ᠣᠶᠢᠷ᠎ᠠ ᠳᠤ᠂ ᠤᠯᠤᠰ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠮ ᠤᠨ ᠵᠦᠢᠯ ᠤᠨ ᠡᠵᠡᠩᠨᠡᠯᠲᠡ ᠶᠢ ︽ᠡᠬᠢ ᠢᠷᠡᠯᠲᠡ ᠠᠴᠠ ᠨᠢ | ᠴᠡᠪᠡᠷᠯᠡᠬᠦ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠂ ᠡᠭᠦᠨ ᠳᠤ ︽ᠭᠡᠳᠡᠷᠭᠦ ᠤᠷᠤᠰᠤᠭᠰᠠᠨ ᠡᠮ︾ ᠳᠤ ᠴᠢᠩᠭ᠎ᠠ ᠴᠣᠬᠢᠯᠲᠠ ᠥᠭᠬᠦ ᠪᠣᠯ | ᠭᠤᠣᠯᠳᠠᠯᠭ᠎ᠠ ᠲᠠᠢ ᠡᠭᠦᠷᠭᠡ ᠶᠢᠨ ᠨᠢᠭᠡ ᠪᠣᠯᠣᠨ᠎ᠠ᠃ ︽ᠭᠡᠳᠡᠷᠭᠦ ᠤᠷᠤᠰᠤᠭᠰᠠᠨ ᠡᠮ︾ ᠭᠡᠳᠡᠭ ᠨᠢ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠠᠷᠭ᠎ᠠ | ᠵᠠᠮ ᠢᠶᠠᠷ ᠲᠠᠮᠵᠢᠨ ᠬᠡᠲᠦᠷᠡᠲᠡᠯ᠎ᠡ ᠡᠮ ᠲᠣᠬᠢᠷᠠᠭᠤᠯᠬᠤ᠂ ᠳᠠᠪᠬᠤᠷᠳᠠᠭᠤᠯᠤᠨ ᠡᠮ ᠲᠣᠬᠢᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠮ ᠤᠨ ᠵᠦᠢᠯ ᠢ | ᠣᠯᠣᠭᠰᠠᠨ ᠤ ᠳᠠᠷᠠᠭ᠎ᠠ᠂ ᠰᠢᠯᠵᠢᠭᠦᠯᠦᠨ ᠬᠤᠳᠠᠯᠳᠤᠬᠤ᠂ ᠬᠠᠤᠯᠢ ᠪᠤᠰᠤ ᠪᠠᠷ ᠬᠤᠷᠢᠶᠠᠨ ᠠᠪᠴᠢᠷᠠᠬᠤ ᠶᠢᠨ ᠬᠠᠮᠲᠤ ᠬᠤᠶᠠᠳᠠᠭᠢ ᠤᠳᠠᠭ᠎ᠠ ᠪᠣᠷᠣᠯᠠᠭᠤᠯᠬᠤ ᠡᠮ ᠤᠨ | ᠵᠦᠢᠯ ᠢ ᠵᠢᠭᠠᠵᠤ ᠪᠤᠶ᠂ ᠲᠡᠭᠦᠨ ᠤ ᠬᠠᠳᠠᠭᠠᠯᠠᠵᠤ ᠲᠡᠭᠡᠭᠡᠪᠦᠷᠢᠯᠡᠬᠦ ᠨᠢ ᠲᠣᠭᠲᠠᠭᠠᠯ ᠳᠤ ᠨᠡᠶᠢᠴᠡᠬᠦ ᠦᠭᠡᠢ᠂ ᠶᠠᠰᠤ ᠴᠢᠨᠠᠷ ᠨᠢ ᠪᠠᠲᠤᠯᠠᠭ᠎ᠠ ᠦᠭᠡᠢ᠂ ᠬᠦᠨᠳᠦ ᠨᠣᠴᠢᠲᠠᠢ | ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠳᠠᠭ᠃ | ᠡᠮ ᠤᠨ ᠵᠦᠢᠯ ᠤᠨ ᠡᠵᠡᠩᠨᠡᠯᠲᠡ ᠬᠡᠷᠡᠭᠯᠡᠯᠲᠡ ᠶᠢᠨ ᠡᠮᠬᠢ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠡᠮ ᠤᠨ ᠵᠦᠢᠯ ᠤᠨ ᠶᠠᠰᠤ ᠴᠢᠨᠠᠷ ᠪᠠ ᠡᠮ | ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠬᠢᠭᠡᠳ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ | ᠲᠣᠪᠴᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠮᠲᠤᠷᠠᠨ ︽︿ᠭᠡᠳᠡᠷᠭᠦ ᠤᠷᠤᠰᠤᠭᠰᠠᠨ ᠡᠮ﹀ ᠢ ᠬᠤᠳᠠᠯᠳᠤᠨ ᠠᠪᠬᠤ ᠪᠠ ᠪᠣᠷᠣᠯᠠᠭᠤᠯᠬᠤ | ᠬᠡᠷᠡᠭᠯᠡᠬᠦ ᠶᠢ ᠴᠢᠩᠭ᠎ᠠ ᠴᠠᠭᠠᠵᠠᠯᠠᠬᠤ ᠲᠤᠬᠠᠢ ᠠᠯᠪᠠᠨ ᠵᠠᠷ︾ ᠢ ᠨᠡᠶᠢᠲᠡᠯᠡᠵᠦ᠂ ᠭᠤᠷᠪᠠᠨ ᠲᠥᠷᠥᠯ ᠤᠨ ᠴᠢᠩᠭ᠎ᠠ ᠴᠠᠭᠠᠵᠠᠯᠠᠬᠤ ᠦᠶᠯᠡ ᠠᠵᠢᠯᠯᠠᠭ᠎ᠠ ᠶᠢ ᠲᠣᠳᠣᠷᠬᠠᠢ | ᠲᠣᠭᠲᠠᠭᠠᠪᠠ᠄ ᠶᠠᠮᠠᠷᠪᠠ ᠨᠢᠭᠡᠴᠢ ᠪᠠ ᠬᠤᠪᠢ ᠬᠥᠮᠥᠨ ︽ᠭᠡᠳᠡᠷᠭᠦ ᠤᠷᠤᠰᠤᠭᠰᠠᠨ ᠡᠮ︾ ᠢ ᠬᠤᠳᠠᠯᠳᠤᠨ ᠠᠪᠬᠤ᠂ ᠪᠣᠷᠣᠯᠠᠭᠤᠯᠬᠤ᠂ ᠬᠡᠷᠡᠭᠯᠡᠬᠦ ᠶᠢ ᠴᠢᠩᠭ᠎ᠠ | ᠴᠠᠭᠠᠵᠠᠯᠠᠨ᠎ᠠ; ᠡᠮ ᠤᠨ ᠵᠦᠢᠯ ᠢ ᠡᠵᠡᠩᠨᠡᠬᠦ ᠠᠵᠤ ᠠᠬᠤᠶᠢᠯᠠᠯ ᠪᠠ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠤᠯᠢ ᠪᠤᠰᠤ ᠠᠷᠭ᠎ᠠ ᠵᠡᠮ ᠢᠶᠠᠷ ᠡᠮ ᠤᠨ ᠵᠦᠢᠯ ᠢ | ᠬᠤᠳᠠᠯᠳᠤᠨ ᠣᠷᠣᠭᠤᠯᠬᠤ ᠶᠢ ᠴᠢᠩᠭ᠎ᠠ ᠴᠠᠭᠠᠵᠠᠯᠠᠨ᠎ᠠ;ᠡᠮᠴᠢᠯᠡᠭᠡᠨ ᠤ ᠪᠠᠶᠢᠭᠤᠯᠤᠮᠵᠢ ᠶᠢᠨ ᠳᠣᠲᠣᠭᠠᠳᠤ ᠶᠢᠨ ᠠᠵᠢᠯᠲᠠᠨ ᠤ ︽ᠭᠡᠳᠡᠷᠭᠦ ᠤᠷᠤᠰᠤᠭᠰᠠᠨ ᠡᠮ︾ ᠢ | ᠡᠭᠡᠭᠦᠯᠦᠨ ᠬᠤᠷᠢᠶᠠᠬᠤ᠂ ᠪᠣᠷᠣᠯᠠᠭᠤᠯᠬᠤ ᠠᠵᠢᠯᠯᠠᠭ᠎ᠠ ᠳᠤ ᠣᠷᠤᠯᠴᠠᠬᠤ ᠶᠢ ᠴᠢᠩᠭ᠎ᠠ ᠴᠠᠭᠠᠵᠠᠯᠠᠨ᠎ᠠ᠃ | ︽ᠭᠡᠳᠡᠷᠭᠦ ᠤᠷᠤᠰᠤᠭᠰᠠᠨ ᠡᠮ︾ ᠢ ᠬᠠᠤᠯᠢ ᠪᠤᠰᠤ ᠪᠠᠷ ᠬᠤᠳᠠᠯᠳᠤᠨ ᠠᠪᠴᠤ ᠪᠣᠷᠣᠯᠠᠭᠤᠯᠤᠭᠰᠠᠨ ᠵᠡᠷᠭᠡ ᠣᠯᠠᠨ ᠨᠡᠶᠢᠲᠡ ᠶᠢᠨ ᠡᠷᠡᠭᠦᠯ ᠮᠡᠨᠳᠦ ᠳᠤ ᠬᠤᠣᠷ | ᠬᠥᠨᠥᠭᠡᠯ ᠤᠴᠠᠷᠠᠭᠤᠯᠤᠭᠰᠠᠨ ᠬᠠᠤᠯᠢ ᠶᠢ ᠵᠥᠷᠢᠴᠡᠭᠰᠡᠨ ᠦᠶᠯᠡ ᠠᠵᠢᠯᠯᠠᠭ᠎ᠠ ᠳᠤ ᠴᠢᠭᠯᠡᠭᠦᠯᠦᠨ᠂ ᠳᠥᠷᠪᠡᠨ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠴᠢᠩᠭ᠎ᠠ | ᠴᠣᠬᠢᠯᠲᠠ ᠥᠭᠴᠦ ᠪᠠᠶᠢᠨ᠎ᠠ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠥᠷᠭᠡᠨ ᠣᠯᠠᠨ ᠬᠤᠲᠠ ᠶᠢᠨ ᠠᠷᠠᠳ ᠢ | ᠢᠷᠡᠯᠲᠡ ᠨᠢ ᠲᠣᠳᠣᠷᠬᠠᠢ ᠦᠭᠡᠢ᠂ ᠪᠣᠭᠤᠳᠠᠯ ᠪᠠᠭᠯᠠᠭ᠎ᠠ ᠨᠢ ᠡᠪᠳᠡᠷᠡᠭᠰᠡᠨ ᠡᠮ ᠤᠨ ᠵᠦᠢᠯ ᠢ ᠬᠤᠳᠠᠯᠳᠤᠨ ᠠᠪᠴᠤ ᠪᠤᠯᠬᠤ ᠦᠭᠡᠢ᠂ ᠨᠠᠩ ᠴᠤ ᠡᠮ ᠤᠨ ᠫᠠᠨᠽᠠᠴᠢᠨ ᠤ | ᠬᠠᠤᠯᠢ ᠪᠤᠰᠤ ᠠᠵᠢᠯᠯᠠᠭ᠎ᠠ ᠳᠤ ᠣᠷᠢᠶᠠᠭᠳᠠᠵᠤ ᠪᠤᠯᠬᠤ ᠦᠭᠡᠢ ᠭᠡᠵᠦ ᠤᠷᠢᠶᠠᠯᠠᠵᠤ ᠪᠠᠶᠢᠨ᠎ᠠ᠂ ᠬᠤᠯᠪᠣᠭᠳᠠᠯ ᠪᠦᠬᠦᠢ ᠰᠦᠪᠡᠭᠴᠢ ᠶᠢ ᠣᠯᠵᠤ ᠮᠡᠳᠡᠪᠡᠯ 12345᠂ | 12315᠂ 110 ᠬᠠᠯᠠᠮᠰᠢᠯ ᠤᠲᠠᠰᠤ ᠪᠠᠷ ᠢᠯᠡᠴᠢᠯᠡᠨ ᠮᠡᠳᠡᠭᠦᠯᠵᠦ ᠪᠣᠯᠣᠨ᠎ᠠ᠃ | ᠲᠠᠷᠠᠭᠠᠴᠢ ᠶᠢᠨ ᠠᠯᠬᠤᠮ ᠳᠤ᠂ ᠳᠥᠷᠪᠡᠨ ᠰᠠᠯᠠᠭ᠎ᠠ ᠮᠥᠴᠢᠷ ᠬᠠᠮᠲᠤᠷᠠᠨ ᠣᠷᠣᠨ ᠵᠠᠢ ᠠᠯᠤᠰᠯᠠᠭᠰᠠᠨ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ | ᠲᠣᠭᠲᠠᠴᠠ ᠶᠢ ᠪᠠᠶᠢᠭᠤᠯᠵᠤ᠂ ᠠᠰᠠᠭᠤᠳᠠᠯ ᠤᠨ ᠰᠦᠪᠡᠭᠴᠢ ᠶᠢ ᠭᠦᠨᠵᠡᠭᠡᠢ ᠠᠭᠤᠳᠠᠯᠤᠨ ᠲᠤᠶᠢᠯᠪᠤᠷᠢᠲᠠᠢ ᠪᠠᠶᠢᠴᠠᠭᠠᠵᠤ᠂ ᠬᠡᠷᠡᠭ ᠢ ᠪᠠᠶᠢᠴᠠᠭᠠᠨ ᠰᠢᠢᠳᠪᠦᠷᠢᠯᠡᠬᠦ | ᠡᠷᠴᠢᠮ ᠢᠶᠠᠨ ᠴᠢᠩᠭᠠᠷᠠᠭᠤᠯᠤᠨ᠂ ᠠᠷᠠᠳ ᠣᠯᠠᠨ ᠤ ᠡᠮ ᠬᠡᠷᠡᠭᠯᠡᠬᠦ ᠠᠮᠤᠷ ᠲᠦᠪᠰᠢᠨ ᠢ ᠤᠯᠠᠮ ᠰᠠᠶᠢᠲᠤᠷ ᠪᠠᠲᠤᠯᠠᠬᠤ ᠪᠣᠯᠣᠨ᠎ᠠ᠃ |