᠦᠷᠴᠦ ᠬᠠᠨᠳᠢᠪᠯᠡᠬᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠳᠤ᠂ ᠬᠠᠶᠢᠷ᠎ᠠ ᠬᠠᠯᠠᠮᠵᠢᠲᠤ ᠪᠦᠯᠭᠦᠮ ᠤᠨ ᠬᠢᠨ ᠮᠣᠳᠣ ᠰᠤᠷᠭᠠᠭᠤᠯᠢ ᠶᠢᠨ ᠥᠨᠥᠴᠢᠨ ᠥᠷᠥᠭᠡᠰᠦᠨ᠂ ᠠᠮᠢᠳᠤᠷᠠᠯ ᠬᠦᠴᠢᠷᠳᠡᠯᠲᠡᠢ ᠬᠡᠦᠬᠡᠳ ᠲᠤ 5500 ᠲᠥᠭᠦᠷᠢᠭ ᠤᠨ ᠵᠣᠭᠤᠰ ᠮᠥᠩᠭᠦ ᠬᠠᠨᠳᠢᠪᠯᠡᠵᠤ᠂ ᠬᠡᠦᠬᠡᠳ ᠤᠳ ᠲᠤ ᠨᠡᠶᠢᠭᠡᠮ ᠨᠡᠶᠢᠲᠡ ᠶᠢᠨ ᠬᠠᠶᠢᠷ᠎ᠠ ᠬᠠᠯᠠᠮᠵᠢ ᠶᠢ ᠬᠦᠷᠲᠡᠭᠡᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠲᠡᠮᠦᠷ ᠬᠡᠦᠬᠡᠨᠴᠦᠳ ᠤᠨ ᠬᠠᠶᠢᠷ᠎ᠠ ᠬᠠᠯᠠᠮᠵᠢᠲᠤ ᠪᠦᠯᠭᠦᠮ ᠨᠢ 2022 ᠣᠨ ᠠᠴᠠ ᠡᠬᠢᠯᠡᠨ ᠬᠠᠶᠢᠷ᠎ᠠ ᠬᠠᠯᠠᠮᠵᠢᠲᠤ ᠠᠵᠢᠯᠯᠠᠭ᠎ᠠ ᠥᠷᠨᠢᠭᠦᠯᠵᠦ᠂ ᠳᠡᠭᠡᠷ᠎ᠡ ᠵᠠᠭᠤᠨ ᠤ ᠲᠠᠯᠠᠭᠠᠳ ᠣᠨ ᠤ ᠦᠶ᠎ᠡ ᠶᠢᠨ ᠲᠡᠮᠦᠷ ᠬᠡᠦᠬᠡᠨᠴᠦᠳ ᠤᠨ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠨᠡᠶᠢᠭᠡᠮ ᠨᠡᠶᠢᠲᠡ ᠳᠤ ᠬᠠᠷᠢᠯᠴᠠᠨ ᠬᠠᠯᠠᠮᠵᠢᠯᠠᠵᠤ ᠬᠠᠷᠢᠯᠴᠠᠨ ᠬᠠᠶᠢᠷᠠᠯᠠᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ ᠥᠭᠬᠦ ᠶᠢ ᠵᠣᠷᠢᠭᠰᠠᠭᠠᠷ ᠢᠷᠡᠭᠰᠡᠨ ᠶᠤᠮ᠃ ᠪᠦᠯᠭᠦᠮ ᠨᠢ ᠲᠡᠮᠦᠷ ᠬᠡᠦᠬᠡᠨᠴᠦᠳ ᠢᠶᠠᠷ ᠭᠤᠣᠯᠳᠠᠭᠤᠯᠵᠤ ᠪᠠᠶᠢᠭᠰᠠᠨ ᠠᠴᠠ ᠪᠠᠨ ᠥᠷᠭᠡᠵᠢᠭᠡᠳ ᠮᠠᠯᠴᠢᠨ ᠲᠠᠷᠢᠶᠠᠴᠢᠨ᠂ ᠠᠵᠢᠯ ᠠᠴᠠ ᠪᠠᠨ ᠠᠮᠠᠷᠠᠭᠰᠠᠨ ᠪᠠᠭᠰᠢ᠂ ᠺᠠᠳ᠋ᠷ᠂ ᠴᠡᠷᠢᠭ ᠠᠴᠠ ᠬᠠᠯᠠᠭᠳᠠᠭᠰᠠᠳ ᠵᠡᠷᠭᠡ ᠬᠥᠮᠥᠰ ᠢ ᠲᠠᠶᠢᠴᠢᠯᠠᠨ ᠠᠵᠢᠯᠯᠠᠭ᠎ᠠ ᠳᠤ ᠣᠷᠣᠯᠴᠠᠭᠤᠯᠵᠤ᠂ ᠤᠳᠤ ᠨᠢᠭᠡᠨᠲᠡ 70 ᠭᠠᠷᠤᠢ ᠬᠥᠮᠥᠨ ᠬᠠᠨᠳᠢᠪᠯᠡᠬᠤ ᠠᠵᠢᠯᠯᠠᠭ᠎ᠠ ᠳᠤ ᠤᠷᠤᠯᠴᠠᠬᠰᠠᠨ ᠪᠠᠶᠢᠨ᠎ᠠ᠃ ᠲᠡᠮᠦᠷ ᠬᠡᠦᠬᠡᠨᠴᠦᠳ ᠤᠨ ᠬᠠᠶᠢᠷ᠎ᠠ ᠬᠠᠯᠠᠮᠵᠢᠲᠤ ᠪᠦᠯᠭᠦᠮ ᠨᠢ ᠤᠷᠢᠳ ᠬᠤᠵᠢᠳ 4 ᠲᠦᠮᠡ ᠭᠠᠷᠤᠢ ᠵᠣᠭᠤᠰ ᠮᠥᠩᠭᠦ ᠴᠤᠭᠯᠠᠭᠤᠯᠵᠤ᠂ ᠵᠠᠷᠤᠳ ᠬᠤᠰᠢᠭᠤᠨ ᠤ 30 ᠭᠠᠷᠤᠢ ᠬᠦᠴᠢᠷᠳᠡᠯᠲᠡᠢ ᠬᠡᠦᠬᠡᠳ ᠢ ᠲᠤᠰᠠᠯᠠᠨ ᠳᠡᠮᠵᠢᠭᠰᠡᠨ ᠪᠠᠶᠢᠨ᠎ᠠ᠃
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ