ᠴᠢ᠊ · ᠳᠠᠯᠠᠨᠲᠠᠢ ᠬᠤᠷᠴᠢᠨ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/5/16
      5 ᠳ᠋ᠤᠭᠠᠷ ᠰᠠᠷ᠎ᠠ ᠶᠢᠨ 13 ᠳᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠬᠤᠷᠴᠢᠨ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ᠂ ᠥᠭᠡᠷᠡᠴᠢᠯᠡᠯᠲᠡ ᠪᠠ ᠬᠥᠭᠵᠢᠭᠦᠯᠦᠯᠲᠡ ᠶᠢᠨ ᠵᠥᠪᠯᠡᠯ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠣᠯᠣᠨ ᠬᠤᠷᠴᠢᠨ ᠲᠣᠭᠤᠷᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠣᠷᠣᠯᠴᠠᠵᠠᠢ᠃
奇·达楞太赴科尔沁区调研1.jpg
      ᠴᠢ᠊ · ᠳᠠᠯᠠᠨᠲᠠᠢ ᠨᠠᠷ ᠤᠷᠢᠳ ᠬᠤᠵᠢᠳ ᠸᠠᠨ ᠬᠤᠸᠠ· ᠬᠠᠢ ᠲᠠᠩ ᠶᠤᠸᠠᠨ᠂ ᠶᠤᠸᠠᠢ ᠾᠧ ᠭᠠᠩ ᠸᠠᠨ᠂ ᠴᠧᠩ ᠳ᠋ᠡ ᠰᠢ ᠶᠦᠨ᠂ ᠰᠢ ᠸᠠᠩ ·ᠱᠦ ᠰᠢᠶᠠᠩ ᠶᠤᠸᠠᠨ ᠵᠡᠷᠭᠡ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠭᠡᠷ ᠭᠠᠵᠠᠷ ᠬᠥᠷᠥᠩᠭᠡ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠢᠵᠢ ᠲᠥᠬᠦᠷ ᠲᠥᠬᠦᠭᠡᠷᠦᠮᠵᠢ ᠶᠢ ᠲᠡᠭᠦᠯᠳᠡᠷᠵᠢᠭᠦᠯᠦᠭᠰᠡᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠪᠦᠭᠦ ᠬᠦᠴᠦᠨ ᠢᠶᠠᠷ ᠢᠶᠠᠨ ᠠᠬᠢᠭᠤᠯᠵᠤ᠂ ᠲᠣᠰ ᠭᠠᠵᠠᠷ ᠤᠨ ᠲᠣᠯᠣᠭᠠᠶᠢᠯᠠᠭᠴᠢ ᠠᠵᠤ ᠠᠬᠤᠶᠢᠯᠠᠯ ᠢ ᠢᠳᠡᠪᠬᠢᠲᠡᠢ ᠪᠣᠶᠢᠵᠢᠭᠤᠯᠤᠨ᠂ ᠲᠦᠩᠯᠢᠶᠣᠣ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠰᠢᠰᠲ᠋ᠧᠮ ᠲᠠᠢ ᠪᠠᠷ ᠰᠦᠪᠡᠭᠴᠢᠯᠡᠵᠦ᠂ ᠭᠡᠷ ᠭᠠᠵᠠᠷ ᠬᠥᠷᠥᠩᠭᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ᠂ ᠥᠨᠳᠥᠷ ᠦᠷ᠎ᠡ ᠪᠦᠲᠦᠮᠵᠢ᠂ ᠴᠢᠨᠠᠷ ᠰᠠᠶᠢᠲᠠᠢ ᠠᠬᠢᠭᠤᠯᠬᠤ ᠬᠡᠷᠡᠭᠲᠡᠢ᠃ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠵᠡᠷᠭᠡ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ᠶᠢ ᠲᠦᠷᠭᠡᠳᠬᠡᠨ ᠠᠬᠢᠭᠤᠯᠵᠤ᠂ ᠤᠰᠤ᠂ ᠴᠠᠭᠢᠯᠭᠠᠨ᠂ ᠳᠤᠯᠠᠭᠠᠯᠠᠭ᠎ᠠ᠂ ᠵᠠᠮ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠤᠳᠠ ᠶᠢᠨ ᠠᠷᠠᠳ ᠲᠤ ᠴᠢᠨᠠᠷ ᠰᠠᠶᠢᠲᠠᠢ ᠣᠷᠣᠨ ᠰᠠᠭᠤᠴᠠ ᠶᠢ ᠪᠦᠭᠦ ᠬᠦᠴᠦᠨ ᠢᠶᠠᠷ ᠢᠶᠠᠨ ᠬᠠᠩᠭᠠᠬᠤ ᠬᠡᠷᠡᠭᠲᠡᠢ᠃ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠷᠢᠯᠭ᠎ᠠ ᠶᠢᠨ ᠠᠮᠤᠷ ᠲᠦᠪᠰᠢᠨ ᠪᠠ ᠢᠨᠵᠧᠨᠧᠷᠢᠩ ᠤᠨ ᠶᠠᠰᠤ ᠴᠢᠨᠠᠷ ᠢ ᠪᠠᠲᠤᠯᠠᠬᠤ ᠬᠡᠷᠡᠭᠲᠡᠢ ᠭᠡᠪᠡ᠃
奇·达楞太赴科尔沁区调研2.jpg
      ᠪᠠᠶᠢᠴᠠᠭᠠᠨ ᠰᠤᠳᠤᠯᠬᠤ ᠬᠤᠭᠤᠴᠠᠭᠠᠨ ᠳᠤ᠂ ᠴᠢ᠊·ᠳᠠᠯᠠᠨᠲᠠᠢ ᠪᠠᠰᠠ ᠣᠶᠤᠨᠴᠢ ᠥᠨᠳᠥᠷ ᠦᠷ᠎ᠡ ᠪᠦᠲᠦᠮᠵᠢᠲᠡᠢ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠮᠧᠩ ᠳ᠋ᠦᠩ ︵ᠲᠦᠩᠯᠢᠶᠣᠣ︶ ᠰᠠᠯᠬᠢᠨ ᠬᠦᠴᠦᠨ ᠤ ᠴᠠᠭᠢᠯᠭᠠᠨ ᠤ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠰᠠᠭᠤᠷᠢᠨ ᠭᠠᠵᠠᠷ ᠤᠨ ᠵᠢᠯ ᠳᠤ 140 ᠲᠦᠮᠡᠨ ᠲᠣᠨ ᠴᠢᠳᠬᠤᠮᠠᠯ ᠲᠤᠨᠤᠭ ᠦᠢᠯᠡᠳᠪᠦᠷᠢᠯᠡᠬᠦ ᠵᠡᠷᠭᠡ ᠲᠦᠷᠦᠯ ᠵᠦᠢᠯ ᠢ ᠪᠠᠶᠢᠴᠠᠭᠠᠨ ᠰᠤᠳᠤᠯᠵᠠᠢ᠃ ᠲᠡᠷᠡ ᠴᠢᠬᠤᠯᠠᠴᠢᠯᠠᠭᠰᠠᠨ ᠨᠢ᠂ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠣᠨᠣᠪᠴᠢᠲᠠᠢ ᠡᠵᠡᠮᠳᠡᠨ᠂ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠲᠠᠷᠢᠶᠠᠯᠠᠩ ᠤᠨ ᠬᠡᠪᠴᠢᠶᠡᠵᠢᠭᠰᠡᠨ᠂ ᠠᠵᠤ ᠦᠢᠯᠡᠰᠵᠢᠭᠰᠡᠨ ᠬᠥᠭᠵᠢᠯᠲᠡ ᠶᠢ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠬᠡᠷᠡᠭᠲᠡᠢ᠃ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠳᠡᠭᠡᠭᠰᠢᠯᠡᠭᠦᠯᠭᠦ ᠶᠢ ᠲᠦᠷᠭᠡᠳᠬᠡᠨ ᠠᠬᠢᠭᠤᠯᠵᠤ᠂ ᠡᠯᠧᠮᠧᠨ᠋ᠲ ᠤᠨ ᠲᠤᠯᠭᠠᠭᠤᠷᠢᠯᠠᠯ ᠤᠨ ᠪᠠᠲᠤᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠳᠡᠭᠡᠳᠦ ᠲᠡᠰ ᠤᠨ ᠲᠣᠨᠣᠭᠯᠠᠯ ᠦᠢᠯᠡᠳᠬᠦ ᠠᠵᠤ ᠦᠢᠯᠡᠰ ᠤᠨ ᠪᠦᠯᠦᠭᠵᠢᠯ ᠢ ᠪᠦᠭᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ ᠭᠡᠪᠡ᠃
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ