ᠤᠷᠢᠨ ᠬᠠᠪᠤᠷ ᠢ ᠠᠮᠵᠢᠨ ᠤᠷᠤᠭᠰᠢᠯᠠᠨ ᠴᠢᠷᠮᠠᠶᠢᠨ᠎ᠠ᠃ ᠺᠠᠶᠢᠯᠤ ᠰᠢᠶᠠᠨ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢ ᠣᠷᠣᠨ ᠨᠤᠲᠤᠭ ᠤᠨ ᠢᠶᠠᠨ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠤᠯᠭᠠᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠠᠵᠤ | ᠠᠬᠤᠶᠢᠯᠠᠯ ᠤᠨ ᠬᠦᠴᠢᠷᠳᠡᠯ ᠢ ᠬᠠᠪᠰᠤᠷᠤᠨ ᠰᠢᠢᠳᠪᠦᠷᠢᠯᠡᠵᠦ᠂ ᠴᠢᠨᠠᠷ ᠰᠠᠶᠢᠲᠠᠢ ᠬᠥᠭᠵᠢᠯᠲᠡ ᠳᠤ ᠴᠢᠳᠠᠪᠬᠢ ᠣᠯᠭᠤᠪᠠ᠃ | ᠮᠥᠩᠭᠦᠨ ᠭᠦᠢᠯᠭᠡᠭᠡ ᠪᠣᠯ ᠠᠵᠤ ᠠᠬᠤᠶᠢᠯᠠᠯ ᠤᠨ ᠠᠮᠢᠨ ᠰᠤᠳᠠᠰᠤ ᠮᠥᠨ᠂ ᠠᠵᠤ ᠠᠬᠤᠶᠢᠯᠠᠯ ᠤᠨ ᠬᠥᠭᠵᠢᠯᠲᠡ ᠨᠢ ᠮᠥᠩᠭᠦᠨ ᠭᠦᠢᠯᠭᠡᠭᠡᠨ ᠤ ᠪᠦᠭᠦ | ᠲᠠᠯ᠎ᠠ ᠶᠢᠨ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ᠃ ᠥᠪᠥᠷ ᠮᠣᠩᠭᠤᠯ ᠤᠨ ᠴᠠᠩ ᠾᠦᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠪᠣᠯ ᠨᠢᠭᠡᠨ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ | ᠲᠤᠰᠬᠠᠶᠢᠵᠢᠭᠰᠠᠨ ᠠᠵᠤ ᠠᠬᠤᠶᠢᠯᠠᠯ ᠪᠠᠶᠢᠵᠤ᠂ ᠬᠥᠭᠵᠢᠯᠲᠡ ᠶᠢᠨ ᠬᠠᠨᠳᠤᠰᠢ ᠨᠢ ᠮᠠᠰᠢ ᠰᠠᠶᠢᠨ ᠪᠠᠶᠢᠨ᠎ᠠ᠃ 2024 ᠣᠨ ᠳᠤ᠂ ᠲᠤᠰ ᠠᠵᠤ ᠠᠬᠤᠶᠢᠯᠠᠯ ᠤᠨ ᠪᠠᠴᠢᠮ | ᠬᠡᠷᠡᠭᠰᠡᠬᠦ ᠦᠢᠯᠡᠳᠬᠦᠨ ᠢ ᠰᠤᠳᠤᠯᠤᠨ ᠨᠡᠭᠡᠭᠡᠬᠦ ᠪᠠ ᠦᠢᠯᠡᠳᠪᠦᠷᠢᠯᠡᠯ ᠤᠨ ᠬᠡᠪᠴᠢᠶ᠎ᠡ ᠶᠢ ᠥᠷᠭᠡᠳᠬᠡᠬᠦ ᠪᠠᠶᠢᠳᠠᠯ ᠳᠣᠣᠷ᠎ᠠ᠂ ᠲᠤᠮᠲᠠᠲᠤ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠪᠠᠩᠬᠢ ᠶᠢᠨ ᠺᠠᠶᠢᠯᠤ ᠰᠢᠶᠠᠨ ᠳᠠᠬᠢ ᠬᠤᠪᠢᠶᠠᠷᠢ ᠪᠠᠩᠬᠢ ᠶᠢᠨ ᠨᠢᠭᠡ ᠪᠦᠯᠦᠭ ᠵᠢᠭᠡᠯᠡᠯᠭᠡ ᠨᠢ ᠲᠡᠳᠡᠨ ᠳᠤ ︽ᠴᠠᠭ ᠤᠨ ᠬᠤᠷ᠎ᠠ︾ ᠪᠣᠯᠵᠤ᠂ ᠠᠵᠤ | ᠠᠬᠤᠶᠢᠯᠠᠯ ᠤᠨ ᠢᠷᠡᠭᠡᠳᠦᠢ ᠶᠢᠨ ᠡᠵᠡᠩᠨᠡᠯᠲᠡ ᠶᠢᠨ ᠲᠥᠯᠦᠪᠵᠢᠭᠦᠯᠭᠡ ᠳᠤ ᠪᠠᠲᠤ ᠰᠠᠭᠤᠷᠢ ᠶᠢ ᠲᠠᠯᠪᠢᠵᠤ ᠥᠭᠴᠡᠢ᠃ ᠵᠢᠯ ᠤᠨ ᠡᠬᠢ ᠪᠠᠷ᠂ ᠲᠣᠰ ᠪᠠᠩᠬᠢ ᠨᠢ ᠠᠵᠤ | ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠭᠰᠡᠨ ᠲᠡᠷᠡ ᠳᠠᠷᠤᠢ ᠳᠤᠨᠢ ᠲᠤᠰᠬᠠᠢ ᠮᠡᠷᠭᠡᠵᠢᠯ ᠤᠨ ᠪᠦᠯᠭᠦᠮ ᠢ ᠵᠣᠬᠢᠶᠠᠨ ᠪᠠᠶᠢᠭᠤᠯᠤᠨ | ᠲᠤᠬᠠᠢ ᠶᠢᠨ ᠭᠠᠵᠠᠷ ᠲᠤᠨᠢ ᠰᠤᠷᠪᠤᠯᠵᠢᠯᠠᠵᠤ᠂ ᠵᠢᠭᠡᠯᠡᠯᠭᠡ ᠶᠢᠨ ᠬᠡᠷᠡᠭᠯᠡᠯᠲᠡ ᠶᠢᠨ ᠪᠠᠶᠢᠳᠠᠯ ᠪᠠ ᠪᠡᠯᠡ ᠮᠥᠩᠭᠦᠨ ᠤ ᠬᠡᠷᠡᠭᠴᠡᠭᠡ ᠶᠢ ᠣᠶᠢᠯᠠᠭᠠᠪᠠ᠃ | ︽ᠺᠤᠮᠫᠠᠨᠢ ᠶᠢᠨ ᠦᠢᠯᠡᠳᠬᠦᠨ ᠢ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠵᠦ᠂ ᠦᠢᠯᠡᠳᠪᠦᠷᠢᠯᠡᠯ ᠤᠨ ᠬᠡᠪᠴᠢᠶ᠎ᠡ ᠪᠠᠨ ᠥᠷᠭᠡᠳᠬᠡᠬᠦ ᠴᠢᠬᠤᠯᠠ | ᠵᠠᠩᠭᠢᠯᠠᠭ᠎ᠠ ᠶᠢᠨ ᠦᠶ᠎ᠡ ᠳᠤ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠬᠢᠨ ᠮᠠᠨ ᠳᠤ 2500 ᠲᠦᠮᠡᠨ ᠲᠥᠭᠦᠷᠢᠭ ᠤᠨ ᠢᠲᠡᠭᠡᠮᠵᠢᠲᠦ ᠵᠢᠭᠡᠯᠡᠯᠭᠡ ᠶᠢᠨ | ᠳᠡᠮᠵᠢᠯᠭᠡ ᠦᠵᠡᠭᠦᠯᠵᠡᠢ᠂ ᠡᠨᠡ ᠬᠦ ᠳᠡᠮᠵᠢᠯᠭᠡ ᠨᠢ ᠴᠠᠩ ᠾᠦᠢ ᠠᠮᠢᠳᠤ ᠪᠣᠳᠠᠰ ᠲᠤ ᠠᠪᠴᠤ ᠬᠡᠯᠡᠪᠡᠯ ᠪᠡᠯᠡ ᠮᠥᠩᠭᠦᠨ ᠤ ᠲᠠᠯ᠎ᠠ ᠪᠠᠷ ᠬᠢ ᠲᠤᠰᠠᠯᠠᠮᠵᠢ ᠲᠡᠳᠦᠢ | ᠪᠢᠰᠢ᠂ ᠨᠡᠩ ᠴᠤ ᠠᠵᠤ ᠠᠬᠤᠶᠢᠯᠠᠯ ᠤᠨ ᠬᠥᠭᠵᠢᠯᠲᠡ ᠶᠢᠨ ᠢᠷᠡᠭᠡᠳᠦᠢ ᠶᠢᠨ ᠲᠤᠬᠠᠢ ᠵᠥᠪᠰᠢᠶᠡᠷᠡᠯ ᠪᠠ ᠢᠲᠡᠭᠡᠯ ᠮᠥᠨ︾ ᠭᠡᠵᠦ ᠥᠪᠥᠷ ᠮᠣᠩᠭᠤᠯ ᠤᠨ ᠴᠠᠩ | ᠾᠦᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠶᠢᠨ ᠰᠤᠳᠤᠯᠤᠨ ᠨᠡᠭᠡᠭᠡᠬᠦ ᠪᠠ ᠶᠠᠰᠤ | ᠴᠢᠨᠠᠷ ᠤᠨ ᠶᠡᠷᠦᠩᠬᠡᠢ ᠬᠢᠨᠠᠭᠴᠢ ᠵᠤᠤ ᠶᠦᠩ ᠴᠢᠶᠠᠩ ᠰᠡᠳᠬᠢᠯ ᠳᠣᠭᠳᠣᠯᠤᠨ ᠶᠠᠷᠢᠵᠤ ᠪᠠᠶᠢᠯ᠎ᠠ᠃ | ᠴᠠᠩ ᠾᠦᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠶᠢᠨ ᠬᠡᠷᠡᠭᠯᠡᠵᠦ ᠪᠠᠶᠢᠭ᠎ᠠ | ᠡᠨᠡ ᠬᠦ ᠵᠢᠭᠡᠯᠡᠯᠭᠡ ᠪᠣᠯ ᠲᠤᠮᠲᠠᠲᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠺᠠᠶᠢᠯᠤ ᠰᠢᠶᠠᠨ ᠳᠠᠬᠢ ᠬᠤᠪᠢᠶᠠᠷᠢ ᠪᠠᠩᠬᠢ ᠶᠢᠨ 2024 ᠣᠨ ᠳᠤ | ᠭᠠᠷᠭᠠᠭᠰᠠᠨ ᠨᠢᠭᠡ ᠵᠦᠢᠯ ᠤᠨ ᠮᠥᠩᠭᠦᠨ ᠭᠦᠢᠯᠭᠡᠭᠡᠨ ᠤ ᠦᠢᠯᠡᠳᠬᠦᠨ ᠊᠊᠊᠊᠊᠊᠊ ︽ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠦᠭᠦᠮ ᠵᠢᠭᠡᠯᠡᠯᠭᠡ︾ ᠪᠣᠯᠣᠨ᠎ᠠ᠃ | ︽ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠦᠭᠦᠮ ᠵᠢᠭᠡᠯᠡᠯᠭᠡ︾ ᠨᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠵᠤ ᠠᠬᠤᠶᠢᠯᠠᠯ ᠤᠨ ᠰᠢᠨ᠎ᠡ ᠶᠢ | ᠡᠭᠦᠳᠬᠦ ᠴᠢᠳᠠᠪᠤᠷᠢ ᠪᠠᠷ ᠴᠢᠩᠭ᠎ᠠ᠂ ᠰᠤᠳᠤᠯᠤᠨ ᠨᠡᠭᠡᠭᠡᠬᠦ ᠣᠷᠣᠭᠤᠯᠤᠯᠲᠠ ᠪᠠᠷ ᠶᠡᠭᠡ᠂ ᠪᠡᠯᠡ ᠲᠣᠬᠢᠷᠠᠭᠤᠯᠭ᠎ᠠ ᠶᠢᠨ ᠬᠦᠴᠦᠨ ᠲᠠᠢ ᠬᠤᠭᠤᠴᠠᠭ᠎ᠠ ᠶᠢᠨ ᠱᠠᠭᠠᠷᠳᠠᠯᠭ᠎ᠠ | ᠥᠨᠳᠥᠷ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠪᠠᠶᠠᠯᠢᠭ ᠵᠡᠷᠭᠡ ᠣᠨᠴᠠᠯᠢᠭ ᠲᠠᠢ ᠤᠶᠠᠯᠳᠤᠭᠤᠯᠤᠨ᠂ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠭᠡᠯᠪᠡᠷᠢ ᠶᠢᠨ ᠠᠵᠤ ᠠᠬᠤᠶᠢᠯᠠᠯ ᠳᠤ ᠴᠢᠭᠯᠡᠭᠦᠯᠦᠨ ᠭᠠᠷᠭᠠᠭᠰᠠᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ ᠶᠢ | ᠬᠠᠷᠢᠯᠴᠠᠨ ᠤᠶᠠᠯᠳᠤᠭᠤᠯᠤᠭᠰᠠᠨ ᠲᠦᠷᠭᠡᠨ ᠪᠡᠯᠡ ᠲᠣᠬᠢᠷᠠᠭᠤᠯᠭ᠎ᠠ ᠶᠢᠨ ᠦᠢᠯᠡᠳᠬᠦᠨ ᠪᠣᠯᠣᠨ᠎ᠠ᠃ ᠲᠤᠮᠲᠠᠲᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ | ᠶᠢᠨ ᠺᠠᠶᠢᠯᠤ ᠰᠢᠶᠠᠨ ᠳᠠᠬᠢ ᠬᠤᠪᠢᠶᠠᠷᠢ ᠪᠠᠩᠬᠢ ᠶᠢᠨ ᠳᠠᠷᠤᠭ᠎ᠠ ᠰᠢᠶᠧ ᠶᠦᠨ ᠹᠧᠩ ᠬᠡᠯᠡᠭᠰᠡᠨ ᠨᠢ᠄ ︽ᠡᠨᠡ ᠬᠦ ᠭᠡᠯᠪᠡᠷᠢ ᠶᠢᠨ ᠮᠥᠩᠭᠦᠨ ᠭᠦᠢᠯᠭᠡᠭᠡᠨ ᠤ | ᠦᠢᠯᠡᠳᠬᠦᠨ ᠨᠢ ᠭᠤᠣᠯᠳᠠᠭᠤ ᠲᠣᠮᠣ ᠳᠤᠮᠳᠠ ᠭᠡᠯᠪᠡᠷᠢ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠵᠤ ᠠᠬᠤᠶᠢᠯᠠᠯ ᠳᠤ ᠡᠵᠡᠩᠨᠡᠯᠲᠡ ᠶᠢᠨ ᠡᠷᠭᠢᠯᠲᠡ ᠶᠢᠨ | ᠲᠥᠷᠥᠯ ᠤᠨ ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡ ᠬᠠᠩᠭᠠᠨ᠎ᠠ᠂ ᠴᠠᠩ ᠾᠦᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠤᠪᠢ | ᠣᠷᠣᠭᠤᠯᠤᠭᠰᠠᠨ ᠬᠢᠵᠠᠭᠠᠷᠲᠤ ᠺᠤᠮᠫᠠᠨᠢ ᠪᠣᠯ ᠲᠡᠭᠦᠨ ᠤ ᠮᠡᠷᠭᠡᠵᠢᠯ᠂ ᠬᠢᠷᠢ ᠭᠡᠮ ᠪᠣᠯᠣᠨ ᠰᠠᠶᠢᠨ ᠢᠲᠡᠭᠡᠮᠵᠢ ᠶᠢᠨ ᠪᠠᠶᠢᠳᠠᠯ ᠳᠠᠭᠠᠨ ᠲᠦᠰᠢᠭᠯᠡᠨ ᠡᠨᠡ ᠬᠦ ᠲᠥᠷᠥᠯ ᠤᠨ | ᠵᠢᠭᠡᠯᠡᠯᠭᠡ ᠶᠢᠨ ᠳᠡᠮᠵᠢᠯᠭᠡ ᠶᠢ ᠣᠯᠣᠭᠰᠠᠨ ᠶᠤᠮ᠃ ᠲᠠᠷᠠᠭᠠᠴᠢ ᠶᠢᠨ ᠠᠯᠬᠤᠮ ᠳᠤ᠂ ᠪᠢᠳᠡ ᠮᠥᠩᠭᠦᠨ ᠭᠦᠢᠯᠭᠡᠭᠡ ᠪᠠᠷ ᠠᠵᠤ ᠠᠬᠤᠶᠢᠯᠠᠯ ᠢ ᠲᠤᠰᠠᠯᠠᠬᠤ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠺᠠᠶᠢᠯᠤ ᠰᠢᠶᠠᠨ ᠤ ᠠᠵᠤ ᠠᠬᠤᠶᠢᠯᠠᠯ ᠤᠨ ᠬᠥᠭᠵᠢᠯᠲᠡ ᠳᠤ ᠨᠠᠩ ᠬᠦᠴᠦᠲᠡᠢ ᠮᠥᠩᠭᠦᠨ ᠭᠦᠢᠯᠭᠡᠭᠡᠨ ᠤ | ᠪᠠᠲᠤᠯᠠᠭ᠎ᠠ ᠬᠠᠩᠭᠠᠵᠤ᠂ ᠠᠵᠤ ᠠᠬᠤᠶᠢᠯᠠᠯ ᠲᠠᠢ ᠬᠠᠮᠲᠤ ᠪᠠᠷ ᠬᠥᠭᠵᠢᠨ᠎ᠡ︾ ᠭᠡᠵᠡᠢ᠃ | ᠣᠶᠢᠷ᠎ᠠ ᠶᠢᠨ ᠵᠢᠯ ᠤᠨ ᠲᠤᠷᠰᠢ᠂ ᠺᠠᠶᠢᠯᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠵᠤ ᠠᠬᠤᠶᠢᠯᠠᠯ ᠪᠠ ᠣᠯᠠᠨ | ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠶᠢ ᠴᠢᠩᠭ᠎ᠠ ᠠᠳᠬᠤᠵᠤ᠂ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠬᠡᠬᠦ︾ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠦᠭᠦ ᠬᠦᠴᠦᠨ ᠢᠶᠠᠷ ᠢᠶᠠᠨ ᠠᠬᠢᠭᠤᠯᠵᠤ᠂ ᠠᠵᠤ ᠠᠬᠤᠶᠢᠯᠠᠯ ᠤᠨ ︽ᠪᠦᠭᠦ ᠡᠷᠭᠢᠯᠲᠡ ᠶᠢᠨ ᠬᠤᠭᠤᠴᠠᠭ᠎ᠠ︾ ᠶᠢᠨ | ᠬᠤᠷᠠᠮᠠᠯ ᠦᠢᠯᠡᠴᠢᠯᠡᠭᠡᠨ ᠤ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠦᠢᠯᠡᠴᠢᠯᠡᠭᠡᠨ ᠤ ᠠᠯᠬᠤᠮ ᠳᠠᠷᠠᠭᠠᠯᠠᠯ ᠢ ᠲᠠᠰᠤᠷᠠᠯᠲᠠ ᠦᠭᠡᠢ ᠰᠢᠯᠢᠳᠡᠭᠵᠢᠭᠦᠯᠦᠨ᠂ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ︽ᠰᠦᠯᠵᠢᠶᠡᠨ ᠳᠡᠭᠡᠷ᠎ᠡ ᠠᠯᠤᠰ ᠠᠴᠠ ᠬᠠᠪᠰᠤᠷᠤᠨ ᠭᠦᠢᠴᠡᠳᠬᠡᠬᠦ + ᠰᠦᠯᠵᠢᠶᠡᠨ ᠭᠠᠳᠠᠭᠤᠷ ᠦᠢᠯᠡᠴᠢᠯᠡᠨ | ᠬᠠᠪᠰᠤᠷᠤᠨ ᠭᠦᠢᠴᠡᠳᠬᠡᠬᠦ︾ ᠦᠢᠯᠡᠴᠢᠯᠡᠭᠡᠨ ᠤ ᠰᠢᠨ᠎ᠡ ᠵᠠᠭᠪᠤᠷ ᠢ ᠪᠤᠶ ᠪᠤᠯᠭᠠᠵᠤ᠂ ᠠᠵᠤ ᠠᠬᠤᠶᠢᠯᠠᠯ ᠳᠤ ᠪᠦᠭᠦ ᠶᠠᠪᠤᠴᠠ ᠶᠢᠨ᠂ ︽ᠨᠢᠭᠡ ᠥᠷᠲᠡᠭᠡ ᠮᠠᠶ᠋ᠢᠭ︾ ᠤᠨ | ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠪᠠ᠃ 2024 ᠣᠨ ᠠᠴᠠ ᠨᠠᠭᠠᠰᠢ᠂ ᠡᠯ᠎ᠡ ᠲᠥᠷᠥᠯ ᠤᠨ ᠠᠵᠤ ᠠᠬᠤᠶᠢᠯᠠᠯ ᠳᠤ ᠨᠡᠶᠢᠲᠡ | 200 ᠭᠠᠷᠤᠢ ᠵᠦᠢᠯ ᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ᠂ 65 ᠵᠦᠢᠯ ᠤᠨ ᠦᠢᠯᠡᠴᠢᠯᠡᠭᠡᠨ ᠤ ᠵᠦᠢᠯᠡᠰ ᠲᠤ | ᠬᠤᠯᠪᠣᠭᠳᠠᠭᠰᠠᠨ ᠪᠠᠶᠢᠨ᠎ᠠ᠃ | ︽ᠪᠢᠳᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ | ᠤᠳᠤᠷᠢᠳᠤᠮᠵᠢ ᠪᠤᠯᠭᠠᠵᠤ᠂ ᠠᠵᠤ ᠠᠬᠤᠶᠢᠯᠠᠯ ᠢ ᠬᠤᠪᠢᠷᠠᠭᠤᠯᠬᠤ᠂ ᠨᠡᠭᠦᠯᠭᠡᠬᠦ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠡᠭᠡᠨ᠂ ᠲᠤᠬᠠᠶᠢᠯᠠᠭᠰᠠᠨ ᠠᠵᠢᠯ ᠤᠨ | ᠪᠦᠲᠦᠴᠡ ᠶᠢ ᠳᠠᠭᠢᠨ ᠪᠠᠶᠢᠭᠤᠯᠬᠤ ᠪᠠ ᠶᠠᠪᠤᠴᠠ ᠶᠢ ᠳᠠᠭᠢᠨ ᠰᠢᠯᠢᠳᠡᠭᠵᠢᠭᠦᠯᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ | ︿ᠣᠯᠠᠨ ᠭᠠᠵᠠᠷ᠂ ᠣᠯᠠᠨ ᠴᠣᠩᠬᠤᠪᠴᠢ᠂ ᠣᠯᠠᠨ ᠤᠳᠠᠭ᠎ᠠ ᠭᠤᠶᠤᠴᠢᠯᠠᠬᠤ﹀ ᠠᠴᠠ ︿ᠨᠢᠭᠡ ᠭᠠᠵᠠᠷ᠂ ᠨᠢᠭᠡ ᠴᠣᠩᠬᠤᠪᠴᠢ᠂ ᠨᠢᠭᠡ ᠯᠡ ᠤᠳᠠᠭ᠎ᠠ ᠳᠤ ᠭᠦᠢᠴᠡᠳᠬᠡᠬᠦ﹀ | ᠲᠡᠶᠢᠰᠢ ᠬᠤᠪᠢᠷᠠᠭᠤᠯᠬᠤ ᠶᠢ ᠠᠬᠢᠭᠤᠯᠪᠠ︾ ᠭᠡᠵᠦ ᠺᠠᠶᠢᠯᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨᠠᠨ ᠵᠥᠪᠰᠢᠶᠡᠷᠡᠬᠦ | ᠲᠠᠰᠤᠭ ᠤᠨ ᠳᠠᠷᠤᠭ᠎ᠠ ᠢᠦᠢ ᠮᠢᠶᠣᠣ ᠲᠠᠨᠢᠯᠴᠠᠭᠤᠯᠤᠨ ᠶᠠᠷᠢᠵᠤ ᠪᠠᠶᠢᠯ᠎ᠠ᠃ | ᠺᠠᠶᠢᠯᠤ ᠰᠢᠶᠠᠨ ᠠᠵᠤ ᠠᠬᠤᠶᠢᠯᠠᠯ ᠢ ᠬᠠᠪᠰᠤᠷᠤᠨ ᠠᠵᠢᠯ ᠶᠠᠪᠤᠳᠠᠯ ᠭᠦᠢᠴᠡᠳᠬᠡᠬᠦ ᠳᠤ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠠᠵᠤ ᠠᠬᠤᠶᠢᠯᠠᠯ ᠳᠤ | ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠲᠣᠭᠲᠠᠨᠢᠵᠤ ᠲᠡᠶᠢᠯᠭᠦ ᠮᠥᠷᠲᠡᠭᠡᠨ ᠲᠦᠷᠭᠡᠨ ᠬᠥᠭᠵᠢᠬᠦ ᠲᠠᠯᠲᠠ ᠬᠦᠴᠦᠨ ᠢ ᠭᠦᠢᠴᠡᠳ | ᠪᠠᠳᠠᠷᠠᠭᠤᠯᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠦᠭᠦ ᠬᠦᠴᠦᠨ ᠢᠶᠠᠷ ᠢᠶᠠᠨ | ᠠᠬᠢᠭᠤᠯᠵᠤ᠂ ᠪᠦᠭᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ | ︵ᠭᠦᠸᠧ ᠳ᠋ᠡ ᠯᠧᠢ ᠶᠠᠩ ᠵᠢᠩ ᠰᠢᠨ ᠯᠢᠦ ᠶᠤᠸᠠᠨ ᠹᠧᠩ ᠭᠤᠤ ᠮᠦᠸᠧ ᠬᠠᠨ︶ |