ᠴᠢ᠊ · ᠳᠠᠯᠠᠨᠲᠠᠢ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ ᠳᠠᠷᠤᠭ᠎ᠠ ᠯᠢ ᠧᠨ ᠶᠦᠩ ᠨᠡᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2025/5/16
      5 ᠳ᠋ᠤᠭᠠᠷ ᠰᠠᠷ᠎ᠠ ᠶᠢᠨ 12 ᠲᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ ᠳᠠᠷᠤᠭ᠎ᠠ ᠯᠢ ᠧᠨ ᠶᠦᠩ ᠨᠡᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠬᠤᠲᠠ ᠶᠢᠨ ᠰᠢᠨᠡᠴᠢᠯᠡᠯᠲᠡ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠶᠤᠸᠠᠢ ᠯᠠᠶ ᠾᠧ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠤᠨ ᠴᠣᠭᠴᠠᠯᠠᠯᠲᠠ᠂ ᠳᠣᠤᠷ᠎ᠠ ᠠᠭᠠᠷ ᠤᠨ ᠠᠵᠤ ᠠᠬᠤᠶ ᠶᠢᠨ ᠬᠥᠭᠵᠢᠯᠲᠡ᠂ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢᠨ ᠲᠤᠬᠠᠶ ᠶᠠᠷᠢᠯᠴᠠᠨ ᠰᠣᠯᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠸᠠᠩ ᠶᠦᠩ ᠠᠭᠤᠯᠵᠠᠯᠲᠠ ᠳᠤ ᠣᠷᠣᠯᠴᠠᠪᠠ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ