ᠬᠠᠪᠤᠷ ᠤᠨ ᠲᠠᠷᠢᠶᠠᠯᠠᠭ᠎ᠠ ᠶᠢᠨ ᠠᠵᠢᠯ ᠤᠨ ᠥᠨᠳᠥᠷ ᠪᠦᠲᠦᠮᠵᠢᠲᠡᠶ ᠶᠠᠪᠤᠭᠳᠠᠬᠤ ᠶᠢ ᠪᠦᠭᠦ ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ ᠤᠯᠤᠰ ᠤᠨ | ᠴᠠᠭᠢᠯᠭᠠᠨ ᠲᠣᠣᠷ ᠤᠨ ᠵᠠᠷᠤᠳ ᠬᠤᠰᠢᠭᠤᠨ ᠤ ᠴᠠᠭᠢᠯᠭᠠᠨ ᠬᠠᠩᠭᠠᠬᠤ ᠺᠤᠮᠫᠠᠨᠢ ᠶᠢᠨ ᠬᠢᠨ ᠳᠡᠭᠡᠳᠦ ᠬᠡᠮᠵᠢᠶᠡᠨ ᠤ ᠡᠭᠦᠷᠭᠡ ᠬᠠᠷᠢᠭᠤᠴᠠᠯᠭᠠᠲᠤ ᠰᠡᠳᠬᠢᠯᠭᠡ ᠶᠢ | ᠪᠠᠷᠢᠮᠲᠠᠯᠠᠨ᠂ ᠡᠷᠲᠡ ᠠᠴᠠ ᠬᠥᠳᠡᠯᠦᠯᠴᠡᠵᠦ᠂ ᠲᠠᠷᠢᠶᠠᠯᠠᠩ ᠳᠤ ᠬᠤᠯᠪᠣᠭᠳᠠᠬᠤ ᠴᠠᠭᠢᠯᠭᠠᠨ ᠬᠡᠷᠡᠭᠯᠡᠬᠦ ᠲᠤᠬᠠᠶᠢᠯᠠᠭᠰᠠᠨ ᠠᠵᠢᠯ ᠳᠤ ᠰᠠᠭᠠᠳ ᠦᠭᠡᠢ ᠨᠡᠪᠲᠡᠷᠡᠬᠦ ᠵᠠᠮ | ᠨᠡᠭᠡᠭᠡᠨ ᠥᠭᠴᠦ᠂ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠶᠠᠪᠤᠴᠠ ᠶᠢ ᠲᠦᠷᠭᠡᠳᠬᠡᠨ᠂ ᠴᠠᠭᠢᠯᠭᠠᠨ ᠬᠠᠩᠭᠠᠬᠤ ᠦᠢᠯᠡᠴᠢᠯᠡᠭᠡᠨ ᠤ ᠲᠣᠭᠲᠠᠭᠤᠨ ᠪᠥᠭᠡᠳ | ᠨᠠᠶᠢᠳᠠᠪᠤᠷᠢᠲᠠᠢ ᠪᠠᠶᠢᠬᠤ ᠶᠢ ᠦᠨᠡᠨ ᠬᠦ ᠪᠠᠲᠤᠯᠠᠵᠤ᠂ ᠲᠠᠷᠢᠶᠠᠯᠠᠩ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ ᠪᠠᠶᠢᠨ᠎ᠠ᠃ | ᠣᠳᠣᠬᠠᠨ ᠳᠤ ᠶᠠᠭ ᠰᠠᠶ᠋ᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠤᠨ ᠵᠠᠩᠭᠢᠯᠠᠭ᠎ᠠ ᠶᠢᠨ ᠴᠠᠭ ᠦᠶ᠎ᠡ ᠮᠥᠨ᠂ ᠬᠠᠪᠤᠷ ᠤᠨ ᠤᠰᠤᠯᠠᠯᠲᠠ ᠪᠣᠯ ᠨᠠᠩ ᠴᠤ | ᠬᠠᠪᠤᠷ ᠤᠨ ᠲᠠᠷᠢᠶᠠᠯᠠᠭ᠎ᠠ ᠶᠢᠨ ᠴᠢᠬᠤᠯᠠ ᠪᠠᠲᠤᠯᠠᠭ᠎ᠠ ᠮᠥᠨ᠃ ᠯᠦᠪᠧᠢ ᠪᠠᠯᠭᠠᠰᠤᠨ ᠤ ᠬᠤᠶᠠᠷᠬᠠᠳᠠ ᠭᠠᠴᠠᠭ᠎ᠠ ᠶᠢᠨ ᠲᠠᠷᠢᠶᠠᠨ ᠭᠠᠵᠠᠷ ᠲᠤ᠂ ᠤᠯᠤᠰ ᠤᠨ ᠴᠠᠭᠢᠯᠭᠠᠨ | ᠲᠣᠣᠷ ᠤᠨ ᠵᠠᠷᠤᠳ ᠬᠤᠰᠢᠭᠤᠨ ᠤ ᠴᠠᠭᠢᠯᠭᠠᠨ ᠬᠠᠩᠭᠠᠬᠤ ᠺᠤᠮᠫᠠᠨᠢ ᠶᠢᠨ ᠠᠵᠢᠯᠲᠠᠳ ᠮᠠᠰᠢᠨ ᠴᠠᠭᠢᠯᠭᠠᠨ ᠬᠤᠳᠳᠤᠭ ᠤᠨ ᠭᠡᠷ᠂ ᠵᠠᠮ ᠱᠤᠭᠤᠮ ᠵᠡᠷᠭᠡ | ᠵᠠᠩᠭᠢᠯᠠᠭ᠎ᠠ ᠶᠢᠨ ᠲᠥᠬᠦᠭᠡᠷᠦᠮᠵᠢ ᠶᠢ ᠪᠦᠭᠦ ᠲᠠᠯ᠎ᠠ ᠪᠠᠷ ᠪᠠᠶᠢᠴᠠᠭᠠᠨ ᠬᠠᠮᠠᠭᠠᠯᠠᠵᠤ᠂ ᠲᠥᠬᠦᠭᠡᠷᠦᠮᠵᠢ ᠶᠢᠨ ᠬᠠᠪᠤᠷ ᠤᠨ ᠤᠰᠤᠯᠠᠯᠲᠠ ᠶᠢᠨ ᠬᠤᠭᠤᠴᠠᠭᠠᠨ ᠳᠤ ᠬᠡᠪ ᠤᠨ | ᠶᠣᠰᠣᠭᠠᠷ ᠠᠵᠢᠯᠯᠠᠬᠤ ᠶᠢ ᠦᠨᠡᠨ ᠬᠦ ᠪᠠᠲᠤᠯᠠᠵᠤ ᠪᠠᠶᠢᠯ᠎ᠠ᠃ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠣᠨᠣᠪᠴᠢᠲᠠᠶ ᠡᠵᠡᠮᠰᠢᠬᠦ ᠶᠢᠨ ᠲᠥᠯᠥᠭᠡ᠂ ᠠᠵᠢᠯᠲᠠᠳ | ᠪᠠᠰᠠ ᠭᠡᠲᠦ ᠤᠯᠠᠭᠠᠨ ᠤ ᠳᠤᠯᠠᠭᠠᠨ ᠤ ᠬᠡᠮᠵᠢᠭᠦᠷ᠂ ᠵᠢᠯᠣᠭᠤᠴᠢ ᠦᠭᠡᠢ ᠨᠢᠰᠬᠡᠯ ᠢ ᠠᠰᠢᠭᠯᠠᠨ ᠴᠠᠭᠢᠯᠭᠠᠨ ᠱᠤᠭᠤᠮ ᠤᠨ ᠲᠥᠬᠦᠭᠡᠷᠦᠮᠵᠢ ᠶᠢ ᠴᠠᠭ ᠲᠤᠬᠠᠢ ᠳᠤᠨᠢ | ᠪᠠᠶᠢᠴᠠᠭᠠᠨ ᠰᠢᠯᠭᠠᠵᠤ᠂ ᠳᠠᠯᠳᠠ ᠭᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠦᠨ᠂ ᠳᠠᠯᠳᠠ ᠭᠡᠮ ᠢ ᠠᠷᠢᠯᠭᠠᠵᠤ᠂ ᠬᠠᠪᠤᠷ ᠤᠨ ᠲᠠᠷᠢᠶᠠᠯᠠᠭ᠎ᠠ ᠶᠢᠨ | ᠦᠢᠯᠡᠳᠪᠦᠷᠢᠯᠡᠯ ᠳᠤ ᠪᠠᠲᠤ ᠪᠠᠬᠢ ᠴᠠᠭᠢᠯᠭᠠᠨ ᠬᠦᠴᠦᠨ ᠤ ᠪᠠᠲᠤᠯᠠᠭ᠎ᠠ ᠬᠠᠩᠭᠠᠵᠤ ᠪᠠᠶᠢᠨ᠎ᠠ᠃ | ︽ᠬᠠᠪᠤᠷ ᠤᠨ ᠤᠰᠤᠯᠠᠯᠲᠠ ᠤᠳᠠᠯ ᠦᠭᠡᠢ ᠡᠬᠢᠯᠡᠬᠦ ᠪᠣᠯᠣᠨ᠎ᠠ᠂ ᠣᠶᠢᠷ᠎ᠠ ᠶᠢᠨ ᠬᠡᠳᠦᠨ ᠡᠳᠦᠷ ᠪᠢᠳᠡ ᠴᠠᠭ ᠨᠡᠮᠡᠨ ᠠᠵᠢᠯᠯᠠᠵᠤ᠂ ᠬᠠᠷᠢᠶ᠎ᠠ ᠣᠷᠣᠨ ᠤ ᠪᠠᠨ | ᠮᠠᠰᠢᠨ ᠴᠠᠭᠢᠯᠭᠠᠨ ᠬᠤᠳᠳᠤᠭ ᠤᠨ ᠭᠡᠷ᠂ ᠴᠠᠭᠢᠯᠭᠠᠨ ᠤᠲᠠᠰᠤ᠂ ᠬᠦᠴᠦᠳᠡᠯ ᠥᠭᠡᠷᠡᠴᠢᠯᠡᠭᠴᠢ ᠳᠤ ᠲᠣᠭᠤᠷᠢᠨ ᠪᠠᠶᠢᠴᠠᠭᠠᠯᠲᠠ ᠬᠢᠵᠦ᠂ ᠠᠮᠤᠷ ᠲᠦᠪᠰᠢᠨ ᠢᠶᠠᠷ | ᠴᠠᠭᠢᠯᠭᠠᠨ ᠬᠦᠷᠭᠡᠬᠦ ᠶᠢ ᠪᠠᠲᠤᠯᠠᠵᠤ᠂ ᠲᠠᠷᠢᠶᠠᠨ ᠭᠠᠵᠠᠷ ᠤᠨ ᠤᠰᠤᠯᠠᠯᠲᠠ ᠶᠢ ᠪᠠᠲᠤᠯᠠᠵᠤ ᠪᠠᠶᠢᠨ᠎ᠠ︾ ᠭᠡᠵᠦ ᠤᠯᠤᠰ ᠤᠨ ᠴᠠᠭᠢᠯᠭᠠᠨ ᠲᠣᠣᠷ ᠤᠨ ᠵᠠᠷᠤᠳ | ᠬᠤᠰᠢᠭᠤᠨ ᠤ ᠴᠠᠭᠢᠯᠭᠠᠨ ᠬᠠᠩᠭᠠᠬᠤ ᠺᠤᠮᠫᠠᠨᠢ ᠶᠢᠨ ᠪᠠᠯᠭᠠᠰᠤᠨ ᠤ ᠲᠡᠭᠦᠷᠭᠡ ᠶᠢᠨ ᠲᠥᠪ ᠤᠨ ᠴᠠᠭᠢᠯᠭᠠᠨ ᠬᠠᠩᠭᠠᠬᠤ ᠡᠵᠡᠩᠨᠡᠯᠲᠡ ᠶᠢᠨ ᠭᠠᠵᠠᠷ ᠤᠨ ᠳᠠᠭᠠᠭᠠᠮᠠᠯ ᠯᠢᠦ | ᠰᠢᠶᠣᠣ ᠯᠢᠶᠠᠩ ᠶᠠᠷᠢᠯ᠎ᠠ᠃ | ᠣᠶᠢᠷ᠎ᠠ ᠶᠢᠨ ᠵᠢᠯ ᠠᠴᠠ ᠨᠠᠭᠠᠰᠢ᠂ ᠮᠠᠰᠢᠨ ᠴᠠᠭᠢᠯᠭᠠᠨ ᠬᠤᠳᠳᠤᠭ ᠤᠨ ᠤᠰᠤᠯᠠᠯᠲᠠ ᠲᠠᠰᠤᠷᠠᠯᠲᠠ ᠦᠭᠡᠢ ᠲᠦᠭᠡᠮᠡᠯᠵᠢᠬᠦ ᠶᠢ ᠳᠠᠭᠠᠯᠳᠤᠨ᠂ ᠮᠠᠰᠢᠨ ᠴᠠᠭᠢᠯᠭᠠᠨ | ᠬᠤᠳᠳᠤᠭ ᠤᠨ ᠤᠰᠤᠯᠠᠯᠲᠠ ᠨᠢ ᠨᠢᠭᠡᠨᠲᠡ ᠭᠤᠣᠯ ᠪᠤᠯᠬᠤ ᠲᠠᠷᠢᠶ᠎ᠠ ᠤᠰᠤᠯᠠᠬᠤ ᠠᠷᠭ᠎ᠠ ᠮᠠᠶ᠋ᠢᠭ ᠪᠣᠯᠤᠭᠰᠠᠨ ᠪᠠᠶᠢᠨ᠎ᠠ᠂ ᠡᠨᠡ ᠬᠦ ᠠᠷᠭ᠎ᠠ ᠮᠠᠶ᠋ᠢᠭ ᠨᠢ ᠬᠥᠮᠥᠨ ᠤ | ᠬᠦᠴᠦ ᠪᠣᠳᠠᠰ ᠤᠨ ᠬᠦᠴᠦ ᠶᠢ ᠠᠷᠪᠢᠯᠠᠬᠤ ᠪᠠᠷ ᠪᠠᠷᠠᠬᠤ ᠦᠭᠡᠢ ᠪᠠᠰᠠ ᠲᠠᠷᠢᠮᠠᠯ ᠤᠨ ᠤᠨᠠᠯᠲᠠ ᠶᠢ ᠪᠦᠲᠦᠮᠵᠢᠲᠡᠶ ᠳᠡᠭᠡᠭᠰᠢᠯᠡᠭᠦᠯᠵᠦ᠂ ᠲᠠᠷᠢᠶᠠᠴᠢᠨ ᠡᠷᠦᠭᠡ ᠶᠢ | ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠵᠦ ᠪᠣᠯᠣᠨ᠎ᠠ᠃ ᠬᠤᠶᠠᠷᠬᠠᠳᠠ ᠭᠠᠴᠠᠭ᠎ᠠ ᠶᠢᠨ ᠮᠥᠩᠭᠦᠨ᠋ᠧᠴᠢᠷ 2021 ᠣᠨ ᠳᠤ᠂ 40 ᠮᠦ ᠲᠠᠷᠢᠶᠠᠨ ᠭᠠᠵᠠᠷ ᠲᠠᠭᠠᠨ | ᠮᠠᠰᠢᠨ ᠴᠠᠭᠢᠯᠭᠠᠨ ᠬᠤᠳᠳᠤᠭ ᠤᠭᠰᠠᠷᠠᠭᠰᠠᠨ ᠪᠠᠶᠢᠨ᠎ᠠ᠃ | ︽ᠴᠠᠭᠢᠯᠭᠠᠨ ᠬᠤᠳᠳᠤᠭ ᠤᠭᠰᠠᠷᠠᠭᠰᠠᠨ ᠤ ᠲᠡᠷᠠᠭ᠎ᠠ᠂ ᠪᠢᠳᠡᠠ ᠳᠤ ᠮᠠᠰᠢ ᠤᠯᠡᠠ ᠲᠦᠭᠦᠮ ᠦᠵᠡᠭᠦᠯᠵᠡᠢ᠂ ᠬᠥᠮᠥᠨ ᠤ ᠬᠦᠴᠦ ᠶᠢ ᠠᠷᠪᠢᠯᠠᠬᠤ ᠪᠠᠷ ᠪᠠᠷᠠᠬᠤ | ᠦᠭᠡᠢ ᠲᠠᠷᠢᠶᠠᠯᠠᠩ ᠤᠨ ᠤᠨᠠᠯᠲᠠ ᠶᠢ ᠴᠦ ᠨᠡᠮᠡᠭᠳᠡᠭᠦᠯᠵᠡᠢ᠂ ᠴᠠᠭᠢᠯᠭᠠᠨ ᠬᠦᠴᠦᠳᠡᠯ ᠭᠦᠢᠴᠡᠳ᠂ ᠵᠢᠯ ᠪᠣᠯᠭᠠᠨ ᠤᠰᠤᠯᠠᠯᠲᠠ ᠳᠤ ᠵᠣᠪᠠᠭ᠋ᠤ ᠶᠠᠪᠤᠳᠠᠯ ᠦᠭᠡᠢ᠂ ᠬᠥᠮᠥᠨ ᠤ | ᠬᠦᠴᠦ ᠶᠢ ᠶᠡᠭᠡ ᠠᠷᠪᠢᠯᠠᠳᠠᠭ︾ ᠭᠡᠵᠦ ᠮᠥᠩᠭᠦᠨ᠋ᠧᠴᠢᠷ ᠤᠷᠮᠠᠲᠠᠶᠢᠬᠠᠨ ᠶᠠᠷᠢᠵᠤ ᠪᠠᠶᠢᠯ᠎ᠠ᠃ | ᠮᠠᠰᠢᠨ ᠴᠠᠭᠢᠯᠭᠠᠨ ᠬᠤᠳᠳᠤᠭ ᠤᠨ ᠤᠰᠤᠯᠠᠯᠲᠠ ᠳᠤ ᠴᠠᠭᠢᠯᠭᠠᠨ ᠬᠦᠴᠦᠳᠡᠯ᠂ ᠴᠠᠭᠢᠯᠭᠠᠨ ᠤ ᠬᠡᠮᠵᠢᠶ᠎ᠡ ᠶᠢᠨ ᠲᠠᠯ᠎ᠠ ᠪᠠᠷ ᠬᠢ ᠱᠠᠭᠠᠷᠳᠠᠯᠭ᠎ᠠ ᠮᠠᠰᠢ ᠥᠨᠳᠥᠷ | ᠪᠠᠶᠢᠳᠠᠭ᠂ ᠡᠶᠢᠮᠦ ᠠᠴᠠ᠂ ᠤᠯᠤᠰ ᠤᠨ ᠴᠠᠭᠢᠯᠭᠠᠨ ᠲᠣᠣᠷ ᠤᠨ ᠵᠠᠷᠤᠳ ᠬᠤᠰᠢᠭᠤᠨ ᠤ ᠴᠠᠭᠢᠯᠭᠠᠨ ᠬᠠᠩᠭᠠᠬᠤ ᠺᠤᠮᠫᠠᠨᠢ ᠭᠤᠣᠯᠳᠠᠯᠭ᠎ᠠ ᠲᠠᠢ ᠲᠠᠷᠢᠶᠠᠯᠠᠩ ᠤᠨ ᠤᠰᠤ | ᠵᠠᠯᠠᠬᠤ ᠪᠠ ᠰᠢᠨ᠎ᠡ ᠪᠠᠷ ᠤᠭᠰᠠᠷᠠᠬᠤ ᠭᠡᠵᠦ ᠪᠠᠶᠢᠭ᠎ᠠ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠭᠠᠭᠠᠴᠠ ᠶᠢ ᠤᠷᠢᠳᠴᠢᠯᠠᠨ ᠵᠢᠱᠢᠬᠦ᠂ ᠴᠠᠭᠢᠯᠭᠠᠨ | ᠬᠦᠴᠦᠳᠡᠯ ᠤᠨ ᠬᠠᠨᠳᠤᠰᠢ ᠶᠢ ᠵᠠᠳᠠᠯᠬᠤ᠂ ᠬᠠᠪᠤᠷ ᠤᠨ ᠤᠰᠤᠯᠠᠯᠲᠠ ᠶᠢᠨ ᠬᠤᠭᠤᠴᠠᠭᠠᠨ ᠳᠠᠬᠢ ᠴᠠᠭᠢᠯᠭᠠᠨ ᠲᠣᠣᠷ ᠤᠨ ᠳᠠᠭᠠᠭᠠᠴᠠ ᠶᠢᠨ ᠴᠢᠳᠠᠪᠤᠷᠢ ᠶᠢ ᠰᠢᠨᠵᠢᠯᠡᠬᠦ | ᠤᠬᠠᠭᠠᠨᠴᠢ ᠪᠠᠷ ᠦᠨᠡᠯᠡᠨ ᠵᠢᠱᠢᠬᠦ ᠪᠠᠷ ᠳᠠᠮᠵᠢᠭᠤᠯᠤᠨ᠂ ᠲᠠᠪᠴᠠᠩ ᠲᠣᠭᠤᠷᠢᠭ ᠤᠨ ᠠᠵᠢᠯᠯᠠᠭᠠᠨ ᠤ ᠪᠠᠶᠢᠳᠠᠯ ᠢ ᠬᠥᠳᠡᠯᠦᠩᠭᠦᠢ ᠪᠠᠷ ᠡᠵᠡᠮᠰᠢᠵᠦ᠂ ᠴᠠᠭᠢᠯᠭᠠᠨ | ᠬᠦᠴᠦᠳᠡᠯ ᠤᠨ ᠬᠢᠷᠢ ᠬᠡᠮᠵᠢᠶ᠎ᠡ ᠶᠢ ᠬᠥᠳᠡᠯᠦᠩᠭᠦᠢ ᠪᠠᠷ ᠲᠣᠬᠢᠷᠠᠭᠤᠯᠤᠨ᠂ ᠰᠢᠰᠲ᠋ᠧᠮ ᠤᠨ ᠠᠵᠢᠯᠯᠠᠭᠠᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠬᠠᠪᠤᠷ ᠤᠨ | ᠤᠰᠤᠯᠠᠯᠲᠠ ᠶᠢᠨ ᠣᠷᠣᠨ ᠤ ᠱᠤᠭᠤᠮ ᠪᠠ ᠲᠥᠬᠦᠭᠡᠷᠦᠮᠵᠢ ᠶᠢ ᠲᠣᠭᠤᠷᠢᠨ ᠪᠠᠶᠢᠴᠠᠭᠠᠨ ᠬᠠᠮᠠᠭᠠᠯᠠᠵᠤ᠂ ᠪᠠᠴᠢᠮ ᠪᠠᠶᠢᠳᠠᠯ ᠢ ᠠᠷᠭᠠᠴᠠᠭᠠᠵᠤ ᠴᠠᠭ ᠢ ᠵᠠᠪᠳᠤᠨ ᠵᠠᠰᠠᠬᠤ | ᠭᠦᠴᠦᠴᠡ ᠪᠠ ᠦᠢᠯᠡᠴᠢᠯᠡᠭᠡᠨ ᠤ ᠡᠬᠢ ᠪᠠᠶᠠᠯᠢᠭ ᠤᠨ ᠨᠥᠭᠡᠴᠡ ᠶᠢ ᠨᠡᠮᠡᠭᠳᠡᠭᠦᠯᠵᠦ᠂ ︽ᠵᠠᠰᠠᠬᠤ ᠬᠥᠮᠥᠨ ᠲᠠᠢ᠂ ᠲᠥᠬᠦᠭᠡᠷᠦᠮᠵᠢ ᠲᠣᠭᠲᠠᠭᠤᠨ᠂ ᠴᠠᠭᠢᠯᠭᠠᠨ ᠬᠦᠴᠦᠨ | ᠭᠦᠢᠴᠡᠳ︾ ᠪᠠᠶᠢᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠲᠠᠷᠢᠶᠠᠴᠢᠨ ᠡᠷᠦᠭᠡ ᠯᠦᠭᠡ ᠶᠢᠨ ᠨᠡᠪᠲᠡᠷᠡᠯᠴᠡᠭᠡ ᠤᠬᠠᠭᠤᠯᠭ᠎ᠠ ᠪᠠᠨ ᠴᠢᠩᠭᠠᠳᠬᠠᠵᠤ᠂ ᠵᠦᠢ | ᠵᠣᠬᠢᠰᠲᠠᠢ ᠴᠠᠭᠢᠯᠭᠠᠨ ᠬᠡᠷᠡᠭᠯᠡᠬᠦ ᠶᠢ ᠬᠥᠲᠥᠯᠥᠨ ᠵᠢᠯᠤᠭᠤᠳᠴᠤ᠂ ᠣᠷᠭᠢᠯ ᠵᠥᠷᠢᠭᠦᠯᠦᠨ ᠤᠰᠤᠯᠠᠬᠤ ᠵᠠᠭᠪᠤᠷ ᠢ ᠳᠡᠯᠭᠡᠷᠡᠭᠦᠯᠦᠨ᠂ ᠠᠭᠱᠠᠨ ᠵᠠᠭᠤᠷ᠎ᠠ ᠶᠢᠨ | ᠳᠠᠭᠠᠭᠠᠴᠠ ᠶᠢᠨ ᠣᠷᠭᠢᠯ ᠬᠡᠮᠵᠢᠭᠳᠡᠯ ᠢ ᠪᠦᠲᠦᠮᠵᠢᠲᠡᠶ ᠪᠠᠭᠤᠷᠠᠭᠤᠯᠵᠤ᠂ ᠴᠠᠭᠢᠯᠭᠠᠨ ᠬᠠᠩᠭᠠᠬᠤ ᠦᠢᠯᠡᠴᠢᠯᠡᠭᠡᠨ ᠤ ᠰᠢᠨᠵᠢᠯᠡᠬᠦ ᠤᠬᠠᠭᠠᠨᠴᠢ ᠴᠢᠨᠠᠷ ᠪᠠ | ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠦᠭᠰᠡᠨ ᠪᠠᠶᠢᠨ᠎ᠠ᠃ | ︽ᠵᠢᠯ ᠪᠦᠷᠢ ᠶᠢᠨ 4 ᠊᠊᠊᠊᠊ 9 ᠰᠠᠷ᠎ᠠ ᠪᠣᠯ ᠲᠠᠷᠢᠶᠠᠯᠠᠩ ᠤᠨ ᠤᠰᠤᠯᠠᠯᠲᠠ ᠳᠤ ᠴᠠᠭᠢᠯᠭᠠᠨ ᠬᠡᠷᠡᠭᠯᠡᠬᠦ ᠣᠷᠭᠢᠯ ᠤᠨ ᠬᠤᠭᠤᠴᠠᠭ᠎ᠠ ᠮᠥᠨ᠂ ᠬᠠᠮᠤᠭ ᠤᠨ | ᠥᠨᠳᠥᠷ ᠳᠠᠭᠠᠭᠠᠴᠠ ᠨᠢ ᠶᠡᠷᠦ ᠳᠡᠭᠡᠨ 4 ᠰᠠᠷ᠎ᠠ ᠶᠢᠨ ᠰᠡᠭᠦᠯᠴᠢ ᠪᠠᠷ ᠢᠯᠡᠷᠡᠳᠡᠭ᠃ ᠡᠭᠦᠨ ᠳᠤ ᠴᠢᠭᠯᠡᠭᠦᠯᠦᠨ᠂ᠬᠠᠪᠤᠷ ᠤᠨ ᠲᠠᠷᠢᠶᠠᠯᠠᠭ᠎ᠠ ᠶᠢᠨ ᠴᠠᠭᠢᠯᠭᠠᠨ ᠢ ᠪᠠᠲᠤᠯᠠᠬᠤ | ᠲᠤᠰᠬᠠᠢ ᠠᠵᠢᠯᠯᠠᠭ᠎ᠠ ᠶᠢ ᠪᠦᠭᠦ ᠲᠠᠯ᠎ᠠ ᠪᠠᠷ ᠡᠬᠢᠯᠡᠭᠦᠯᠵᠦ᠂ ᠲᠣᠨᠤᠭ ᠲᠥᠬᠦᠭᠡᠷᠦᠮᠵᠢ ᠬᠠᠭᠤᠴᠢᠷᠠᠬᠤ᠂ ᠬᠦᠷᠦᠯᠴᠡᠬᠦ ᠦᠭᠡᠢ ᠪᠠᠶᠢᠬᠤ ᠵᠡᠷᠭᠡ ᠳᠠᠯᠳᠠ ᠭᠡᠮ ᠢ ᠴᠠᠭ | ᠲᠤᠬᠠᠢ ᠳᠤᠨᠢ ᠠᠷᠢᠯᠭᠠᠪᠠ᠃ ᠮᠠᠨ ᠤ ᠺᠤᠮᠫᠠᠨᠢ ᠵᠢᠴᠢ ᠡᠯ᠎ᠡ ᠥᠷᠲᠡᠭᠡ ᠶᠢᠨ ᠬᠢᠨ 24 ᠴᠠᠭ ᠢᠶᠠᠷ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠲᠠᠷᠢᠶᠠᠯᠠᠩ ᠤᠨ | ᠤᠰᠤᠯᠠᠯᠲᠠ ᠳᠤ ᠬᠡᠷᠡᠭᠯᠡᠬᠦ ᠴᠠᠭᠢᠯᠭᠠᠨ ᠤ ᠨᠠᠶᠢᠳᠠᠪᠤᠷᠢᠲᠠᠢ ᠪᠠᠶᠢᠬᠤ ᠶᠢ ᠦᠨᠡᠨ ᠬᠦ ᠪᠠᠲᠤᠯᠠᠵᠤ ᠪᠠᠶᠢᠨ᠎ᠠ︾ ᠭᠡᠵᠦ ᠤᠯᠤᠰ ᠤᠨ ᠴᠠᠭᠢᠯᠭᠠᠨ ᠲᠣᠣᠷ ᠤᠨ ᠵᠠᠷᠤᠳ | ᠬᠤᠰᠢᠭᠤᠨ ᠤ ᠴᠠᠭᠢᠯᠭᠠᠨ ᠬᠠᠩᠭᠠᠬᠤ ᠺᠤᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠭᠤᠸ ᠰᠢᠶᠠᠩ ᠶᠠᠷᠢᠵᠤ ᠪᠠᠶᠢᠯ᠎ᠠ᠃ | ᠣᠳᠣᠬᠠᠨ ᠪᠤᠯᠲᠠᠯ᠎ᠠ᠂ ᠪᠦᠭᠦ ᠬᠤᠰᠢᠭᠤᠨ ᠳᠤ ᠲᠠᠷᠢᠶᠠᠯᠠᠩ ᠤᠨ ᠤᠰᠤᠯᠠᠯᠲᠠ ᠶᠢᠨ ᠬᠡᠷᠡᠭᠯᠡᠭᠴᠢ 13890 ᠡᠷᠤᠭᠡ ᠪᠠᠶᠢᠵᠤ᠂ ᠢᠵᠢ ᠪᠦᠷᠢᠳᠦᠭᠰᠡᠨ ᠲᠠᠷᠢᠶᠠᠨ | ᠭᠠᠵᠠᠷ ᠤᠨ ᠮᠠᠰᠢᠨ ᠴᠠᠭᠢᠯᠭᠠᠨ ᠬᠤᠳᠳᠤᠭ 1.5 ᠲᠦᠮᠡ ᠭᠠᠷᠤᠢ ᠪᠠᠶᠢᠵᠤ᠂ ᠮᠠᠰᠢᠨ ᠴᠠᠭᠢᠯᠭᠠᠨ ᠬᠤᠳᠳᠤᠭ ᠨᠢ ᠬᠤᠩᠬᠠᠳᠤ ᠠᠭᠤᠯᠠ ᠪᠠᠯᠭᠠᠰᠤ᠂ ᠯᠦᠪᠧᠢ | ᠪᠠᠯᠭᠠᠰᠤᠨ ᠤ ᠡᠷᠭᠢᠨ ᠲᠣᠭᠤᠷᠢᠨ᠂ ᠰᠢᠶᠠᠩᠱᠠᠨ ᠪᠠᠯᠭᠠᠰᠤ᠂ ᠥᠯᠵᠡᠶᠢᠮᠥ᠋ᠷᠡᠨ ᠰᠤᠮᠤ᠂ ᠵᠢᠷᠦᠬᠡ ᠪᠠᠯᠭᠠᠰᠤ᠂ ᠭᠠᠭ᠋ᠠᠶᠢᠲᠤ ᠪᠠᠯᠭᠠᠰᠤ᠂ ᠳᠤᠯᠤᠳᠤ ᠰᠤᠮᠤ᠂ ᠪᠠᠶᠠᠨᠲᠠᠯ᠎ᠠ ᠰᠤᠮᠤ | ᠵᠡᠷᠭᠡ ᠠᠮᠤ ᠪᠤᠳᠠᠭᠠᠨ ᠤ ᠭᠠᠷᠤᠯᠲᠠ ᠶᠢᠨ 9 ᠲᠣᠮᠣ ᠪᠠᠯᠭᠠᠰᠤ ᠶᠢ ᠬᠠᠮᠤᠷᠴᠤ᠂ ᠪᠠᠶᠠᠷᠲᠤᠬᠤᠰᠢᠭᠤ ᠪᠠᠯᠭᠠᠰᠤ᠂ ᠭᠡᠷᠴᠢᠯᠠᠭᠤ ᠰᠤᠮᠤ᠂ ᠤᠯᠠᠭᠠᠨᠬᠠᠳᠠ ᠰᠤᠮᠤ ᠵᠡᠷᠭᠡ | ᠬᠤᠶᠢᠲᠤ ᠬᠡᠰᠡᠭ ᠤᠨ ᠮᠠᠯᠵᠢᠬᠤ ᠣᠷᠣᠨ ᠳᠤ ᠪᠠᠭ᠎ᠠ ᠬᠡᠮᠵᠢᠶ᠎ᠡ ᠪᠠᠷ ᠲᠠᠷᠬᠠᠵᠤ ᠪᠠᠶᠢᠨ᠎ᠠ᠃ ᠵᠢᠱᠢᠯᠲᠡ ᠪᠠᠷ ᠪᠦᠭᠦ ᠬᠤᠰᠢᠭᠤᠨ ᠤ ᠬᠠᠪᠤᠷ ᠤᠨ ᠤᠯᠠᠷᠢᠯ ᠤᠨ | ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠴᠠᠭᠢᠯᠭᠠᠨ ᠤ ᠬᠡᠮᠵᠢᠶ᠎ᠡ 4000 ᠲᠦᠮᠡᠨ ᠺᠢᠯᠣᠸᠠᠲ ᠤᠨ ᠴᠠᠭ ᠣᠷᠴᠢᠮ ᠳᠤ ᠬᠦᠷᠬᠦ ᠪᠣᠯᠣᠨ᠎ᠠ᠃ | ︵ᠲᠤᠷᠠᠨ ᠠᠯᠮᠠᠰ︶ | |