ᠴᠢ᠊ · ᠳᠠᠯᠠᠨᠲᠠᠢ ᠨᠡᠭᠡᠭᠡᠯᠲᠡ ᠶᠢᠨ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/5/13
      5 ᠳ᠋ᠤᠭᠠᠷ ᠰᠠᠷ᠎ᠠ ᠶᠢᠨ 8 ᠳᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠨᠡᠭᠡᠭᠡᠯᠲᠡ ᠶᠢᠨ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠪᠣᠯᠤᠨ ᠨᠡᠭᠡᠭᠡᠯᠲᠡ ᠶᠢᠨ ᠲᠣᠭᠤᠷᠢᠭ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠣᠷᠣᠯᠴᠠᠵᠠᠶ᠃      ᠴᠢ᠊ · ᠳᠠᠯᠠᠨᠲᠠᠢ ᠨᠠᠷ ᠤᠷᠢᠳ ᠬᠤᠵᠢᠳ ᠸᠠᠨ ᠾᠧ  ᠱᠢ ᠳ᠋ᠠᠢ ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ᠂ ᠴᠠᠩ ᠲᠦᠩ ᠰᠢᠨ᠎ᠡ ᠡᠨᠧᠷᠭᠢ ᠶᠢᠨ ᠳᠠᠬᠢᠨ ᠠᠰᠢᠭᠯᠠᠬᠤ ᠲᠥᠷᠥᠯ ᠵᠦᠢᠯ᠂ ᠵᠢᠶᠠ ᠾᠧ ᠰᠢ ᠶᠤᠸᠠᠢ ᠹᠦ᠋ ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ᠂ ᠪᠦᠦ ᠳ᠋ᠦᠸᠧ ᠳ᠋ᠦᠸᠧ ᠪᠠᠳᠮᠠᠷᠠᠭ᠎ᠠ ᠪᠢᠳᠣᠷᠶ᠎ᠠ ᠶᠢᠨ ᠲᠥᠷᠥᠯ ᠵᠦᠢᠯ᠂ ᠤᠨᠴᠠᠯᠢᠬᠳᠤ ᠢᠳᠡᠭᠡᠨ ᠤ ᠠᠵᠤ ᠦᠢᠯᠡᠰ ᠤᠨ ᠬᠦᠷᠢᠶᠡᠯᠡᠩ᠂ ᠠᠵᠤ ᠦᠶ᠋ᠯᠡᠳᠪᠦᠷᠢ ᠲᠥᠪᠯᠡᠷᠡᠭᠰᠡᠨ ᠲᠣᠭᠤᠷᠢᠭ᠂ ᠲᠦᠩᠯᠢᠶᠣᠤ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ︵B ᠬᠡᠯᠪᠡᠷᠢ︶ ᠵᠡᠷᠭᠡ ᠲᠤᠬᠠᠶ ᠶᠢᠨ ᠲᠠᠯᠠᠪᠠᠶ ᠳᠤ ᠬᠦᠷᠴᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠵᠡᠷᠭᠡ ᠪᠠᠶᠢᠳᠠᠯ ᠢ ᠭᠦᠨᠵᠡᠭᠡᠶ ᠨᠠᠷᠢᠨ ᠣᠶᠢᠯᠠᠭᠠᠪᠠ᠃ ᠲᠡᠷᠡ᠂ ᠤᠯᠤᠰ ᠤᠨ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ ᠬᠡᠰᠡᠭ ᠣᠷᠣᠨ ᠢ ᠨᠡᠭᠡᠭᠡᠨ ᠬᠥᠭᠵᠢᠭᠦᠯᠬᠦ ᠶᠢ ᠲᠦᠷᠭᠡᠳᠬᠡᠨ ᠠᠬᠢᠭᠤᠯᠵᠤ᠂ ᠭᠠᠵᠠᠷ ᠣᠷᠣᠨ ᠤ ᠪᠣᠳᠠᠲᠠᠢ ᠲᠠᠢ ᠨᠢᠭᠲᠠ ᠤᠶᠠᠯᠳᠤᠭᠤᠯᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠰᠠᠶᠢᠲᠤᠷ ᠬᠢᠵᠦ᠂ ᠭᠡᠷ ᠪᠠᠶᠢᠰᠢᠩ ᠭᠠᠵᠠᠷ ᠬᠦᠷᠦᠩᠭᠡ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠷᠠᠳ ᠤᠯᠠᠨ ᠤ ᠰᠡᠳᠬᠢᠯ ᠬᠠᠨᠤᠮᠵᠢᠲᠠᠢ ︽ᠰᠠᠶᠢᠨ ᠭᠡᠷ︾ ᠢ ᠴᠣᠭᠴᠠᠯᠠᠬᠤ ᠬᠡᠷᠡᠭᠲᠡᠢ᠃ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠦᠷᠢᠶᠡᠯᠡᠩ ᠲᠣᠭᠤᠷᠢᠭ ᠤᠨ ᠪᠦᠬᠦᠯᠢ ᠴᠣᠭᠴᠠ ᠶᠢᠨ ᠴᠢᠳᠠᠮᠵᠢ ᠪᠣᠯᠤᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠲᠣᠳᠣᠷᠬᠠᠶᠢᠯᠠᠵᠤ᠂ ᠭᠠᠵᠠᠷ ᠰᠢᠷᠣᠢ ᠶᠢᠨ ᠡᠬᠢ ᠪᠠᠶᠠᠯᠢᠭ ᠪᠣᠯᠤᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠡᠷᠴᠢᠮᠵᠢᠭᠦᠯᠦᠨ ᠠᠰᠢᠭᠯᠠᠵᠤ᠂ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠦᠷᠭᠦᠯᠵᠢᠯᠡᠬᠦᠶᠢᠴᠡ ᠬᠥᠭᠵᠢᠯᠲᠡ ᠶᠢ ᠠᠬᠢᠭᠤᠯᠬᠤ ᠬᠡᠷᠡᠭᠲᠡᠢ᠃ ᠭᠤᠣᠯᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠲᠦᠷᠦᠯ ᠵᠦᠢᠯ ᠢ ᠲᠥᠯᠥᠪᠵᠢᠭᠦᠯᠵᠦ᠂ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠬᠡᠯᠬᠢᠶ᠎ᠡ ᠶᠢ ᠲᠥᠪᠯᠡᠷᠡᠭᠦᠯᠦᠨ ᠪᠥᠭᠡᠮᠨᠡᠷᠡᠭᠦᠯᠵᠦ᠂ ᠪᠥᠭᠡᠮᠨᠡᠷᠡᠯ ᠤᠨ ᠬᠠᠨᠳᠤᠰᠢ ᠶᠢ ᠪᠦᠷᠢᠯᠳᠦᠭᠦᠯᠵᠦ᠂ ᠥᠨᠳᠥᠷ ᠴᠢᠳᠠᠪᠤᠷᠢ ᠶᠢᠨ ᠲᠡᠰ ᠤᠨ ᠠᠵᠤ ᠦᠢᠯᠡᠰ ᠤᠨ ᠠᠮᠢ ᠠᠬᠤᠢ ᠶᠢ ᠲᠠᠰᠤᠷᠠᠯᠲᠠ ᠦᠭᠡᠢ ᠪᠤᠢ ᠪᠣᠯᠭᠠᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠬᠦᠴᠦᠯᠡᠨ ᠪᠤᠶᠢᠵᠢᠭᠤᠯᠬᠤ ᠬᠡᠷᠡᠭᠲᠡᠢ᠃ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠠᠪᠴᠠᠩ ‍ᠤᠨ‌ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠳᠠᠭᠠᠳᠤ ᠠᠷᠠᠯᠵᠢᠶᠠᠨ ᠤ ᠲᠤᠬᠠᠶᠢᠯᠠᠭᠰᠠᠨ ᠠᠵᠢᠯ ᠢ ᠢᠳᠡᠪᠬᠢᠲᠡᠶ ᠥᠷᠭᠡᠳᠬᠡᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠬᠥᠳᠡᠯᠭᠡᠬᠦ ᠬᠦᠴᠦᠨ ᠢ ᠦᠨᠡᠨ ᠬᠦ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ