ᠰᠤᠷᠪᠤᠯᠵᠢᠯᠠᠬᠴᠢ ᠴᠡᠯᠡᠭᠡᠷ | 5 ᠰᠠᠷ᠎ᠠ ᠶᠢᠨ 22 ᠤᠨ ᠦᠳᠡ ᠶᠢᠨ ᠡᠮᠦᠨ᠎ᠡ᠂ ᠲᠦᠩᠯᠢᠶᠣᠣ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ᠂ ᠲᠦᠩᠯᠢᠶᠣᠣ ᠬᠤᠳᠠ ᠶᠢᠨ ᠨᠢᠭᠡᠳᠦᠭᠡᠷ | ᠳᠤᠮᠳᠠᠳᠤ ᠰᠤᠷᠭᠠᠭᠤᠯᠢ᠂ ᠲᠦᠩᠯᠢᠶᠣᠣ ᠶᠢᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠨᠠᠮ ᠤᠨ ᠬᠤᠷᠢᠶ᠎ᠠ ᠠᠴᠠ ᠬᠠᠮᠲᠤᠷᠠᠨ ᠵᠣᠬᠢᠶᠠᠨ ᠪᠠᠶᠢᠭᠤᠯᠤᠭᠰᠠᠨ | ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ ᠪᠦᠯᠬᠦᠮᠳᠡᠨ ᠲᠡᠮᠡᠴᠡᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠭᠦ | ᠲᠠᠯ᠎ᠠ ᠪᠠᠷ ᠠᠬᠢᠭᠤᠯᠬᠤ︾ ᠪᠠᠷ ᠭᠤᠣᠯ ᠰᠡᠳᠦᠪ ᠪᠤᠯᠭᠠᠬᠰᠠᠨ ᠦᠨᠳᠦᠰᠦᠲᠡᠨ ᠤ ᠳᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠭᠤᠣᠯ ᠰᠡᠳᠦᠪᠲᠦ | ᠨᠠᠮ ᠤᠨ ᠡᠳᠦᠷᠯᠢᠭ ᠤᠨ ᠠᠵᠢᠯᠯᠠᠭ᠎ᠠ ᠲᠦᠩᠯᠢᠶᠣᠣ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠶᠠᠪᠤᠭᠳᠠᠪᠠ᠃ | ᠠᠵᠢᠯᠯᠠᠭ᠎ᠠ ᠳᠤ᠂ ᠭᠤᠷᠪᠠᠨ ᠰᠤᠷᠭᠠᠭᠤᠯᠢ ᠶᠢᠨ 60 ᠨᠡᠷᠡᠰ ᠨᠠᠮ ᠤᠨ ᠭᠡᠰᠢᠭᠦᠨ ᠺᠠᠳ᠋ᠷ ᠪᠣᠯᠣᠨ ᠪᠠᠭᠰᠢ ᠨᠠᠷ ᠤᠨ ᠲᠥᠯᠥᠭᠡᠯᠡᠭᠴᠢ ᠲᠦᠩᠯᠢᠶᠣᠣ ᠮᠣᠩᠭᠤᠯ | ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠶᠢᠨ ᠲᠡᠦᠬᠡ ᠶᠢᠨ ᠣᠷᠳᠣᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠤᠨ ᠳᠠᠰᠤᠭ᠂ ᠲᠣᠭᠠᠴᠢᠯᠠᠭᠰᠠᠨ ᠨᠣᠮ ᠤᠨ ᠰᠠᠩ ᠢᠶᠠᠷ ᠲᠣᠭᠤᠷᠢᠨ ᠦᠵᠡᠭᠰᠡᠨ ᠪᠥᠭᠡᠳ ᠶᠠᠷᠢᠯᠴᠠᠬᠤ ᠬᠤᠷᠠᠯ | ᠬᠤᠷᠠᠯᠳᠤᠭᠤᠯᠵᠤ᠂ ᠨᠠᠮ ᠤᠨ ᠪᠠᠶᠢᠭᠤᠯᠤᠯᠲᠠ ᠪᠠᠷ ᠰᠤᠷᠭᠠᠭᠤᠯᠢ ᠶᠢᠨ ᠪᠦᠭᠦ ᠲᠠᠯ᠎ᠠ ᠶᠢᠨ ᠠᠵᠢᠯ ᠢ ᠵᠢᠯᠣᠭᠤᠳᠤᠭᠤᠯᠬᠤ ᠲᠤᠬᠠᠢ ᠠᠵᠢᠯ ᠤᠨ ᠲᠤᠷᠰᠢᠯᠭ᠎ᠠ ᠪᠠᠨ | ᠰᠣᠯᠢᠯᠴᠠᠪᠠ᠃ ᠠᠵᠢᠯᠯᠠᠭ᠎ᠠ ᠳᠤ ᠪᠠᠰᠠ ᠪᠠᠭᠰᠢ ᠰᠤᠷᠤᠬᠴᠢᠳ ᠠᠴᠠ ᠦᠨᠳᠦᠰᠦᠲᠡᠨ ᠤ ᠪᠦᠯᠬᠦᠮᠳᠡᠯ ᠳᠡᠪᠰᠢᠯᠳᠠ ᠶᠢ ᠤᠬᠠᠭᠤᠯᠤᠭᠰᠠᠨ ᠠᠭᠤᠯᠭ᠎ᠠ ᠪᠦᠬᠦᠢ ᠤᠷᠠᠨ | ᠰᠠᠶᠢᠬᠠᠨ ᠤ ᠳᠤᠬᠯᠠᠯᠳᠠ ᠭᠠᠷᠭᠠᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ᠳᠤᠰ ᠤᠳᠠᠭᠠᠨ ᠤ ᠠᠵᠢᠯᠯᠠᠭ᠎ᠠ ᠨᠢ ᠲᠦᠩᠯᠢᠶᠣᠣ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ᠂ ᠲᠦᠩᠯᠢᠶᠣᠣ ᠬᠤᠳᠠ ᠶᠢᠨ | ᠨᠢᠭᠡᠳᠦᠭᠡᠷ ᠳᠤᠮᠳᠠᠳᠤ ᠰᠤᠷᠭᠠᠭᠤᠯᠢ᠂ ᠲᠦᠩᠯᠢᠶᠣᠣ ᠶᠢᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠨᠠᠮ ᠤᠨ ᠬᠤᠷᠢᠶ᠎ᠠ ᠠᠴᠠ ᠬᠠᠮᠲᠤᠷᠠᠨ ᠵᠣᠬᠢᠶᠠᠨ | ᠪᠠᠶᠢᠭᠤᠯᠤᠭᠰᠠᠨ ᠠᠩᠬᠠᠳᠤᠭᠠᠷ ᠤᠳᠠᠭᠠᠨ ᠤ ᠦᠨᠳᠦᠰᠦᠲᠡᠨ ᠤ ᠳᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠭᠤᠣᠯ ᠰᠡᠳᠦᠪᠲᠦ ᠨᠠᠮ ᠤᠨ | ᠡᠳᠦᠷᠯᠢᠭ ᠤᠨ ᠠᠵᠢᠯᠯᠠᠭ᠎ᠠ ᠪᠣᠯᠣᠨ᠎ᠠ᠃ ᠳᠠᠷᠡᠭᠠᠴᠢ ᠪᠠᠷ᠂ ᠭᠤᠷᠪᠠᠨ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠬᠢᠨ ᠪᠣᠳᠠᠲᠠᠢ ᠪᠠᠶᠢᠳᠠᠯ ᠢᠶᠠᠨ ᠦᠨᠳᠦᠰᠦᠯᠡᠵᠦ᠂ | ᠦᠨᠳᠦᠰᠦᠲᠡᠨ ᠤ ᠳᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠨᠡᠩ ᠰᠠᠶᠢᠲᠤᠷ ᠥᠷᠨᠢᠭᠦᠯᠵᠦ᠂ ᠤᠯᠠᠨ ᠬᠦᠷᠢᠶ᠎ᠡ ᠬᠡᠪᠴᠢᠶᠡᠨ ᠳᠤ | ᠬᠠᠮᠲᠤᠷᠠᠨ ᠠᠵᠢᠯᠯᠠᠵᠤ᠂ ᠡᠯ᠎ᠡ ᠳᠦᠷᠦᠯ ᠤᠨ ᠠᠵᠢᠯ ᠢᠶᠠᠨ ᠨᠡᠩ ᠥᠨᠳᠥᠷ ᠬᠢᠷᠢ ᠲᠦᠪᠰᠢᠨ ᠳᠤ ᠬᠦᠷᠭᠡᠬᠦ ᠪᠠᠷ ᠲᠥᠯᠥᠪᠯᠡᠵᠦ ᠪᠠᠶᠢᠨ᠎ᠠ᠃ | |