ᠠᠵᠢᠯ ᠠᠯᠳᠠᠭᠰᠠᠳ ᠤᠨ ᠳᠠᠭᠠᠳᠬᠠᠯ ᠤᠨ ᠳᠦᠷᠤ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠪᠠ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠠᠵᠢᠯ ᠠᠯᠳᠠᠭᠰᠠᠳ ᠤᠨ ᠳᠠᠭᠠᠳᠬᠠᠯ ᠤᠨ ︽ᠠᠮᠢᠳᠤᠷᠠᠯ ᠢ ᠪᠠᠲᠤᠯᠠᠬᠤ᠂ ᠠᠵᠢᠯ ᠠᠯᠳᠠᠬᠤ ᠶᠢ ᠰᠡᠷᠭᠡᠶᠢᠯᠡᠬᠦ᠂ ᠠᠵᠢᠯ ᠣᠯᠭᠤᠯᠲᠠ ᠶᠢ | ᠠᠬᠢᠭᠤᠯᠬᠤ︾ ᠴᠢᠳᠠᠮᠵᠢ ᠶᠢ ᠦᠨᠡᠨ ᠬᠦ ᠪᠠᠳᠠᠷᠠᠭᠤᠯᠬᠤ ᠶᠢᠨ ᠲᠤᠰᠠᠳᠠ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠠᠵᠢᠯ ᠠᠯᠳᠠᠭᠰᠠᠳ ᠤᠨ ᠳᠠᠭᠠᠳᠬᠠᠯ ᠤᠨ | ᠳᠦᠷᠤ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ ᠠᠵᠢᠯ ᠠᠯᠳᠠᠭᠰᠠᠨ ᠠᠵᠢᠯ ᠠᠯᠳᠠᠭᠰᠠᠳ ᠲᠤ ᠳᠠᠭᠠᠳᠬᠠᠯ ᠤᠨ ᠮᠥᠩᠭᠦ ᠶᠢ ᠭᠤᠶᠤᠴᠢᠯᠠᠨ ᠠᠪᠬᠤ ᠪᠠ | ᠬᠠᠮᠢᠶ᠎ᠠ ᠪᠦᠬᠦᠢ ᠠᠵᠢᠯ ᠠᠯᠳᠠᠭᠰᠠᠨ ᠬᠠᠷᠠᠭᠠᠯᠵᠠᠯ ᠢ ᠴᠠᠭ ᠲᠤᠬᠠᠢ ᠳᠤᠨᠢ ᠬᠦᠷᠲᠡᠭᠡᠵᠦ ᠪᠤᠢ᠃ | ︽ᠨᠢᠳᠤᠨᠤᠨ ᠠᠵᠢᠯ ᠠᠯᠳᠠᠭᠰᠠᠨ ᠠᠴᠠ ᠨᠠᠭᠠᠰᠢ ᠶᠡᠷᠦ ᠨᠢ ᠲᠣᠬᠢᠷᠠᠮᠵᠢᠲᠠᠢ ᠠᠵᠢᠯ ᠣᠯᠤᠭ᠎ᠠ ᠦᠭᠡᠢ᠂ ᠬᠡᠷᠪᠡ ᠲᠤᠬᠠᠢ ᠶᠢᠨ ᠦᠶ᠎ᠡ ᠳᠤ ᠠᠵᠢᠯ | ᠠᠯᠳᠠᠭᠰᠠᠳ ᠤᠨ ᠳᠠᠭᠠᠳᠬᠠᠯ ᠤᠨ ᠮᠥᠩᠭᠦ ᠭᠤᠶᠤᠴᠢᠯᠠᠭᠰᠠᠨ ᠦᠭᠡᠢ ᠪᠣᠯ ᠡᠨᠡ ᠬᠤᠭᠤᠴᠠᠭᠠᠨ ᠳᠤ ᠶᠠᠭᠤ ᠬᠢᠬᠦ ᠪᠠᠨ ᠴᠦ ᠮᠡᠳᠡᠬᠦ ᠦᠭᠡᠢ ᠪᠣᠯᠵᠠᠢ︾ ᠭᠡᠵᠦ ᠠᠵᠢᠯ | ᠠᠯᠳᠠᠭᠰᠠᠳ ᠤᠨ ᠬᠠᠷᠠᠭᠠᠯᠵᠠᠯ ᠢ ᠭᠥᠷᠳᠡᠭᠰᠡᠨ ᠵᠣᠣ ᠠᠪᠠᠭ᠋ᠠᠢ ᠶᠠᠷᠢᠨ᠎ᠠ᠃ ᠤᠬᠠᠭᠤᠯᠭ᠎ᠠ ᠶᠢᠨ ᠬᠦᠷᠢᠶ᠎ᠡ ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠬᠦ ᠶᠢᠨ | ᠲᠤᠰᠠᠳᠠ᠂ ᠳᠤᠰ ᠬᠤᠰᠢᠭᠤ ᠰᠢᠨ᠎ᠡ ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠭᠯᠠᠨ᠂ ᠵᠢᠷᠭᠢᠶ᠎ᠡ ᠶᠢᠨ ᠲᠠᠪᠴᠠᠩ᠂ ᠣᠬᠤᠷ ᠸᠢᠳᠢᠤ᠋ ᠳᠠᠪᠲᠠᠮᠵᠢ ᠵᠡᠷᠭᠡ | ᠭᠡᠯᠪᠡᠷᠢ ᠪᠠᠷ ᠠᠵᠢᠯ ᠠᠯᠳᠠᠭᠰᠠᠳ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠲᠥᠷᠥ ᠶᠢᠨ ᠪᠣᠳᠣᠯᠭ᠎ᠠ ᠶᠢ ᠬᠥᠮᠥᠰ ᠤᠨ | ᠰᠡᠳᠬᠢᠯ ᠳᠤ ᠬᠠᠳᠠᠩᠰᠢᠭᠤᠯᠪᠠ᠃ ᠳᠤᠰ ᠬᠤᠰᠢᠭᠤ 2024 ᠣᠨ ᠳᠤ 375 ᠠᠵᠢᠯ ᠠᠯᠳᠠᠭᠰᠠᠨ ᠠᠵᠢᠯᠲᠠᠨ ᠳᠤ ᠠᠵᠢᠯ ᠠᠯᠳᠠᠭᠰᠠᠳ ᠤᠨ ᠬᠠᠷᠠᠭᠠᠯᠵᠠᠯ ᠤᠨ | ᠮᠥᠩᠭᠦ ᠶᠢ ᠨᠡᠶᠢᠳᠡ 490 ᠭᠠᠷᠤᠢ ᠲᠦᠮᠡᠨ ᠲᠥᠭᠦᠷᠢᠭ ᠲᠠᠷᠬᠠᠭᠠᠵᠠᠢ᠃ | ᠳᠠᠷᠠᠭᠠᠴᠢ ᠶᠢᠨ ᠠᠯᠬᠤᠮ ᠳᠤ᠂ ᠲᠤᠰ ᠬᠤᠰᠢᠭᠤ ᠨᠢ ᠠᠵᠢᠯ ᠠᠯᠳᠠᠭᠰᠠᠳ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠦᠷᠭᠦᠯᠵᠢᠯᠡᠨ | ᠰᠢᠯᠢᠳᠡᠭᠵᠢᠭᠦᠯᠵᠦ᠂ ᠬᠡᠷᠡᠭ ᠡᠷᠭᠢᠯᠡᠭᠦ ᠶᠠᠪᠤᠴᠠ ᠶᠢ ᠳᠥᠭᠦᠮᠴᠢᠯᠡᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠥᠩᠭᠡᠷᠡᠭᠰᠡᠨ ᠤ ︽ᠨᠠᠭᠠᠰᠢ | ᠴᠠᠭᠠᠰᠢ ᠤᠯᠠᠨ ᠤᠳᠠᠭ᠎ᠠ ᠭᠦᠶᠦᠯᠭᠡᠬᠦ᠂ ᠡᠷᠢᠬᠦ ᠳᠤ ᠬᠦᠴᠢᠷᠲᠡᠢ︾ ᠪᠠᠶᠢᠬᠤ ᠶᠢ ᠣᠳᠣ ᠶᠢᠨ ︽ᠰᠦᠯᠵᠢᠶᠡᠨ ᠳᠡᠭᠡᠷ᠎ᠡ ᠭᠦᠢᠴᠡᠳᠬᠡᠬᠦ᠂ ᠨᠢᠭᠡ ᠯᠡ ᠤᠳᠠᠭ᠎ᠠ ᠳᠤ | ᠭᠦᠢᠴᠡᠳᠬᠡᠬᠦ᠂ ᠲᠦᠷᠭᠡᠨ ᠭᠦᠢᠴᠡᠳᠬᠡᠬᠦ︾ ᠪᠤᠯᠭᠠᠵᠤ᠂ ᠨᠥᠬᠦᠴᠡᠯ ᠳᠤ ᠨᠡᠶᠢᠴᠡᠭᠰᠡᠨ ᠠᠵᠢᠯ ᠠᠯᠳᠠᠭᠰᠠᠳ ᠤᠨ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢ | ᠴᠠᠭ ᠲᠤᠬᠠᠢ ᠳᠤᠨᠢ ᠲᠤᠭ᠎ᠠ ᠶᠣᠰᠣᠭᠠᠷ ᠠᠪᠴᠤ ᠴᠢᠳᠠᠬᠤ ᠶᠢ ᠦᠨᠡᠨ ᠬᠦ ᠪᠠᠲᠤᠯᠠᠵᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠨᠡᠨ ᠬᠦ | ᠪᠣᠳᠠᠲᠠᠢ ᠳᠤ ᠨᠠᠶᠢᠳᠠᠪᠤᠷᠢᠵᠢᠭᠤᠯᠵᠤ᠂ ᠨᠡᠩ ᠰᠢᠯᠢᠳᠡᠭ ᠦᠢᠯᠡᠴᠢᠯᠡᠭᠡ᠂ ᠨᠡᠩ ᠬᠥᠮᠦᠯᠢᠭ ᠠᠷᠭ᠎ᠠ ᠬᠡᠮᠵᠢᠶ᠎ᠡ ᠪᠠᠷ ᠣᠯᠠᠨ ᠲᠦᠮᠡᠨ ᠤ ᠰᠠᠨᠠᠭᠠᠨ ᠳᠤ ᠨᠡᠶᠢᠴᠡᠭᠰᠡᠨ ᠰᠢᠨ᠎ᠡ | ᠮᠠᠶ᠋ᠢᠭ ᠤᠨ ᠦᠢᠯᠡᠴᠢᠯᠡᠭᠡᠨ ᠤ ᠴᠣᠩᠬᠤᠪᠴᠢ ᠶᠢ ᠪᠦᠷᠢᠯᠳᠦᠭᠦᠯᠬᠦ ᠪᠠᠷ ᠴᠢᠷᠮᠠᠶᠢᠵᠤ ᠪᠠᠶᠢᠨ᠎ᠠ᠃ | ︵ᠾᠧ ᠳ᠋ᠠᠢ ᠴᠢᠶᠦ᠋ᠡᠭ︶ | |