ᠬᠦᠷᠢᠶ᠎ᠡ ᠬᠤᠰᠢᠭᠤ 21 ᠭᠤᠣᠯᠳᠠᠯᠭ᠎ᠠ ᠲᠠᠢ ᠲᠥᠷᠥᠯ ᠵᠦᠢᠯ ᠢ ᠲᠦᠷᠭᠡᠳᠬᠡᠨ ᠪᠦᠲᠦᠭᠡᠨ ᠪᠠᠶᠢᠭᠤᠯᠵᠤ ᠪᠤᠢ
ᠨᠡᠶᠢᠲᠡᠯᠡᠭᠰᠡᠨ ᠴᠠᠭ᠄
2025/5/16
      ᠬᠦᠷᠢᠶ᠎ᠡ ᠬᠤᠰᠢᠭᠤᠨ ᠤ ᠡᠬᠡ ᠭᠠᠵᠠᠷ ᠳᠡᠭᠡᠷ᠎ᠡ ᠮᠠᠰᠢᠨ ᠮᠧᠬᠠᠨᠢᠭ ᠤᠨ ᠲᠠᠭᠤᠨ ᠬᠦᠩᠭᠢᠨᠡᠵᠦ ᠴᠢᠨᠠᠷ ᠰᠠᠶᠢᠲᠠᠢ ᠬᠥᠭᠵᠢᠯᠲᠡ ᠶᠢᠨ ᠪᠦᠷᠢᠶ᠎ᠡ ᠬᠠᠩᠭᠢᠨᠠᠭᠤᠯᠤᠨ᠎ᠠ᠃ ᠣᠶᠢᠷ᠎ᠠ ᠶᠢᠨ ᠡᠳᠦᠷ ᠠᠴᠠ ᠨᠠᠭᠠᠰᠢ᠂ ᠲᠣᠰ ᠬᠤᠰᠢᠭᠤᠨ ᠤ ᠡᠯ᠎ᠡ ᠭᠤᠣᠯᠳᠠᠯᠭ᠎ᠠ ᠲᠠᠢ ᠲᠥᠷᠥᠯ ᠵᠦᠢᠯ ᠪᠠᠷᠢᠯᠭ᠎ᠠ ᠶᠢᠨ ᠰᠢᠵᠢᠷ ᠠᠯᠲᠠᠨ ᠬᠤᠭᠤᠴᠠᠭ᠎ᠠ ᠶᠢ ᠠᠮᠵᠢᠨ᠂ ᠪᠦᠭᠦ ᠬᠦᠴᠦᠨ ᠢᠶᠠᠷ ᠢᠶᠠᠨ ᠠᠬᠢᠴᠠ ᠪᠠᠨ ᠲᠦᠷᠭᠡᠳᠬᠡᠵᠦ᠂ ᠥᠨᠳᠥᠷ ᠬᠢᠷᠢ ᠲᠦᠪᠰᠢᠨ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠲᠤᠳᠬᠠᠪᠠ᠃      ᠬᠦᠷᠢᠶ᠎ᠡ ᠬᠤᠰᠢᠭᠤᠨ ᠤ 2025 ᠣᠨ ᠤ ᠣᠲᠣ ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠣᠭᠤᠷᠢᠭ ᠲᠤ᠂ ᠪᠠᠷᠢᠯᠭ᠎ᠠ ᠶᠢᠨ ᠨᠢᠭᠡᠴᠢ ᠪᠠᠷᠢᠯᠭ᠎ᠠ ᠶᠢᠨ ᠠᠵᠢᠯ ᠤᠨ ᠬᠤᠭᠤᠴᠠᠭ᠎ᠠ ᠶᠢ ᠠᠮᠵᠢᠨ᠂ ᠪᠠᠷᠢᠯᠭ᠎ᠠ ᠶᠢᠨ ᠠᠬᠢᠴᠠ ᠶᠢ ᠪᠦᠭᠦ ᠬᠦᠴᠦᠨ ᠢᠶᠠᠷ ᠢᠶᠠᠨ ᠲᠦᠷᠭᠡᠳᠬᠡᠵᠦ ᠪᠠᠶᠢᠨ᠎ᠠ᠃ ᠲᠤᠰ ᠲᠥᠷᠥᠯ ᠵᠦᠢᠯ ᠤᠨ ᠶᠡᠷᠦᠩᠬᠡᠢ ᠲᠠᠯᠠᠪᠠᠶ ᠨᠢ 77 ᠮᠦ ᠪᠠᠶᠢᠵᠤ᠂ ᠲᠦᠩᠯᠢᠶᠣᠣ ᠶᠢᠨ ᠣᠨᠴᠠᠯᠢᠭ ᠲᠠᠢ ᠠᠩᠬᠠᠳᠠᠭᠴᠢ ᠣᠳᠣᠬᠢᠴᠢᠯᠠᠭᠰᠠᠨ ᠵᠠᠯᠭᠠᠯᠳᠤᠭᠰᠠᠨ ᠭᠡᠯᠪᠡᠷᠢ ᠶᠢᠨ ᠬᠦᠯᠡᠮᠵᠢ ᠶᠢᠨ ᠲᠠᠷᠢᠶᠠᠯᠠᠩ ᠤᠨ ᠬᠦᠷᠢᠶᠡᠯᠡᠩ ᠲᠣᠭᠤᠷᠢᠭ ᠢ ᠪᠠᠶᠢᠭᠤᠯᠬᠤ ᠪᠠᠷ ᠬᠠᠷᠠᠯᠲᠠ ᠪᠤᠯᠭᠠᠵᠤ᠂ ᠣᠳᠣᠬᠢᠴᠢᠯᠠᠭᠰᠠᠨ ᠲᠣᠮᠣ ᠬᠦᠯᠡᠮᠵᠢ ᠶᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠵᠤ ᠪᠤᠢ᠂ ᠲᠤᠰ ᠬᠦᠯᠡᠮᠵᠢ ᠳᠤ ᠭᠤᠣᠯᠳᠠᠭᠤ ᠲᠥᠪᠡᠳ ᠬᠠᠰᠢ ᠵᠡᠷᠭᠡ ᠳᠡᠭᠡᠳᠦ ᠲᠡᠰ ᠤᠨ ᠵᠢᠮᠢᠰ ᠨᠣᠭᠤᠭ᠎ᠠ ᠶᠢ ᠦᠢᠯᠡᠳᠪᠦᠷᠢᠯᠡᠨ ᠬᠤᠷᠢᠶᠠᠨ᠎ᠠ᠂ ᠲᠦᠷᠦᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠬᠦᠷᠢᠶ᠎ᠡ ᠬᠤᠰᠢᠭᠤᠨ ᠤ ᠮᠥᠩᠭᠦᠨ ᠲᠣᠬᠤᠢ ᠵᠢᠭᠤᠯᠴᠢᠯᠠᠯ ᠤᠨ ᠦᠵᠡᠮᠵᠢ ᠶᠢᠨ ᠣᠷᠣᠨ ᠲᠠᠢ ᠬᠠᠮᠲᠤ ᠪᠠᠷ ᠲᠠᠷᠢᠶᠠᠯᠠᠩ ᠤᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠲᠦᠷᠦᠯ ᠵᠦᠢᠯ ᠢ ᠪᠠᠶᠢᠭᠤᠯᠵᠤ᠂ ᠵᠢᠱᠢᠯᠲᠡ ᠪᠠᠷ ᠵᠢᠯ ᠪᠦᠷᠢ 1.5 ᠲᠦᠮᠡᠨ ᠬᠥᠮᠥᠨ ᠤᠳᠠᠭ᠎ᠠ ᠶᠢᠨ ᠵᠤᠭᠠᠴᠠᠭᠰᠠᠳ ᠢ ᠲᠠᠲᠠᠬᠤ ᠪᠣᠯᠣᠨ᠎ᠠ᠃ ᠨᠡᠯᠦᠭᠡᠷ ᠶᠡᠭᠡ ᠡᠯᠡᠰᠦᠨ ᠳᠤᠮᠳᠠ᠂ ︽ᠣᠶᠤᠨᠴᠢ ᠲᠠᠷᠢᠶᠠᠯᠠᠩ + ᠡᠯᠡᠰᠦ ᠶᠢ ᠵᠠᠰᠠᠵᠤ ᠡᠯᠡᠰᠦᠷᠬᠡᠭᠵᠢᠯ ᠢ ᠰᠡᠷᠭᠡᠶᠢᠯᠡᠬᠦ + ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠠᠭᠤᠰᠤᠯᠴᠠᠨ ᠬᠥᠭᠵᠢᠬᠦ ᠰᠢᠨ᠎ᠡ ᠵᠠᠭᠪᠤᠷ ᠡᠳᠦᠷ ᠢᠷᠡᠬᠦᠶ᠎ᠡ ᠪᠣᠯᠪᠠᠰᠤᠷᠠᠩᠭᠤᠢ ᠪᠣᠯᠪᠠ᠃ ︽ᠲᠦᠷᠦᠯ ᠵᠦᠢᠯ ᠤᠨ ᠪᠠᠷᠢᠯᠭ᠎ᠠ ᠶᠢᠨ ᠲᠠᠯ᠎ᠠ ᠶᠢᠨ ᠬᠢᠨ 3 ᠰᠠᠷ᠎ᠠ ᠶᠢᠨ 2 ᠤᠨ ᠡᠳᠦᠷ ᠲᠠᠯᠠᠪᠠᠶ ᠳᠤ ᠣᠷᠣᠵᠤ᠂ ᠣᠳᠣᠬᠠᠨ ᠳᠤ ᠰᠢᠷᠣᠢ ᠶᠢᠨ ᠪᠠᠷᠢᠯᠭ᠎ᠠ ᠶᠢ ᠡᠬᠢᠯᠡᠭᠦᠯᠵᠦ᠂ 10 ᠡᠳᠦᠷ ᠤᠨ ᠳᠠᠷᠠᠭ᠎ᠠ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠂ ᠵᠠᠯᠭᠠᠭᠠᠳ ᠰᠠᠭᠤᠷᠢ ᠪᠠᠷᠢᠯᠭ᠎ᠠ᠂ ᠭᠤᠣᠯ ᠪᠠᠷᠢᠯᠭ᠎ᠠ ᠵᠢᠴᠢ ᠭᠡᠷ ᠳᠣᠲᠣᠷᠠᠬᠢ ᠤᠰᠤ᠂ ᠳᠤᠯᠠᠭᠠᠯᠠᠭ᠎ᠠ᠂ ᠴᠠᠭᠢᠯᠭᠠᠨ ᠤ ᠲᠥᠬᠦᠭᠡᠷᠦᠮᠵᠢ ᠶᠢᠨ ᠪᠠᠷᠢᠯᠭ᠎ᠠ ᠶᠢᠨ ᠠᠵᠢᠯ ᠢ ᠬᠢᠵᠦ᠂ ᠡᠨᠡ ᠵᠢᠯ ᠤᠨ 12 ᠰᠠᠷ᠎ᠠ ᠳᠤ ᠪᠠᠷᠢᠯᠭ᠎ᠠ ᠶᠢᠨ ᠠᠵᠢᠯ ᠢ ᠳᠠᠭᠤᠰᠬᠠᠵᠤ ᠰᠢᠯᠭᠠᠨ ᠠᠪᠬᠤ ᠪᠠᠷ ᠲᠥᠯᠥᠪᠯᠡᠵᠦ ᠪᠠᠶᠢᠨ᠎ᠠ︾ ᠭᠡᠵᠦ ᠲᠦᠷᠦᠯ ᠵᠦᠢᠯ ᠤᠨ ᠬᠠᠷᠢᠭᠤᠴᠠᠯᠭᠠᠲᠠᠨ ᠭᠤᠤ ᠶᠠᠩ ᠲᠠᠨᠢᠯᠴᠠᠭᠤᠯᠤᠨ᠎ᠠ᠃      ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠬᠠᠪᠤᠷ ᠤᠨ ᠤᠯᠠᠷᠢᠯ ᠳᠤ᠂ ᠪᠠᠷᠢᠯᠭ᠎ᠠ ᠶᠢᠨ ᠠᠵᠢᠯ ᠶᠠᠭ ᠪᠦᠭᠦ ᠬᠤᠰᠢᠭᠤᠨ ᠤ ᠡᠯ᠎ᠡ ᠲᠦᠷᠤᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠤᠢ ᠲᠠᠯᠠᠪᠠᠢ ᠳᠤ ᠭᠦᠷ ᠬᠥᠭᠵᠢᠶᠡᠨ ᠲᠠᠢ ᠶᠠᠪᠤᠭᠳᠠᠵᠤ ᠪᠠᠶᠢᠯ᠎ᠠ᠃ ᠬᠦᠷᠢᠶ᠎ᠡ ᠬᠤᠰᠢᠭᠤᠨ ᠤ ᠶᠡᠷᠦᠩᠬᠡᠢ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠡᠪᠡᠳᠴᠢᠲᠡᠨ ᠤ ᠦᠷᠦᠭᠡ ᠶᠢᠨ ᠲᠦᠷᠦᠯ ᠵᠦᠢᠯ ᠤᠨ ᠲᠣᠭᠤᠷᠢᠭ ᠲᠤ᠂ ᠠᠵᠢᠯᠴᠢᠳ ᠠᠰᠠᠷ ᠤᠨ ᠭᠤᠣᠯ ᠴᠣᠭᠴᠠ ᠶᠢᠨ ᠪᠠᠷᠢᠯᠭ᠎ᠠ ᠶᠢᠨ ᠠᠵᠢᠯ ᠬᠢᠵᠦ ᠪᠤᠢ᠂ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 5996.96 ᠲᠦᠮᠡᠨ ᠲᠥᠭᠦᠷᠢᠭ ᠲᠤ ᠬᠦᠷᠴᠦ᠂ ᠪᠠᠷᠢᠯᠭ᠎ᠠ ᠶᠢᠨ ᠬᠡᠪᠴᠢᠶ᠎ᠡ ᠨᠢ 10000 ᠲᠡᠭᠰᠢ ᠳᠥᠷᠪᠡᠯᠵᠢᠨ ᠮᠸᠲᠷ ᠪᠠᠶᠢᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ 180 ᠡᠪᠡᠳᠴᠢᠲᠡᠨ ᠤ ᠣᠷᠣ ᠨᠡᠮᠡᠵᠦ᠂ ᠤᠯᠠᠨ ᠲᠦᠮᠡᠨ ᠤ ᠡᠪᠡᠳᠴᠢᠨ ᠦᠵᠡᠭᠦᠯᠭᠦ ᠳᠤ ᠲᠦᠭᠦᠮ ᠦᠵᠡᠭᠦᠯᠭᠦ ᠪᠣᠯᠣᠨ᠎ᠠ᠃ ︽ᠲᠦᠷᠦᠯ ᠵᠦᠢᠯ ᠢ ᠡᠨᠡ ᠵᠢᠯ ᠤᠨ 4 ᠰᠠᠷ᠎ᠠ ᠶᠢᠨ 7 ᠤ ᠡᠳᠦᠷ ᠵᠢᠩᠬᠢᠨᠢ ᠪᠠᠷ ᠠᠵᠢᠯ ᠰᠡᠷᠭᠦᠭᠡᠵᠡᠢ᠂ ᠤᠳᠤ ᠶᠠᠭ 7 ᠳ᠋ᠤᠭᠠᠷ ᠳᠠᠪᠬᠤᠷᠭ᠎ᠠ ᠶᠢᠨ ᠪᠠᠷᠢᠯᠭ᠎ᠠ ᠶᠢᠨ ᠠᠵᠢᠯ ᠢ ᠬᠢᠵᠦ᠂ 5 ᠰᠠᠷ᠎ᠠ ᠶᠢᠨ ᠰᠡᠭᠦᠯᠴᠢ ᠪᠠᠷ ᠪᠦᠬᠦᠯᠢ ᠴᠣᠭᠴᠠ ᠪᠠᠷ ᠨᠢ ᠣᠷᠣᠢ ᠶᠢ ᠨᠢ ᠪᠢᠲᠡᠭᠦᠮᠵᠢᠯᠡᠵᠦ᠂ ᠵᠢᠱᠢᠯᠲᠡ ᠪᠠᠷ 2026 ᠣᠨ ᠤ 6 ᠰᠠᠷ᠎ᠠ ᠶᠢᠨ 30 ᠤ ᠡᠳᠦᠷ ᠤᠨ ᠣᠷᠴᠢᠮ ᠢᠶᠠᠷ ᠭᠡᠷ ᠤᠨ ᠳᠣᠲᠣᠨ᠎ᠠ ᠭᠠᠳᠠᠨᠠᠬᠢ ᠶᠢ ᠪᠦᠬᠦᠯᠢ ᠴᠣᠭᠴᠠ ᠪᠠᠷ ᠨᠢ ᠵᠠᠰᠠᠨ ᠴᠢᠮᠡᠭᠯᠡᠵᠦ ᠵᠢᠩᠬᠢᠨᠢ ᠪᠠᠷ ᠪᠠᠷᠢᠯᠭ᠎ᠠ ᠳᠠᠭᠤᠰᠬᠠᠨ᠎ᠠ︾ ᠭᠡᠵᠦ ᠲᠦᠷᠦᠯ ᠵᠦᠢᠯ ᠤᠨ ᠬᠡᠯᠲᠡᠰ ᠤᠨ ᠠᠵᠢᠯᠲᠠᠨ ᠹᠠᠨ ᠾᠦᠢ ᠱᠠᠨ ᠶᠠᠷᠢᠨ᠎ᠠ᠃      ᠪᠦᠭᠦ ᠬᠦᠴᠦᠨ ᠢᠶᠠᠷ ᠢᠶᠠᠨ ᠠᠵᠤ ᠠᠬᠤᠢ ᠶᠢ ᠬᠥᠭᠵᠢᠭᠦᠯᠵᠦ᠂ ᠬᠦᠴᠦᠨ ᠢᠶᠠᠨ ᠲᠥᠪᠯᠡᠷᠡᠭᠦᠯᠦᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠡᠨᠡ ᠵᠢᠯ᠂ ᠬᠦᠷᠢᠶ᠎ᠡ ᠬᠤᠰᠢᠭᠤ ᠬᠠᠪᠤᠷ ᠤᠨ ᠤᠯᠠᠷᠢᠯ ᠤᠨ 29 ᠭᠤᠣᠯᠳᠠᠯᠭ᠎ᠠ ᠲᠠᠢ ᠲᠥᠷᠥᠯ ᠵᠦᠢᠯ ᠢ ᠡᠬᠢᠯᠡᠭᠦᠯᠬᠦ ᠪᠠᠷ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 22.7 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠪᠡᠯᠡ ᠣᠷᠣᠭᠤᠯᠤᠯᠲᠠ ᠨᠢ 10.5 ᠳ᠋ᠦᠩᠰᠢᠭᠤᠷ ᠲᠥᠭᠦᠷᠢᠭ ᠪᠠᠶᠢᠵᠤ᠂ ᠬᠠᠪᠤᠷ ᠤᠨ ᠤᠯᠠᠷᠢᠯ ᠤᠨ ᠲᠥᠪᠯᠡᠷᠡᠭᠦᠯᠦᠨ ᠠᠵᠢᠯ ᠰᠡᠷᠭᠦᠭᠡᠭᠰᠡᠨ ᠨᠣᠷᠮ᠎ᠠ ᠨᠢ 47% ᠳᠤ ᠬᠦᠷᠴᠡᠢ᠃ ᠣᠳᠣᠬᠠᠨ ᠪᠤᠯᠲᠠᠯ᠎ᠠ ᠨᠢᠭᠡᠨᠲᠡ 21 ᠲᠥᠷᠥᠯ ᠵᠦᠢᠯ ᠢ ᠪᠠᠷᠢᠯᠭ᠎ᠠ ᠡᠬᠢᠯᠡᠭᠦᠯᠵᠦ᠂ ᠡᠯ᠎ᠡ ᠵᠦᠢᠯ ᠤᠨ ᠠᠵᠢᠯ ᠶᠠᠭ ᠡᠮᠬᠢ ᠵᠢᠷᠤᠮ ᠲᠠᠢ ᠠᠬᠢᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃                               ︵ᠮᠡᠷᠭᠡᠵᠢᠯ ᠵᠢᠶᠠᠩ ᠮᠸᠢ ᠨᠠ︶ 
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ