5 ᠳ᠋ᠤᠭᠠᠷ ᠰᠠᠷ᠎ᠠ ᠶᠢᠨ 13 ᠳᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠬᠤᠷᠴᠢᠨ | ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ᠂ ᠥᠭᠡᠷᠡᠴᠢᠯᠡᠯᠲᠡ ᠪᠠ ᠬᠥᠭᠵᠢᠭᠦᠯᠦᠯᠲᠡ ᠶᠢᠨ | ᠵᠥᠪᠯᠡᠯ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠣᠯᠣᠨ ᠬᠤᠷᠴᠢᠨ ᠲᠣᠭᠤᠷᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ | ᠣᠷᠣᠯᠴᠠᠵᠠᠢ᠃ | ᠴᠢ᠊ · ᠳᠠᠯᠠᠨᠲᠠᠢ ᠨᠠᠷ ᠤᠷᠢᠳ ᠬᠤᠵᠢᠳ ᠸᠠᠨ ᠬᠤᠸᠠ· ᠬᠠᠢ ᠲᠠᠩ ᠶᠤᠸᠠᠨ᠂ ᠶᠤᠸᠠᠢ ᠾᠧ ᠭᠠᠩ ᠸᠠᠨ᠂ ᠴᠧᠩ ᠳ᠋ᠡ ᠰᠢ ᠶᠦᠨ᠂ ᠰᠢ ᠸᠠᠩ ·ᠱᠦ ᠰᠢᠶᠠᠩ | ᠶᠤᠸᠠᠨ ᠵᠡᠷᠭᠡ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠭᠡᠷ ᠭᠠᠵᠠᠷ ᠬᠥᠷᠥᠩᠭᠡ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠠᠬᠢᠴᠠ᠂ ᠢᠵᠢ ᠲᠥᠬᠦᠷ ᠲᠥᠬᠦᠭᠡᠷᠦᠮᠵᠢ ᠶᠢ ᠲᠡᠭᠦᠯᠳᠡᠷᠵᠢᠭᠦᠯᠦᠭᠰᠡᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ | ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠪᠦᠭᠦ ᠬᠦᠴᠦᠨ ᠢᠶᠠᠷ ᠢᠶᠠᠨ ᠠᠬᠢᠭᠤᠯᠵᠤ᠂ ᠲᠣᠰ ᠭᠠᠵᠠᠷ ᠤᠨ | ᠲᠣᠯᠣᠭᠠᠶᠢᠯᠠᠭᠴᠢ ᠠᠵᠤ ᠠᠬᠤᠶᠢᠯᠠᠯ ᠢ ᠢᠳᠡᠪᠬᠢᠲᠡᠢ ᠪᠣᠶᠢᠵᠢᠭᠤᠯᠤᠨ᠂ ᠲᠦᠩᠯᠢᠶᠣᠣ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠰᠢᠰᠲ᠋ᠧᠮ ᠲᠠᠢ ᠪᠠᠷ | ᠰᠦᠪᠡᠭᠴᠢᠯᠡᠵᠦ᠂ ᠭᠡᠷ ᠭᠠᠵᠠᠷ ᠬᠥᠷᠥᠩᠭᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ᠂ ᠥᠨᠳᠥᠷ ᠦᠷ᠎ᠡ ᠪᠦᠲᠦᠮᠵᠢ᠂ ᠴᠢᠨᠠᠷ | ᠰᠠᠶᠢᠲᠠᠢ ᠠᠬᠢᠭᠤᠯᠬᠤ ᠬᠡᠷᠡᠭᠲᠡᠢ᠃ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠵᠡᠷᠭᠡ ᠡᠮᠦᠨᠡᠬᠢ | ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ᠶᠢ ᠲᠦᠷᠭᠡᠳᠬᠡᠨ ᠠᠬᠢᠭᠤᠯᠵᠤ᠂ ᠤᠰᠤ᠂ ᠴᠠᠭᠢᠯᠭᠠᠨ᠂ ᠳᠤᠯᠠᠭᠠᠯᠠᠭ᠎ᠠ᠂ ᠵᠠᠮ ᠵᠡᠷᠭᠡ ᠢᠵᠢ ᠪᠦᠷᠢᠳᠦᠭᠦᠯᠬᠦ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠤᠳᠠ ᠶᠢᠨ ᠠᠷᠠᠳ ᠲᠤ ᠴᠢᠨᠠᠷ ᠰᠠᠶᠢᠲᠠᠢ ᠣᠷᠣᠨ | ᠰᠠᠭᠤᠴᠠ ᠶᠢ ᠪᠦᠭᠦ ᠬᠦᠴᠦᠨ ᠢᠶᠠᠷ ᠢᠶᠠᠨ ᠬᠠᠩᠭᠠᠬᠤ ᠬᠡᠷᠡᠭᠲᠡᠢ᠃ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ | ᠠᠯᠬᠤᠮ ᠴᠢᠩᠭᠠᠳᠬᠠᠵᠤ᠂ ᠪᠠᠷᠢᠯᠭ᠎ᠠ ᠶᠢᠨ ᠠᠮᠤᠷ ᠲᠦᠪᠰᠢᠨ ᠪᠠ ᠢᠨᠵᠧᠨᠧᠷᠢᠩ ᠤᠨ ᠶᠠᠰᠤ ᠴᠢᠨᠠᠷ ᠢ ᠪᠠᠲᠤᠯᠠᠬᠤ ᠬᠡᠷᠡᠭᠲᠡᠢ ᠭᠡᠪᠡ᠃ | ᠪᠠᠶᠢᠴᠠᠭᠠᠨ ᠰᠤᠳᠤᠯᠬᠤ ᠬᠤᠭᠤᠴᠠᠭᠠᠨ ᠳᠤ᠂ ᠴᠢ᠊·ᠳᠠᠯᠠᠨᠲᠠᠢ ᠪᠠᠰᠠ ᠣᠶᠤᠨᠴᠢ ᠥᠨᠳᠥᠷ ᠦᠷ᠎ᠡ ᠪᠦᠲᠦᠮᠵᠢᠲᠡᠢ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ᠂ ᠮᠧᠩ ᠳ᠋ᠦᠩ ︵ᠲᠦᠩᠯᠢᠶᠣᠣ︶ ᠰᠠᠯᠬᠢᠨ ᠬᠦᠴᠦᠨ ᠤ ᠴᠠᠭᠢᠯᠭᠠᠨ ᠤ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠰᠠᠭᠤᠷᠢᠨ ᠭᠠᠵᠠᠷ ᠤᠨ | ᠵᠢᠯ ᠳᠤ 140 ᠲᠦᠮᠡᠨ ᠲᠣᠨ ᠴᠢᠳᠬᠤᠮᠠᠯ ᠲᠤᠨᠤᠭ ᠦᠢᠯᠡᠳᠪᠦᠷᠢᠯᠡᠬᠦ ᠵᠡᠷᠭᠡ ᠲᠦᠷᠦᠯ ᠵᠦᠢᠯ ᠢ ᠪᠠᠶᠢᠴᠠᠭᠠᠨ ᠰᠤᠳᠤᠯᠵᠠᠢ᠃ ᠲᠡᠷᠡ ᠴᠢᠬᠤᠯᠠᠴᠢᠯᠠᠭᠰᠠᠨ ᠨᠢ᠂ | ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠣᠨᠣᠪᠴᠢᠲᠠᠢ | ᠡᠵᠡᠮᠳᠡᠨ᠂ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠲᠠᠷᠢᠶᠠᠯᠠᠩ ᠤᠨ ᠬᠡᠪᠴᠢᠶᠡᠵᠢᠭᠰᠡᠨ᠂ | ᠠᠵᠤ ᠦᠢᠯᠡᠰᠵᠢᠭᠰᠡᠨ ᠬᠥᠭᠵᠢᠯᠲᠡ ᠶᠢ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠬᠡᠷᠡᠭᠲᠡᠢ᠃ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠳᠡᠭᠡᠭᠰᠢᠯᠡᠭᠦᠯᠭᠦ ᠶᠢ ᠲᠦᠷᠭᠡᠳᠬᠡᠨ ᠠᠬᠢᠭᠤᠯᠵᠤ᠂ ᠡᠯᠧᠮᠧᠨ᠋ᠲ ᠤᠨ ᠲᠤᠯᠭᠠᠭᠤᠷᠢᠯᠠᠯ ᠤᠨ | ᠪᠠᠲᠤᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠳᠡᠭᠡᠳᠦ ᠲᠡᠰ ᠤᠨ | ᠲᠣᠨᠣᠭᠯᠠᠯ ᠦᠢᠯᠡᠳᠬᠦ ᠠᠵᠤ ᠦᠢᠯᠡᠰ ᠤᠨ ᠪᠦᠯᠦᠭᠵᠢᠯ ᠢ ᠪᠦᠭᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ ᠭᠡᠪᠡ᠃ |