ᠬᠤᠷᠴᠢᠨ ᠲᠣᠭᠤᠷᠢᠭ ᠦᠨᠳᠦᠰᠦᠲᠡᠨ ᠤ ᠠᠵᠢᠯ ᠳᠤ ᠨᠠᠰᠤᠲᠠᠶᠢᠴᠤᠳ ᠤᠨ ᠬᠦᠴᠦᠨ ᠴᠢᠳᠠᠯ ᠢ ᠨᠢᠭᠲᠠᠷᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/5/13
           ᠰᠤᠷᠪᠤᠯᠵᠢᠯᠠᠬᠴᠢ ᠸᠠᠩ ᠶᠢᠩ ᠷᠦᠨ ᠴᠢᠮᠡᠭᠡᠯᠡᠭᠴᠢ ᠯᠢᠦ ᠨᠠ ᠨᠠ      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠲᠦᠯᠬᠢᠨ ᠠᠬᠢᠭᠤᠯᠬᠤ ᠴᠠᠭ ᠦᠶ᠎ᠡ ᠶᠢᠨ ᠠᠬᠤᠢ ᠪᠠᠶᠢᠳᠠᠯ ᠳᠣᠣᠷ᠎ᠠ᠂ ᠬᠤᠷᠴᠢᠨ ᠲᠣᠭᠤᠷᠢᠭ ᠤᠨ ᠬᠢᠨ ᠠᠵᠢᠯ ᠠᠴᠠ ᠪᠠᠨ ᠳᠠᠷᠬᠠᠯᠠᠬᠳᠠᠵᠤ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠤᠨ ᠲᠤᠷᠰᠢᠯᠭ᠎ᠠ ᠪᠠᠷ ᠪᠠᠶᠠᠯᠢᠭ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠠᠰᠤᠲᠠᠶᠢᠴᠤᠳ ᠤᠨ ᠬᠤᠰᠢᠭᠤᠴᠢ ᠬᠦᠴᠦᠨ ᠢᠶᠠᠷ ᠭᠠᠷᠳᠠᠴᠠ ᠪᠣᠯᠭᠠᠨ᠂ ︽ᠰᠤᠷᠤᠯᠴᠠᠬᠤ᠂ ᠲᠠᠶᠢᠯᠪᠤᠷᠢᠯᠠᠬᠤ᠂ ᠬᠥᠳᠡᠯᠦᠯᠴᠡᠬᠦ︾ ᠭᠤᠷᠪᠠᠨ ᠬᠡᠮᠵᠢᠯᠲᠦ ᠤᠬᠠᠭᠤᠯᠭ᠎ᠠ ᠬᠥᠮᠦᠵᠢᠯ ᠤᠨ ᠰᠢᠰᠲ᠋ᠧᠮ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠠᠬᠠᠮᠠᠳ ᠺᠠᠳ᠋ᠷᠴᠤᠳ ᠤᠨ ᠳᠤᠮᠳᠠ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠦᠭᠦ ᠬᠦᠴᠦᠨ ᠢᠶᠠᠷ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭᠡᠰ ᠢ ᠨᠠᠰᠤᠲᠠᠶᠢᠴᠤᠳ ᠤᠨ ᠳᠤᠮᠳᠠ ᠪᠠᠲᠠᠷᠠᠨ ᠳᠡᠯᠭᠡᠷᠡᠭᠦᠯᠪᠡ᠃      ᠬᠤᠷᠴᠢᠨ ᠲᠣᠭᠤᠷᠢᠭ ᠤᠨ ᠬᠢᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠬᠤ ᠶᠢ ᠢᠮᠠᠭᠲᠠ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠡᠯ᠎ᠡ ᠠᠵᠢᠯ ᠠᠴᠠ ᠪᠠᠨ ᠳᠠᠷᠬᠠᠯᠠᠬᠳᠠᠵᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠨᠠᠮ ᠤᠨ ᠡᠭᠦᠷ ᠤᠨ ︽ᠭᠤᠷᠪᠠᠨ ᠬᠤᠷᠠᠯ ᠨᠢᠭᠡ ᠬᠢᠴᠢᠶᠡᠯ︾ ᠪᠠ ᠭᠤᠣᠯ ᠰᠡᠳᠦᠪᠲᠦ ᠨᠠᠮ ᠤᠨ ᠡᠳᠦᠷᠯᠢᠭ ᠤᠨ ᠰᠤᠷᠤᠯᠴᠠᠬᠤ ᠠᠭᠤᠯᠭ᠎ᠠ ᠳᠤ ᠣᠷᠣᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠠᠮᠠᠳ ᠺᠠᠳ᠋ᠷᠴᠤᠳ ᠤᠨ ᠡᠳᠦᠷ ᠳᠤᠳᠤᠮ ᠤᠨ ᠪᠠᠶᠢᠴᠠᠭᠠᠨ ᠰᠤᠳᠤᠯᠤᠯᠲᠠ ᠵᠢᠴᠢ ᠶᠠᠷᠢᠯᠴᠠᠬᠤ ᠬᠤᠷᠠᠯ ᠤᠨ ᠠᠭᠤᠯᠭ᠎ᠠ ᠳᠤ ᠠᠭᠤᠰᠬᠠᠵᠤ᠂ ᠠᠬᠠᠮᠠᠳ ᠺᠠᠳ᠋ᠷᠴᠤᠳ ᠤᠨ ᠠᠵᠢᠯᠯᠠᠭᠠᠨ ᠤ ᠲᠥᠪ᠂ ᠨᠠᠰᠤᠲᠠᠶᠢᠴᠤᠳ ᠤᠨ ᠶᠡᠭᠡ ᠰᠤᠷᠭᠠᠭᠤᠯᠢ ᠵᠡᠷᠭᠡ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠪᠣᠯᠪᠠᠰᠤᠷᠠᠯ ᠪᠠ ᠰᠤᠷᠤᠯᠴᠠᠬᠤ ᠠᠭᠤᠯᠭ᠎ᠠ ᠳᠤ ᠠᠭᠤᠰᠬᠠᠵᠤ᠂ ᠠᠬᠠᠮᠠᠳ ᠺᠠᠳ᠋ᠷᠴᠤᠳ ᠰᠤᠷᠤᠯᠴᠠᠯᠭ᠎ᠠ ᠶᠢᠨ ᠳᠤᠮᠳᠠ ᠲᠠᠨᠢᠯᠲᠠ ᠪᠠᠨ ᠭᠦᠨᠵᠡᠭᠡᠶᠢᠷᠡᠭᠦᠯᠵᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ᠃      ︽ᠤᠯᠠᠭᠠᠨ ᠠᠨᠠᠷ︾ ᠨᠠᠰᠤᠲᠠᠶᠢᠴᠤᠳ ᠤᠨ ᠤᠬᠠᠭᠤᠯᠤᠨ ᠲᠠᠶᠢᠯᠪᠤᠷᠢᠯᠠᠬᠤ ᠪᠦᠯᠭᠦᠮ ᠢ ᠵᠣᠬᠢᠶᠠᠨ ᠪᠠᠶᠢᠭᠤᠯᠬᠤ ᠪᠠᠷ ᠳᠠᠮᠵᠢᠭᠤᠯᠵᠤ᠂ ︽ᠨᠠᠰᠤᠲᠠᠶᠢᠴᠤᠳ ᠤᠨ ᠴᠢᠳᠠᠮᠠᠭᠠᠢ ᠰᠤᠷᠬᠤᠢ︾ ᠦᠵᠡᠯ ᠰᠠᠨᠠᠭ᠎ᠠ ᠤᠯᠤᠰ ᠲᠦᠷᠦ ᠶᠢᠨ ᠶᠡᠭᠡ ᠬᠢᠴᠢᠶᠡᠯ ᠤᠨ ᠲᠠᠩᠬᠢᠮ ᠢ ᠨᠡᠭᠡᠭᠡᠵᠦ᠂ ︽ᠲᠠᠪᠤᠨ ᠲᠡᠦᠬᠡ ᠲᠠᠪᠤᠨ ᠦᠵᠡᠯᠲᠡ ᠲᠠᠪᠤᠨ ᠢᠵᠢᠯᠢᠰᠢᠯ︾ ᠤᠨ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠠᠬᠠᠮᠠᠳ ᠺᠠᠳ᠋ᠷᠴᠤᠳ ᠤᠨ ᠨᠣᠮ ᠤᠩᠰᠢᠬᠤ ᠠᠩᠭᠢ᠂ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠵᠢᠴᠢ ᠭᠤᠣᠯ ᠰᠡᠳᠦᠪᠲᠦ ᠤᠬᠠᠭᠤᠯᠭ᠎ᠠ ᠲᠠᠶᠢᠯᠤᠮᠵᠢ ᠶᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠵᠡᠷᠭᠡ ᠪᠠᠷ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠶᠤᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠪᠠ᠃ ᠡᠭᠦᠨ ᠤ ᠬᠠᠮᠲᠤ᠂ ︽ᠭᠤᠷᠪᠠᠨ ᠴᠢᠭᠯᠡᠯ︾᠂ ︽ᠲᠠᠪᠤ ᠶᠢ ᠬᠦᠷᠭᠡᠬᠦ︾᠂ ︽ᠵᠢᠷᠭᠤᠭ᠎ᠠ ᠶᠢ ᠡᠷᠭᠢᠮᠯᠡᠭᠦ︾ ᠠᠵᠢᠯᠯᠠᠭ᠎ᠠ ᠶᠢ ᠰᠢᠨ᠎ᠡ ᠶᠢ ᠡᠭᠦᠳᠦᠨ ᠥᠷᠨᠢᠭᠦᠯᠵᠦ᠂ ᠪᠦᠭᠦ ᠲᠠᠯ᠎ᠠ ᠪᠠᠷ᠂ ᠤᠯᠠᠨ ᠬᠠᠷᠠᠭᠠᠰᠤ ᠠᠴᠠ ᠴᠠᠭ ᠦᠶ᠎ᠡ ᠶᠢᠨ ᠭᠤᠣᠯ ᠭᠦᠭ ᠠᠶᠠᠰ ᠢ ᠴᠤᠤᠷᠢᠶᠠᠲᠤᠭᠤᠯᠵᠤ᠂ ᠥᠷᠭᠡᠨ ᠤᠯᠠᠨ ᠠᠬᠠᠮᠠᠳ ᠺᠠᠳ᠋ᠷᠴᠤᠳ ᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠳᠤ ᠢᠳᠡᠪᠬᠢᠲᠡᠢ ᠣᠷᠣᠯᠴᠠᠭᠤᠯᠪᠠ᠃      ᠠᠬᠠᠮᠠᠳ ᠺᠠᠳ᠋ᠷᠴᠤᠳ ᠤᠨ ᠠᠵᠢᠯᠯᠠᠭᠠᠨ ᠤ ᠲᠥᠪ᠂ ᠨᠠᠰᠤᠲᠠᠶᠢᠴᠤᠳ ᠤᠨ ᠶᠡᠭᠡ ᠰᠤᠷᠭᠠᠭᠤᠯᠢ᠂ ᠠᠬᠠᠮᠠᠳ ᠺᠠᠳ᠋ᠷᠴᠤᠳ ᠤᠨ ᠨᠠᠮ ᠤᠨ ᠰᠤᠷᠭᠠᠭᠤᠯᠢ ᠶᠢᠨ ᠲᠠᠪᠴᠠᠩ ᠳᠤ ᠲᠦᠰᠢᠭᠯᠡᠨ᠂ ᠬᠤᠷᠴᠢᠨ ᠨᠤᠲᠤᠭ ᠤᠨ ᠰᠣᠶᠣᠯ ᠤᠨ ᠡᠯᠧᠮᠧᠨ᠋ᠲ ᠢ ᠭᠦᠨᠵᠡᠭᠡᠢ ᠠᠭᠤᠳᠠᠯᠵᠤ᠂ ᠴᠤᠭᠯᠠᠭᠤᠯᠵᠤ᠂ ᠡᠮᠬᠢᠳᠬᠡᠵᠦ᠂ ᠬᠤᠳᠠᠯᠳᠤᠭ᠎ᠠ ᠳᠡᠯᠭᠡᠭᠦᠷ ᠪᠠ ᠠᠰᠠᠷ ᠤᠨ ᠬᠤᠩᠭᠢᠯ ᠢ ᠭᠦᠢᠴᠡᠳ ᠠᠰᠢᠭᠯᠠᠨ ᠤᠬᠠᠭᠤᠯᠭ᠎ᠠ ᠬᠥᠮᠦᠵᠢᠯ ᠤᠨ ᠣᠷᠳᠣ ᠬᠤᠩᠭᠢᠯ ᠢ ᠡᠭᠦᠳᠦᠨ ᠪᠠᠶᠢᠭᠤᠯᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠪᠠ᠃ ᠨᠠᠰᠤᠲᠠᠶᠢᠴᠤᠳ ᠤᠨ ᠶᠡᠭᠡ ᠰᠤᠷᠭᠠᠭᠤᠯᠢ ᠳᠤ ᠦᠨᠳᠦᠰᠦᠲᠡᠨ ᠤ ᠪᠦᠯᠬᠦᠮᠳᠡᠯ ᠤᠨ ᠬᠢᠴᠢᠶᠡᠯ ᠨᠡᠭᠡᠭᠡᠵᠦ᠂ ᠤᠯᠠᠮ ᠠᠴᠠ ᠤᠯᠠᠮ ᠦᠨᠳᠦᠰᠦᠲᠡᠨ ᠨᠦᠭᠦᠳ ᠤᠨ ᠤᠯᠠᠨ ᠲᠦᠮᠡᠨ ᠢ ᠤᠷᠠᠨ ᠪᠢᠴᠢᠯᠭᠡ᠂ ᠴᠠᠭᠠᠰᠤᠨ ᠬᠠᠶᠢᠴᠢᠯᠠᠮᠠᠯ᠂ ᠭᠠᠷ ᠰᠡᠶᠢᠯᠦᠮᠡᠯ᠂ ᠰᠢᠯᠦᠭ ᠳᠠᠭᠤᠯᠠᠯ ᠢ ᠰᠣᠨᠢᠷᠬᠠᠬᠤ ᠵᠡᠷᠭᠡ ᠦᠨᠳᠦᠰᠦᠲᠡᠨ ᠤ ᠰᠣᠶᠣᠯ ᠤᠨ ᠬᠢᠴᠢᠶᠡᠯ ᠢ ᠰᠤᠷᠤᠯᠴᠠᠬᠤ᠂ ᠤᠯᠠᠮᠵᠢᠯᠠᠨ ᠵᠠᠯᠭᠠᠮᠵᠢᠯᠠᠬᠤ᠂ ᠣᠷᠣᠨ ᠨᠤᠲᠤᠭ ᠤᠨ ᠦᠨᠳᠦᠰᠦᠲᠡᠨ ᠤ ᠣᠨᠴᠠᠯᠢᠭ ᠲᠠᠢ ᠰᠣᠶᠣᠯ ᠢ ᠪᠠᠳᠠᠷᠠᠭᠤᠯᠬᠤ ᠳᠤ ᠣᠷᠣᠯᠴᠠᠭᠤᠯᠪᠠ᠃ ︽ᠰᠢᠯᠦᠭ ᠤᠷᠠᠨ ᠪᠢᠴᠢᠯᠭᠡ ᠤᠷᠠᠨ ᠵᠢᠷᠤᠭ ᠰᠡᠭᠦᠳᠡᠷ ᠤᠨ ᠦᠵᠡᠰᠭᠦᠯᠡᠩ︾᠂ ︽ᠤᠷᠠᠨ ᠰᠠᠶᠢᠬᠠᠨ ᠤ ᠦᠵᠡᠭᠦᠯᠭᠡ ᠶᠢᠨ ᠲᠣᠬᠯᠠᠯᠲᠠ︾᠂ ︽ᠢᠳᠡᠪᠬᠢ ᠬᠦᠴᠦᠨ ᠨᠡᠮᠡᠷᠢᠯᠡᠵᠦ᠂ ᠳᠤᠮᠳᠠᠳᠤ ᠶᠢᠨ ᠬᠦᠰᠡᠯ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠵᠡᠷᠭᠡ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠵᠤ᠂ ᠦᠨᠳᠦᠰᠦᠲᠡᠨ ᠨᠦᠭᠦᠳ ᠤᠨ ᠠᠬᠠᠮᠠᠳ ᠺᠠᠳ᠋ᠷᠴᠤᠳ ᠢ ᠬᠥᠲᠥᠯᠥᠨ ᠳᠠᠭᠠᠭᠤᠯᠵᠤ ᠨᠠᠮ ᠤᠨ ᠲᠡᠦᠬᠡ ᠠᠴᠠ ᠬᠦᠴᠦᠨ ᠴᠢᠳᠠᠯ ᠰᠢᠩᠭᠡᠬᠡᠨ ᠠᠪᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠢᠲᠡᠭᠡᠯ ᠤᠬᠠᠮᠰᠠᠷ ᠢ ᠨᠢ ᠨᠡᠮᠡᠭᠳᠡᠭᠦᠯᠪᠡ᠃ ᠡᠭᠦᠨ ᠠᠴᠠ ᠭᠠᠳᠠᠨ᠎ᠠ᠂ ︽ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ︾ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠵᠦ᠂ ᠨᠠᠰᠤᠲᠠᠶᠢᠴᠤᠳ ᠢ ᠵᠣᠬᠢᠶᠠᠨ ᠪᠠᠶᠢᠭᠤᠯᠤᠨ ᠠᠭᠤᠳᠠᠮ ᠲᠠᠯᠠᠪᠠᠶ᠂ ᠰᠤᠷᠭᠠᠭᠤᠯᠢ᠂ ᠨᠡᠶᠢᠭᠡᠮ ᠲᠣᠭᠤᠷᠢᠭ ᠲᠤ ᠣᠷᠣᠭᠤᠯᠵᠤ᠂ ᠠᠯᠪᠠᠨ ᠵᠢᠷᠤᠮ ᠤᠨ ᠬᠤᠣᠰ ᠤᠶᠠᠩᠭ᠎ᠠ ᠪᠢᠴᠢᠬᠦ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠢ ᠦᠢᠯᠡᠳᠬᠦ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠨᠡᠶᠢᠯᠡᠮᠡᠯ ᠬᠦᠴᠦᠨ ᠢ ᠨᠢᠭᠲᠠᠷᠠᠭᠤᠯᠪᠠ᠃      ᠳᠠᠷᠠᠭᠠᠴᠢ ᠶᠢᠨ ᠠᠯᠬᠤᠮ ᠳᠤ᠂ ᠬᠤᠷᠴᠢᠨ ᠲᠣᠭᠤᠷᠢᠭ ᠤᠨ ᠬᠢᠨ ︽ᠨᠠᠰᠤᠲᠠᠶᠢᠴᠤᠳ + ᠦᠨᠳᠦᠰᠦᠲᠡᠨ ᠤ ᠪᠦᠯᠬᠦᠮᠳᠡᠯ︾ ᠤᠨ ᠬᠥᠮᠦᠵᠢᠯ ᠤᠨ ᠵᠠᠭᠪᠤᠷ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠷᠢᠶ᠎ᠠ ᠣᠷᠣᠨ ᠤ ᠪᠠᠨ 7612 ᠨᠡᠷᠡᠰ ᠠᠵᠢᠯ ᠠᠴᠠ ᠪᠠᠨ ᠲᠠᠷᠬᠠᠯᠠᠬᠳᠠᠵᠤ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠷᠡᠰ ᠪᠠᠲᠤ ᠤᠯᠠᠮᠵᠢᠯᠠᠭᠴᠢ᠂ ᠵᠢᠱᠢᠶᠡᠴᠢ ᠦᠢᠯᠡᠳᠦᠯᠭᠡᠵᠢᠭᠦᠯᠦᠭᠴᠢ ᠪᠠ ᠬᠦᠴᠦᠨ ᠪᠦᠬᠦᠢ ᠠᠬᠢᠭᠤᠯᠤᠭᠴᠢ ᠪᠤᠯᠭᠠᠬᠤ ᠪᠠᠷ ᠴᠢᠷᠮᠠᠶᠢᠵᠤ ᠪᠤᠢ᠃ 
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ