ᠨᠠᠢᠮᠠᠨ ᠬᠤᠰᠢᠭᠤ ︽ᠬᠤᠣᠰ ᠬᠥᠳᠡᠯᠭᠡᠭᠦᠷ︾ ᠤᠨ ᠵᠠᠭᠪᠤᠷ ᠢᠶᠠᠷ ᠦᠨᠳᠦᠰᠦᠲᠡᠨ ᠨᠦᠭᠦᠳ ᠤᠨ ᠬᠠᠷᠢᠯᠴᠠᠨ ᠰᠢᠭᠢᠳᠴᠦ ᠬᠠᠮᠲᠤ ᠪᠠᠷ ᠠᠰᠢᠭ ᠭᠦᠷᠳᠡᠭᠦ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/5/16
      ᠨᠠᠢᠮᠠᠨ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ︽ᠬᠠᠮᠲᠤ ᠪᠠᠷ ᠴᠢᠨᠡᠭᠡᠯᠢᠭᠵᠢᠬᠦ︾ ᠬᠠᠷᠠᠯᠲᠠ ᠲᠠᠢ ᠨᠢᠭᠲᠠ ᠤᠶᠠᠯᠳᠤᠭᠤᠯᠤᠨ᠂ ︽ᠠᠵᠢᠯ ᠣᠯᠭᠤᠬᠤ ᠠᠳᠠᠯ ᠦᠢᠯᠡᠰ ᠴᠣᠭᠴᠠᠯᠠᠬᠤ + ᠦᠨᠳᠦᠰᠦᠲᠡᠨ ᠤ ᠪᠦᠯᠬᠦᠮᠳᠡᠯ︾ ᠤᠨ ᠬᠤᠣᠰ ᠬᠥᠳᠡᠯᠭᠡᠭᠦᠷ ᠤᠨ ᠵᠠᠭᠪᠤᠷ ᠢ ᠰᠢᠨ᠎ᠡ ᠪᠠᠷ ᠡᠭᠦᠳᠦᠨ ᠪᠠᠶᠢᠭᠤᠯᠵᠤ᠂ ᠣᠯᠠᠨ ᠲᠦᠮᠡᠨ ᠤ ᠠᠵᠢᠯ ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠲᠠᠪᠴᠠᠩ ᠪᠠᠶᠢᠭᠤᠯᠬᠤ᠂ ᠤᠨᠢᠨ ᠳᠡᠭᠡᠷ᠎ᠡ ᠨᠢ ᠦᠢᠯᠡᠴᠢᠯᠡᠬᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢᠶᠠᠷ ᠴᠢᠳᠠᠪᠬᠢ ᠣᠯᠭᠤᠬᠤ ᠪᠠᠷ ᠳᠠᠮᠵᠢᠭᠤᠯᠤᠨ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠰᠢᠭᠢᠳᠬᠦ ᠮᠠᠶ᠋ᠢᠭ ᠤᠨ ᠬᠥᠭᠵᠢᠯᠲᠡ ᠶᠢᠨ ᠳᠤᠮᠳᠠ ᠬᠠᠮᠲᠤ ᠪᠠᠷ ᠪᠠᠶᠠᠵᠢᠵᠤ ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠬᠦ ᠶᠢ ᠲᠦᠯᠬᠢᠨ ᠠᠬᠢᠭᠤᠯᠪᠠ᠃      ᠬᠠᠷᠢᠯᠴᠠᠨ ᠠᠭᠤᠰᠤᠯᠴᠠᠵᠤ ᠨᠡᠪᠲᠡᠷᠡᠯᠴᠡᠬᠦ ᠬᠥᠭᠦᠷᠭᠡ ᠬᠤᠯᠪᠣᠭᠠᠰᠤ ᠶᠢ ᠪᠠᠶᠢᠭᠤᠯᠵᠤ᠂ ᠤᠯᠠᠨ ᠡᠰᠢᠲᠦ ᠠᠵᠢᠯ ᠣᠯᠭᠤᠯᠲᠠ ᠶᠢᠨ ᠠᠷᠭ᠎ᠠ ᠵᠠᠮ ᠢ ᠨᠡᠭᠡᠭᠡᠪᠡ᠃ ᠨᠡᠶᠢᠭᠡᠮ ᠲᠣᠭᠤᠷᠢᠭ ᠲᠤ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠤᠨ ᠠᠵᠢᠯᠯᠠᠭ᠎ᠠ ᠶᠢ ᠡᠷᠭᠢᠯᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠲᠠᠢ ᠤᠶᠠᠯᠳᠤᠭᠤᠯᠤᠨ᠂ ︽ᠲᠥᠷᠥ ᠶᠢᠨ ᠪᠣᠳᠣᠯᠭ᠎ᠠ ᠶᠢᠨ ᠲᠠᠶᠢᠯᠤᠮᠵᠢ + ᠠᠳᠠᠯ ᠦᠢᠯᠡᠰ ᠴᠣᠭᠴᠠᠯᠠᠭᠰᠠᠨ ᠥᠯᠢᠭᠡᠷ + AI ᠴᠢᠳᠠᠪᠬᠢ ᠣᠯᠭᠤᠬᠤ︾ ᠭᠤᠷᠪᠠᠨ ᠬᠡᠮᠵᠢᠯᠲᠦ ᠵᠠᠭᠪᠤᠷ ᠢᠶᠠᠷ ᠦᠨᠳᠦᠰᠦᠨ ᠱᠠᠲᠤᠨ ᠤ ᠦᠢᠯᠡᠴᠢᠯᠡᠭᠡᠨ ᠤ ᠳᠤᠲᠠᠭᠤᠳᠠᠯ ᠢ ᠰᠢᠢᠳᠪᠦᠷᠢᠯᠡᠵᠦ᠂ ︽ᠬᠡᠷᠡᠭ ᠤᠨ ᠵᠢᠱᠢᠶ᠎ᠡ ᠪᠠᠷ ᠵᠢᠭᠠᠨ ᠰᠤᠷᠭᠠᠬᠤ + ᠬᠠᠮᠲᠤᠯᠢᠭ ᠢ ᠲᠥᠷᠥᠯ ᠬᠤᠪᠢᠶᠠᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠷᠥ ᠶᠢᠨ ᠪᠣᠳᠣᠯᠭ᠎ᠠ ᠶᠢᠨ ᠭᠤᠣᠯᠳᠠᠯᠭ᠎ᠠ ᠶᠢ ᠵᠠᠳᠠᠯᠵᠤ᠂ ᠦᠨᠳᠦᠰᠦᠲᠡᠨ ᠨᠦᠭᠦᠳ ᠤᠨ ᠠᠵᠢᠯ ᠡᠷᠢᠭᠰᠡᠳ ᠤᠨ ᠲᠤᠭ᠎ᠠ ᠪᠠᠷᠢᠮᠲᠠ ᠶᠢ ᠵᠡᠷᠭᠡ ᠪᠠᠷ ᠴᠤᠭᠯᠠᠭᠤᠯᠵᠤ᠂ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢ ᠬᠥᠳᠡᠯᠦᠩᠭᠦᠢ ᠪᠠᠷ ᠵᠣᠬᠢᠴᠠᠭᠤᠯᠤᠨ᠂ ︽ᠬᠥᠮᠥᠨ ᠠᠵᠢᠯ ᠤᠨ ᠪᠠᠶᠢᠷᠢ ᠡᠭᠦᠯᠡᠨ ᠲᠠᠪᠴᠠᠩ ᠤᠨ ᠵᠣᠯᠭᠠᠯᠴᠠᠭ᠎ᠠ︾ ᠶᠢ ᠪᠡᠶᠡᠯᠡᠭᠦᠯᠪᠡ᠃ ᠠᠵᠢᠯᠯᠠᠭ᠎ᠠ ᠶᠢᠨ ᠶᠠᠪᠤᠴᠠ ᠶᠢᠨ ᠳᠦᠷᠰᠦ ᠰᠢᠩᠭᠡᠭᠡᠯᠲᠡ ᠶᠢ ᠡᠯ᠎ᠡ ᠰᠤᠮᠤ ᠰᠢᠶᠠᠩ ᠪᠠᠯᠭᠠᠰᠤ᠂ ᠨᠡᠶᠢᠭᠡᠮ ᠲᠣᠭᠤᠷᠢᠭ ᠲᠤ ᠢᠳᠡᠪᠬᠢᠲᠡᠢ ᠪᠠᠷ ᠬᠦᠷᠭᠡᠨ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠵᠢᠯ ᠣᠯᠵᠤ ᠠᠳᠠᠯ ᠦᠢᠯᠡᠰ ᠴᠣᠭᠴᠠᠯᠠᠬᠤ ᠠᠵᠠ ᠲᠣᠭᠢᠶᠠᠯ ᠢ ᠬᠠᠮᠲᠤ ᠪᠠᠷ ᠡᠳ᠋ᠯᠡᠬᠦ ᠶᠢ ᠠᠬᠢᠭᠤᠯᠪᠠ᠃      ᠤᠯᠠᠨ ᠶᠠᠩᠵᠤ ᠶᠢᠨ ᠤᠷ᠎ᠠ ᠴᠢᠳᠠᠪᠤᠷᠢ ᠶᠢᠨ ᠬᠢᠴᠢᠶᠡᠯ ᠤᠨ ᠲᠠᠩᠬᠢᠮ ᠨᠡᠭᠡᠭᠡᠵᠦ᠂ ᠤᠯᠠᠨ ᠲᠦᠮᠡᠨ ᠤ ᠠᠵᠢᠯ ᠣᠯᠬᠤ ᠴᠢᠳᠠᠪᠤᠷᠢ ᠶᠢ ᠳᠡᠭᠡᠭᠰᠢᠯᠡᠭᠦᠯᠪᠡ᠃ ᠵᠢᠯ ᠤᠨ ᠡᠬᠢᠨ ᠠᠴᠠ ᠨᠠᠭᠠᠰᠢ᠂ 10 ᠬᠤᠭᠤᠴᠠᠭᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠥᠷᠨᠢᠭᠦᠯᠵᠦ᠂ ᠡᠬᠡ ᠨᠢᠯᠬᠠᠰ ᠢ ᠠᠰᠠᠷᠠᠨ ᠰᠤᠪᠢᠯᠠᠬᠤ ︵ᠰᠠᠷ᠎ᠠ ᠶᠢᠨ ᠪᠡᠷᠭᠡᠨ︶᠂ ᠡᠪᠡᠳᠴᠢᠲᠡᠨ ᠢ ᠠᠰᠠᠷᠠᠨ ᠰᠤᠪᠢᠯᠠᠬᠤ᠂ ᠨᠢᠯᠬ᠎ᠠ ᠬᠡᠦᠬᠡᠳ ᠠᠰᠠᠷᠠᠭᠴᠢ ᠵᠡᠷᠭᠡ ᠲᠤᠰᠬᠠᠢ ᠮᠡᠷᠭᠡᠵᠢᠯ ᠢ ᠪᠠᠭᠲᠠᠭᠠᠭᠰᠠᠨ ᠡᠯ᠎ᠡ ᠦᠨᠳᠦᠰᠦᠲᠡᠨ ᠤ ᠰᠤᠷᠤᠬᠴᠢᠳ ᠢ 306 ᠬᠥᠮᠥᠨ ᠤᠳᠠᠭ᠎ᠠ ᠪᠤᠯᠪᠠᠰᠤᠷᠠᠭᠤᠯᠪᠠ;ᠰᠦᠯᠵᠢᠶ᠎ᠡ ᠪᠠᠷ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠢ 4 ᠬᠤᠭᠤᠴᠠᠭ᠎ᠠ ᠥᠷᠨᠢᠭᠦᠯᠵᠦ᠂ 105 ᠬᠥᠮᠥᠨ ᠤᠳᠠᠭ᠎ᠠ ᠪᠣᠯᠪᠠᠰᠤᠷᠠᠭᠤᠯᠪᠠ᠃      ᠪᠣᠯᠪᠠᠰᠤᠷᠠᠯ ᠤᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠴᠠᠭᠠᠯᠲᠠ ᠶᠢᠨ ᠬᠤᠶᠠᠷ ᠬᠡᠮᠵᠢᠯᠲᠦ ᠲᠡᠮᠳᠡᠭ ᠢ ᠲᠠᠷᠬᠠᠭᠠᠬᠤ᠂ ᠪᠣᠯᠪᠠᠰᠤᠷᠠᠯ ᠤᠨ ᠮᠡᠳᠡᠭᠡ ᠵᠠᠩᠭᠢ ᠶᠢ ᠨᠡᠶᠢᠲᠡᠯᠡᠬᠦ ᠪᠠᠷ ᠲᠠᠮᠵᠢᠨ᠂ ᠦᠨᠳᠦᠰᠦᠲᠡᠨ ᠨᠦᠭᠦᠳ ᠤᠨ ᠬᠥᠳᠡᠯᠮᠦᠷᠢᠴᠢᠳ ᠤᠨ ᠪᠣᠯᠪᠠᠰᠤᠷᠠᠯ ᠤᠨ ᠬᠦᠰᠡᠯ ᠪᠤᠳᠤᠯ ᠢ ᠴᠤᠭᠯᠠᠭᠤᠯᠵᠤ᠂ ᠤᠲᠠᠰᠤ ᠪᠠᠷ ᠬᠠᠷᠢᠭᠤ ᠰᠤᠷᠪᠤᠯᠵᠢᠯᠠᠨ ᠪᠣᠯᠪᠠᠰᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠲᠠᠩᠰᠠᠯᠠᠨ ᠲᠡᠮᠳᠡᠭᠯᠡᠵᠦ ᠬᠤᠷᠢᠶᠠᠩᠭᠤᠶᠢᠯᠠᠬᠤ ᠪᠠᠷ ᠳᠠᠮᠵᠢᠭᠤᠯᠤᠨ ︽ᠪᠣᠯᠪᠠᠰᠤᠷᠠᠯ ᠤᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ︾ ᠶᠢ ᠪᠠᠶᠢᠭᠤᠯᠵᠤ᠂ ᠬᠠᠷᠠᠭᠠᠯᠵᠠᠭᠰᠠᠨ ᠪᠣᠯᠪᠠᠰᠤᠷᠠᠯ ᠤᠨ ᠪᠠᠶᠢᠭᠤᠯᠤᠮᠵᠢ ᠳᠤ ᠬᠤᠪᠢᠶᠠᠨ ᠲᠠᠷᠬᠠᠭᠠᠪᠠ᠃ ᠣᠳᠣᠬᠠᠨ ᠳᠤ 800 ᠭᠠᠷᠤᠢ ᠬᠥᠮᠥᠨ ᠤ ᠪᠣᠯᠪᠠᠰᠤᠷᠠᠯ ᠤᠨ ᠬᠦᠰᠡᠯ ᠪᠤᠳᠤᠯ ᠢ ᠨᠢ ᠵᠢᠭᠰᠠᠭᠠᠨ ᠪᠠᠶᠢᠴᠠᠭᠠᠵᠤ᠂ ᠡᠭᠦᠨ ᠤ ᠳᠣᠲᠣᠷ᠎ᠠ 411 ᠬᠥᠮᠥᠨ ᠤ ᠮᠡᠳᠡᠭᠡ ᠵᠠᠩᠭᠢ ᠶᠢ ᠲᠠᠩᠰᠠᠯᠠᠵᠤ᠂ ᠪᠦᠭᠦᠨ ᠢᠶᠠᠷ ᠢᠶᠠᠨ ᠪᠣᠯᠪᠠᠰᠤᠷᠠᠯ ᠳᠤ ᠣᠷᠣᠯᠴᠠᠵᠤ᠂ ᠪᠣᠯᠪᠠᠰᠤᠷᠠᠯ ᠳᠤ ᠣᠷᠤᠯᠴᠠᠬᠤ ᠳᠤᠷᠠᠲᠠᠢ ᠶᠢ ᠨᠢ ᠪᠦᠭᠦᠨ ᠢ ᠪᠣᠯᠪᠠᠰᠤᠷᠠᠯ ᠳᠤ ᠤᠷᠤᠯᠴᠠᠭᠤᠯᠬᠤ ᠶᠢ ᠪᠡᠶᠡᠯᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠵᠢᠯ ᠣᠯᠭᠤᠬᠤ ᠴᠢᠳᠠᠪᠤᠷᠢ ᠶᠢ ᠳᠡᠭᠡᠭᠰᠢᠯᠡᠭᠦᠯᠪᠡ᠃      ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠬᠤᠯᠪᠣᠭᠠᠰᠤ ᠶᠢ ᠭᠦᠨᠵᠡᠭᠡᠶᠢᠷᠡᠭᠦᠯᠵᠦ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠪᠠᠳᠠᠷᠠᠭᠤᠯᠪᠠ᠃ ᠪᠡᠭᠡᠵᠢᠩ ᠥᠪᠥᠷ ᠮᠣᠩᠭᠤᠯ ᠤᠨ ᠭᠦᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠪᠡᠭᠡᠵᠢᠩ ᠤᠨ ᠰᠢᠯᠢᠳᠡᠭ ᠠᠵᠢᠯ ᠤᠨ ᠪᠠᠶᠢᠷᠢ ᠶᠢᠨ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠣᠷᠣᠨ ᠪᠦᠰᠡ ᠠᠯᠤᠰᠯᠠᠭᠰᠠᠨ ᠠᠵᠢᠯ ᠣᠯᠭᠤᠯᠲᠠ ᠶᠢ ᠵᠣᠯᠭᠠᠭᠤᠯᠬᠤ ᠶᠢ ᠠᠬᠢᠭᠤᠯᠵᠤ᠂ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠠᠵᠢᠯ ᠲᠥᠷᠥᠯ ᠤᠨ ᠨᠡᠶᠢᠭᠡᠮᠯᠢᠭ ᠵᠡᠷᠭᠡ ᠰᠠᠯᠠᠭ᠎ᠠ ᠮᠥᠴᠢᠷ ᠲᠠᠢ ᠬᠤᠯᠪᠤᠭᠠᠯᠠᠨ ᠲᠣᠰ ᠭᠠᠵᠠᠷ ᠣᠷᠣᠨ ᠤ ᠠᠵᠢᠯᠴᠢᠨ ᠬᠡᠷᠡᠭᠯᠡᠬᠦ ᠳᠠᠯᠳᠠ ᠬᠦᠴᠦᠨ ᠢ ᠠᠭᠤᠳᠠᠯᠵᠤ᠂ ︽ᠵᠠᠰᠠᠭ ᠤᠨ ᠣᠷᠳᠣᠨ ᠲᠠᠪᠴᠠᠩ ᠪᠠᠶᠢᠭᠤᠯᠵᠤ᠂ ᠠᠵᠤ ᠠᠬᠤᠶᠢᠯᠠᠯ ᠵᠦᠴᠦᠭᠡ ᠲᠣᠭᠯᠠᠵᠤ᠂ ᠣᠯᠠᠨ ᠲᠦᠮᠡᠨ ᠠᠰᠢᠭ ᠭᠦᠷᠳᠡᠭᠦ︾ ᠠᠵᠢᠯ ᠣᠯᠭᠤᠯᠲᠠ ᠶᠢᠨ ᠠᠮᠢ ᠠᠬᠤᠢ ᠶᠢ ᠪᠤᠶ ᠪᠣᠯᠭᠠᠪᠠ᠃ ︽ᠤᠷᠢᠬᠠᠨ ᠰᠠᠯᠬᠢᠨ ᠤ ᠠᠵᠢᠯᠯᠠᠭ᠎ᠠ︾ ᠶᠢᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠲᠠᠨ ᠠᠵᠢᠯᠴᠢᠨ ᠡᠯᠰᠡᠬᠦ ᠠᠵᠢᠯᠯᠠᠭ᠎ᠠ ᠶᠢ 18 ᠲᠠᠯᠠᠪᠤᠷ ᠡᠷᠭᠢᠯᠡᠵᠦ᠂ 60 ᠠᠵᠤ ᠠᠬᠤᠶᠢᠯᠠᠯ 4200 ᠭᠠᠷᠤᠢ ᠠᠵᠢᠯ ᠤᠨ ᠪᠠᠶᠢᠷᠢ ᠬᠠᠩᠭᠠᠵᠤ᠂ ᠣᠷᠣᠯᠴᠠᠬᠰᠠᠨ ᠬᠥᠮᠥᠨ ᠤ ᠲᠤᠭ᠎ᠠ ᠨᠢ 3 ᠲᠦᠮᠡ ᠶᠢ ᠳᠠᠪᠠᠵᠤ᠂ 562 ᠬᠥᠮᠥᠨ ᠠᠵᠢᠯ ᠣᠯᠭᠤᠬᠤ ᠰᠠᠨᠠᠮᠵᠢ ᠲᠣᠭᠲᠠᠪᠠ᠂ ᠡᠭᠦᠨ ᠳᠤ ᠦᠨᠳᠦᠰᠦᠲᠡᠨ ᠤ ᠠᠷᠠᠯᠵᠢᠶᠠᠨ ᠤ ᠠᠵᠤ ᠠᠬᠤᠶᠢᠯᠠᠯ ᠪᠣᠯᠤᠭᠰᠠᠨ ᠮᠦ ᠶᠤᠸᠠᠨ ᠪᠦᠯᠦᠭᠯᠡᠯ 460 ᠭᠠᠷᠤᠢ ᠬᠥᠮᠥᠨ ᠳᠤ ᠠᠵᠢᠯ ᠣᠯᠭᠤᠭᠰᠠᠨ ᠪᠠᠶᠢᠨ᠎ᠠ᠃ ᠰᠤᠯᠠ ᠠᠵᠢᠯ ᠤᠨ ᠵᠠᠬ᠎ᠠ ᠳᠡᠯᠭᠡᠭᠦᠷ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠤᠰᠬᠠᠢ ᠣᠷᠣᠨ ᠢᠶᠠᠷ ᠳᠠᠮᠵᠢᠭᠤᠯᠤᠨ ᠤᠬᠠᠭᠤᠯᠭ᠎ᠠ ᠶᠢᠨ ᠮᠠᠲ᠋ᠧᠷᠢᠶᠠᠯ ᠢ 800 ᠭᠠᠷᠤᠢ ᠬᠤᠪᠢ ᠲᠠᠷᠬᠠᠭᠠᠵᠤ᠂ ᠠᠵᠢᠯ ᠣᠯᠭᠤᠯᠲᠠ ᠶᠢ ᠵᠣᠯᠭᠠᠭᠤᠯᠬᠤ ᠠᠮᠢᠳᠤᠯᠢᠭ ᠦᠢᠯᠡᠴᠢᠯᠡᠭᠡ ᠶᠢ 200 ᠭᠠᠷᠤᠢ ᠬᠥᠮᠥᠨ ᠤᠳᠠᠭ᠎ᠠ ᠬᠠᠩᠭᠠᠵᠤ᠂ ᠲᠤᠬᠠᠢ ᠶᠢᠨ ᠲᠠᠯᠠᠪᠤᠷ ᠤᠨ ᠠᠰᠠᠭᠤᠨ ᠯᠠᠪᠯᠠᠯᠲᠠ ᠶᠢᠨ ᠬᠡᠮᠵᠢᠶ᠎ᠡ 800 ᠬᠥᠮᠥᠨ ᠤᠳᠠᠭ᠎ᠠ ᠪᠠᠶᠢᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠷᠬᠡ ᠲᠡᠭᠰᠢ ᠪᠠᠷ ᠠᠵᠢᠯ ᠣᠯᠭᠤᠬᠤ ᠶᠢ ᠠᠬᠢᠭᠤᠯᠪᠠ᠃      ᠵᠢᠭᠡᠯᠡᠯᠭᠡ ᠵᠢᠭᠡᠯᠡᠬᠦ ᠦᠢᠯᠡᠴᠢᠯᠡᠭᠡᠨ ᠤ ᠰᠢᠨ᠎ᠡ ᠶᠢ ᠡᠭᠦᠳᠴᠦ᠂ ᠣᠯᠠᠨ ᠲᠦᠮᠡᠨ ᠤ ᠠᠳᠠᠯ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠬᠥᠭᠵᠢᠭᠡᠪᠡ᠃ ︽ᠠᠳᠠᠯ ᠦᠢᠯᠡᠰ ᠴᠣᠭᠴᠠᠯᠠᠬᠤ ᠳᠠᠭᠠᠭᠠᠯᠲᠠ ᠵᠢᠭᠡᠯᠡᠯᠭᠡ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ︾ ᠵᠢᠵᠢᠭ ᠴᠤᠪᠤᠷᠠᠯ ᠢ ᠰᠢᠨ᠎ᠡ ᠪᠠᠷ ᠡᠭᠦᠳᠦᠨ ᠨᠡᠭᠡᠭᠡᠵᠦ᠂ ︽ᠭᠠᠷ ᠤᠲᠠᠰᠤᠨ ᠤ ᠦᠵᠦᠭᠦᠷᠯᠢᠭ ᠢᠶᠠᠷ ᠵᠢᠭᠡᠯᠡᠯᠭᠡ ᠭᠦᠢᠴᠡᠳᠬᠡᠬᠦ︾ ᠦᠢᠯᠡᠴᠢᠯᠡᠭᠡᠨ ᠤ ᠰᠢᠨ᠎ᠡ ᠵᠠᠭᠪᠤᠷ ᠢ ᠪᠠᠶᠢᠭᠤᠯᠵᠤ᠂ ᠲᠣᠭᠠᠴᠢᠯᠠᠭᠰᠠᠨ ᠥᠭᠡᠷᠡᠴᠢᠯᠡᠯᠲᠡ ᠪᠠᠷ ᠰᠢᠪᠲᠤᠯᠤᠯᠲᠠ ᠶᠢᠨ ᠴᠡᠭ ᠪᠤᠯᠭᠠᠵᠤ᠂ ︽ᠭᠤᠶᠤᠴᠢᠯᠠᠬᠤ ︱ ᠬᠢᠨᠠᠨ ᠬᠠᠷᠭᠤᠭᠤᠯᠬᠤ ︱ ᠵᠢᠭᠡᠯᠡᠯᠭᠡ ᠲᠠᠯᠪᠢᠬᠤ︾ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠤᠨᠢᠨ ᠳᠡᠭᠡᠷ᠎ᠡ ᠵᠢᠷᠤᠭᠯᠠᠬᠤ ᠴᠢᠳᠠᠮᠵᠢ ᠪᠠᠷ ᠳᠠᠮᠵᠢᠭᠤᠯᠤᠨ ᠳᠡᠭᠡᠳᠦ ᠰᠤᠷᠭᠠᠭᠤᠯᠢ ᠲᠡᠭᠦᠰᠦᠭᠰᠡᠳ᠂ ᠬᠤᠲᠠ ᠪᠠᠯᠭᠠᠰᠤᠨ ᠤ ᠠᠵᠢᠯ ᠠᠯᠳᠠᠭᠰᠠᠳ ᠵᠡᠷᠭᠡ ᠭᠤᠣᠯᠳᠠᠯᠭ᠎ᠠ ᠲᠠᠢ ᠬᠠᠮᠲᠤ ᠴᠣᠭᠴᠠ ᠶᠢ ᠬᠠᠮᠤᠷᠴᠤ᠂ ᠦᠨᠳᠦᠰᠦᠲᠡᠨ ᠨᠦᠭᠦᠳ ᠤᠨ ᠠᠳᠠᠯ ᠦᠢᠯᠡᠰ ᠴᠣᠭᠴᠠᠯᠠᠭᠴᠢᠳ ᠲᠤ ᠰᠠᠭᠠᠳ ᠦᠭᠡᠢ ᠨᠡᠪᠲᠡᠷᠡᠬᠦ ᠵᠠᠮ ᠨᠡᠭᠡᠭᠡᠨ ᠥᠭᠴᠦ᠂ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠮᠠᠲ᠋ᠧᠷᠢᠶᠠᠯ ᠲᠤᠰᠢᠶᠠᠬᠤ᠂ ᠠᠷᠤ ᠲᠠᠯ᠎ᠠ ᠶᠢᠨ ᠬᠢᠨᠠᠨ ᠬᠠᠷᠭᠤᠭᠤᠯᠬᠤ ᠵᠡᠷᠭᠡ ᠰᠦᠯᠵᠢᠶᠡᠨ ᠳᠡᠭᠡᠷᠡᠬᠢ ᠦᠢᠯᠡᠴᠢᠯᠡᠭᠡ ᠶᠢ ᠬᠠᠩᠭᠠᠵᠤ᠂ ᠭᠦᠢᠴᠡᠳᠬᠡᠬᠦ ᠳᠤᠮᠳᠠᠴᠢ ᠴᠠᠭ ᠢ 4 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠤᠯᠠᠮᠵᠢᠯᠠᠯᠲᠤ ᠵᠠᠭᠪᠤᠷ ᠤᠨ ᠦᠷ᠎ᠡ ᠪᠦᠲᠦᠮᠵᠢ ᠠᠴᠠ 40% ᠪᠠᠷ ᠳᠡᠭᠡᠭᠰᠢᠯᠡᠭᠦᠯᠪᠡ᠃ ᠰᠦᠯᠵᠢᠶᠡᠨ ᠳᠡᠭᠡᠷᠡᠬᠢ ᠤᠷᠢᠳᠴᠢᠯᠠᠨ ᠬᠢᠨᠠᠬᠤ ᠴᠢᠳᠠᠮᠵᠢ ᠶᠢ ᠪᠠᠶᠢᠭᠤᠯᠤᠭᠰᠠᠨ ᠠᠴᠠ ᠨᠠᠭᠠᠰᠢ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠭᠰᠡᠨ ᠢ ᠨᠢᠭᠡᠨᠲᠡ 23 ᠬᠤᠪᠢ ᠭᠥᠯᠢᠶᠡᠨ ᠠᠪᠴᠤ ᠰᠢᠢᠳᠪᠦᠷᠢᠯᠡᠵᠦ᠂ ︽ᠲᠣᠭᠠᠴᠢᠯᠠᠯᠲᠠ ᠪᠠᠷ ᠡᠨᠧᠷᠭᠢ ᠣᠯᠭᠤᠬᠤ + ᠤᠨᠢᠨ ᠳᠡᠭᠡᠷ᠎ᠡ ᠨᠢ ᠳᠤᠰᠤᠯᠭᠠᠨ ᠤᠰᠤᠯᠠᠬᠤ︾ ᠬᠤᠣᠰ ᠬᠥᠳᠡᠯᠭᠡᠭᠦᠷ ᠢᠶᠠᠷ ᠲᠠᠮᠵᠢᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠪᠦᠲᠦᠮᠵᠢᠲᠡᠶ ᠬᠥᠭᠵᠢᠭᠡᠪᠡ᠃      ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠰᠠᠭᠤᠷᠢ ᠶᠢ ᠪᠠᠲᠤᠳᠬᠠᠪᠠ᠃ ᠠᠵᠢᠯ ᠣᠯᠬᠤ ᠳᠤ ᠬᠦᠴᠢᠷᠲᠡᠢ ᠬᠠᠮᠲᠤ ᠴᠣᠭᠴᠠ ᠳᠤ ︽ᠨᠢᠭᠡ ᠬᠥᠮᠥᠨ ᠳᠤ ᠨᠢᠭᠡ ᠲᠠᠩᠰᠠ ᠪᠠᠶᠢᠭᠤᠯᠵᠤ᠂ ᠨᠢᠭᠡ ᠬᠥᠮᠥᠨ ᠳᠤ ᠨᠢᠭᠡ ᠪᠣᠳᠣᠯᠭ᠎ᠠ ᠬᠡᠷᠡᠭᠵᠢᠭᠦᠯᠬᠦ︾ ᠦᠨᠡᠨ ᠨᠡᠷ᠎ᠡ ᠶᠢᠨ ᠳᠦᠷᠢᠮ ᠤᠨ ᠡᠬᠡ ᠲᠠᠩᠰᠠ ᠶᠢ ᠪᠠᠶᠢᠭᠤᠯᠵᠤ᠂ ᠠᠵᠢᠯ ᠣᠯᠬᠤ ᠳᠤ ᠬᠦᠴᠢᠷᠲᠡᠢ ᠬᠥᠮᠥᠰ ᠲᠤ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠵᠦ᠂ ︽ᠠᠵᠢᠯ ᠣᠯᠭᠤᠯᠲᠠ ᠶᠢᠨ ᠨᠥᠬᠦᠪᠦᠷᠢ︾ ᠵᠡᠷᠭᠡ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠬᠠᠮᠲᠤ ᠴᠣᠭᠴᠠ ᠶᠢ ᠬᠠᠪᠰᠤᠷᠤᠨ ᠠᠵᠢᠯ ᠣᠯᠭᠤᠬᠤ ᠶᠢ ᠪᠡᠶᠡᠯᠡᠭᠦᠯᠪᠡ᠃ ᠭᠦᠳᠡᠯᠮᠦᠷᠢ ᠶᠢᠨ ᠦᠨᠳᠦᠰᠦᠨ ᠱᠠᠲᠤᠨ ᠤ ᠪᠠᠲᠤᠯᠠᠭ᠎ᠠ ᠶᠢᠨ ᠲᠠᠪᠴᠠᠩ ᠢ ᠪᠠᠶᠢᠭᠤᠯᠵᠤ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠦᠨ᠂ ᠦᠨᠳᠦᠰᠦᠲᠡᠨ ᠨᠦᠭᠦᠳ ᠤᠨ ᠬᠥᠳᠡᠯᠮᠦᠷᠢᠯᠡᠭᠴᠢᠳ ᠤᠨ ᠣᠶᠢᠷ᠎ᠠ ᠬᠠᠪᠢ ᠳᠠᠭᠠᠨ ᠦᠢᠯᠡᠴᠢᠯᠡᠭᠡ ᠭᠦᠷᠳᠡᠭᠦ ᠶᠢ ᠪᠠᠲᠤᠯᠠᠪᠠ᠃ ᠨᠡᠶᠢᠳᠡ 200 ᠠᠴᠠ ᠳᠡᠭᠡᠭᠰᠢ ᠬᠦᠴᠢᠷᠳᠡᠯ ᠲᠠᠢ ᠬᠥᠮᠥᠰ ᠢ ᠬᠠᠪᠰᠤᠷᠤᠨ ᠠᠵᠢᠯ ᠣᠯᠭᠤᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ 69 ᠨᠡᠭᠡᠭᠡᠨ ᠬᠥᠭᠵᠢᠭᠦᠯᠪᠡ᠃      ᠴᠢᠳᠠᠪᠤᠷᠢᠲᠠᠨ ᠢ ᠬᠥᠮᠥᠵᠢᠭᠦᠯᠬᠦ ᠲᠠᠪᠴᠠᠩ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠭᠦᠷ ᠢ ᠬᠥᠭᠵᠢᠭᠡᠪᠡ᠃ ᠪᠦᠭᠦ ᠣᠷᠣᠨ ᠤ ᠠᠵᠢᠯ ᠦᠢᠯᠡᠰ ᠤᠨ ᠨᠢᠭᠡᠴᠢ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠢᠯᠡ ᠪᠠᠷ ᠠᠵᠢᠯᠲᠠᠨ ᠡᠯᠰᠡᠬᠦ ᠲᠠᠪᠴᠠᠩ ᠳᠤ ᠲᠦᠰᠢᠭᠯᠡᠨ᠂ ᠲᠥᠯᠥᠪᠯᠡᠭᠡ ᠪᠠᠷ ᠠᠵᠢᠯᠲᠠᠨ ᠡᠯᠰᠡᠬᠦ ᠠᠵᠢᠯ ᠤᠨ ᠪᠠᠶᠢᠷᠢ ᠶᠢ 307 ᠨᠡᠶᠢᠲᠡᠯᠡᠵᠦ᠂ ᠦᠨᠳᠦᠰᠦᠲᠡᠨ ᠤ ᠭᠠᠵᠠᠷ ᠣᠷᠣᠨ ᠤ ᠺᠠᠳ᠋ᠷ ᠴᠢᠳᠠᠪᠤᠷᠢᠲᠠᠨ ᠢ ᠬᠥᠮᠥᠵᠢᠭᠦᠯᠬᠦ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠪᠠ᠃        ᠣᠳᠣᠬᠠᠨ ᠳᠤ 91 ᠬᠥᠮᠥᠨ ᠠᠵᠢᠯ ᠤᠨ ᠪᠠᠶᠢᠷᠢ ᠳᠤ ᠭᠠᠷᠴᠤ᠂ 54 ᠬᠥᠮᠥᠨ ᠰᠢᠯᠭᠠᠨ ᠪᠠᠶᠢᠴᠠᠭᠠᠬᠤ ᠱᠠᠲᠤᠨ ᠳᠤ ᠪᠠᠶᠢᠨ᠎ᠠ᠂ 103 ᠠᠵᠢᠯ ᠤᠨ ᠪᠠᠶᠢᠷᠢ ᠳᠤ ᠣᠶᠢᠷ᠎ᠠ ᠶᠢᠨ ᠬᠤᠭᠤᠴᠠᠭᠠᠨ ᠳᠤ ᠰᠢᠯᠭᠠᠯᠲᠠ ᠬᠢᠬᠦ ᠪᠣᠯᠣᠨ᠎ᠠ᠃ ᠨᠠᠢᠮᠠᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠰᠦᠯᠵᠢᠶ᠎ᠡ᠂ ︽ᠠᠮᠢᠵᠢᠷᠠᠯ ᠪᠢᠯᠬᠠᠭᠰᠠᠨ ᠨᠠᠢᠮᠠᠨ︾ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠲᠠᠪᠴᠠᠩ ᠳᠤ ᠲᠦᠰᠢᠭᠯᠡᠨ ᠳᠠᠳᠤᠯᠭ᠎ᠠ ᠶᠢᠨ ᠠᠯᠪᠠᠨ ᠵᠠᠷ ᠨᠡᠶᠢᠲᠡᠯᠡᠵᠦ᠂ ᠳᠠᠳᠤᠯᠭ᠎ᠠ ᠶᠢᠨ ᠨᠢᠭᠡᠴᠢ ᠶᠢᠨ ᠮᠡᠳᠡᠭᠦᠯᠬᠦ ᠨᠥᠬᠦᠴᠡᠯ᠂ ᠠᠵᠢᠯ ᠤᠨ ᠪᠠᠶᠢᠷᠢ ᠶᠢᠨ ᠬᠡᠷᠡᠭᠴᠡᠭᠡ ᠵᠢᠴᠢ ᠳᠠᠳᠤᠯᠭ᠎ᠠ ᠶᠢᠨ ᠠᠵᠢᠯᠲᠠᠨ ᠡᠯᠰᠡᠬᠦ ᠨᠥᠬᠦᠴᠡᠯ ᠢ ᠲᠣᠳᠣᠷᠬᠠᠶᠢᠯᠠᠵᠤ᠂ ᠣᠲᠣ ᠨᠢᠭᠡᠨᠲᠡ 10 ᠭᠠᠷᠤᠢ ᠵᠤᠷᠪᠤᠰ ᠮᠡᠳᠡᠭᠡ ᠵᠠᠩᠭᠢ ᠨᠡᠶᠢᠲᠡᠯᠡᠵᠦ᠂ ᠳᠠᠳᠤᠯᠭ᠎ᠠ ᠶᠢᠨ ᠨᠢᠭᠡᠴᠢ ᠶᠢ 15 ᠡᠯᠰᠡᠵᠦ᠂ ᠠᠵᠢᠯ ᠣᠯᠭᠤᠯᠲᠠ ᠶᠢᠨ ᠳᠠᠳᠤᠯᠭ᠎ᠠ ᠶᠢᠨ ᠠᠵᠢᠯ ᠤᠨ ᠪᠠᠶᠢᠷᠢ ᠪᠠᠷ ᠲᠠᠮᠵᠢᠨ 25 ᠬᠥᠮᠥᠨ ᠠᠵᠢᠯ ᠤᠨ ᠪᠠᠶᠢᠷᠢ ᠳᠤ ᠭᠠᠷᠴᠠᠢ᠃      ᠨᠠᠢᠮᠠᠨ ᠬᠤᠰᠢᠭᠤ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠪᠠᠷ ᠳᠡᠮᠵᠢᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠵᠢᠯ ᠣᠯᠬᠤ ᠴᠢᠳᠠᠪᠤᠷᠢ ᠪᠠ ᠣᠷᠣᠯᠭ᠎ᠠ ᠶᠢᠨ ᠬᠢᠷᠢ ᠲᠦᠪᠰᠢᠨ ᠢ ᠪᠦᠲᠦᠮᠵᠢᠲᠡᠶ ᠪᠠᠷ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠦᠭᠦ ᠲᠠᠯ᠎ᠠ ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤ ᠴᠣᠭᠴᠠᠯᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠳᠤ ᠴᠢᠩᠭ᠎ᠠ ᠬᠥᠳᠡᠯᠭᠡᠬᠦ ᠬᠦᠴᠦᠨ ᠨᠡᠮᠡᠷᠢᠯᠡᠪᠡ᠃                                    ︵ᠸᠠᠩ ᠶᠠ ᠰᠢᠨ ᠯᠢ ᠶᠤᠸᠠᠨ ᠯᠢ︶ 
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ