ᠵᠠᠷᠤᠳ ᠬᠤᠰᠢᠭᠤ 3.35 ᠲᠦᠮᠡᠨ ᠮᠦ ᠡᠯᠡᠰᠦᠷᠬᠡᠭ ᠭᠠᠵᠠᠷ ᠢ ᠵᠠᠰᠠᠵᠤ ᠪᠣᠬᠢᠷᠳᠤᠯ ᠦᠭᠡᠢ ᠠᠮᠢ ᠠᠬᠤᠢ ᠶᠢᠨ ᠬᠠᠯᠬᠠᠪᠴᠢ ᠶᠢ ᠪᠠᠲᠤ ᠴᠣᠭᠴᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2025/5/26
      ᠲᠦᠩᠯᠢᠶᠣᠣ ᠬᠤᠲᠠ ᠶᠢᠨ ︽ᠤᠮᠠᠷᠠᠲᠤ ᠶᠢᠨ ᠭᠤᠷᠪᠠᠨ ᠣᠷᠣᠨ︾ ᠤ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠤᠨ ᠪᠤᠲᠠ ᠡᠪᠡᠰᠦ ᠶᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠵᠠᠷᠤᠳ ᠬᠤᠰᠢᠭᠤᠨ ᠤ ᠭᠡᠷᠴᠢᠯᠠᠭᠤ ᠰᠤᠮᠤ ᠶᠢᠨ ᠴᠠᠭᠠᠬᠤᠪᠤᠭ᠎ᠠ ᠭᠠᠴᠠᠭ᠎ᠠ ᠳᠤ ᠪᠠᠶᠢᠷᠢᠯᠠᠵᠤ᠂ ᠶᠡᠷᠦᠩᠬᠡᠢ ᠲᠠᠯᠠᠪᠠᠢ ᠨᠢ 3.35 ᠲᠦᠮᠡᠨ ᠮᠦ ᠳᠤ ᠬᠦᠷᠴᠡᠢ᠃ 2024 ᠣᠨ ᠤ 11 ᠰᠠᠷ᠎ᠠ ᠶᠢᠨ 22 ᠤᠨ ᠡᠳᠦᠷ ᠠᠴᠠ ᠪᠠᠷᠢᠯᠭ᠎ᠠ ᠡᠬᠢᠯᠡᠭᠰᠡᠨ ᠠᠴᠠ ᠨᠠᠭᠠᠰᠢ᠂ ᠵᠠᠷᠤᠳ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠮᠧᠩ ᠼᠤᠤ ᠠᠮᠢ ᠠᠬᠤᠢ ᠶᠢᠨ ᠣᠷᠴᠢᠨ ᠲᠣᠭᠤᠷᠢᠨ ᠤ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ᠂ ᠭᠡᠷᠴᠢᠯᠠᠭᠤ ᠰᠤᠮᠤ ᠵᠢᠴᠢ ᠴᠠᠭᠠᠬᠤᠪᠤᠭ᠎ᠠ ᠭᠠᠴᠠᠭ᠎ᠠ ᠬᠠᠮᠵᠢᠯᠴᠠᠨ ᠬᠦᠴᠦᠯᠡᠵᠦ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠡᠷᠡᠰ ᠪᠠᠲᠤ ᠵᠣᠷᠢᠭ ᠪᠣᠯᠣᠨ ᠰᠢᠨᠵᠢᠯᠡᠬᠦ ᠤᠬᠠᠭᠠᠨᠴᠢ ᠠᠷᠭ᠎ᠠ ᠪᠠᠷᠢᠯ ᠢᠶᠠᠷ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠬᠠᠮᠲᠤ ᠪᠠᠷ ᠠᠬᠢᠭᠤᠯᠵᠤ᠂ ᠡᠬᠡ ᠭᠠᠵᠠᠷ ᠲᠤ ᠨᠣᠭᠤᠭᠠᠨ ᠬᠤᠪᠴᠠᠰᠤ ᠨᠥᠮᠥᠷᠭᠡᠵᠦ᠂ ᠲᠤᠬᠠᠢ ᠶᠢᠨ ᠭᠠᠵᠠᠷ ᠤᠨ ᠤᠯᠠᠨ ᠲᠦᠮᠡᠨ ᠳᠤ ᠦᠨᠡᠨ ᠪᠣᠳᠠᠲᠠᠢ ᠠᠰᠢᠭ ᠬᠦᠷᠲᠡᠭᠡᠵᠦ᠂ ᠠᠮᠢ ᠠᠬᠤᠢ ᠪᠠ ᠠᠵᠤ ᠠᠬᠤᠢ ᠵᠢᠴᠢ ᠨᠡᠶᠢᠭᠡᠮ ᠤᠨ ᠦᠷ᠎ᠡ ᠠᠰᠢᠭ ᠤᠨ ᠪᠦᠷᠢᠨ ᠲᠡᠭᠦᠯᠳᠡᠷ ᠠᠭᠤᠰᠤᠯᠴᠠᠯ ᠢ ᠪᠡᠶᠡᠯᠡᠭᠦᠯᠵᠡᠢ᠃      ᠴᠠᠭᠠᠬᠤᠪᠤᠭ᠎ᠠ ᠭᠠᠴᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠤᠨ ᠠᠬᠤᠢ ᠲᠠᠯᠠᠪᠠᠢ ᠳᠤ ᠬᠦᠷᠬᠦ ᠳᠤ᠂ ᠮᠠᠰᠢᠨ ᠮᠧᠬᠠᠨᠢᠭ ᠬᠦᠩᠭᠢᠨᠡᠵᠦ᠂ ᠭᠠᠴᠠᠭᠠᠨ ᠤ ᠠᠷᠠᠳ ᠠᠵᠢᠯᠴᠢᠳ ᠲᠠᠢ ᠬᠠᠮᠲᠤ ᠪᠠᠷ ᠡᠯᠡᠰᠦᠨ ᠬᠠᠯᠬᠠᠪᠴᠢ ᠪᠣᠰᠬᠠᠵᠤ ᠶᠠᠭᠠᠷᠠᠯᠳᠤᠵᠤ ᠪᠠᠶᠢᠯ᠎ᠠ᠃ ᠲᠡᠨᠳᠡ ᠠᠵᠢᠯᠯᠠᠵᠤ ᠪᠠᠶᠢᠭᠰᠠᠨ ᠭᠠᠴᠠᠭᠠᠨ ᠤ ᠨᠠᠮ ᠤᠨ ᠡᠭᠦᠷ ᠤᠨ ᠱᠦᠵᠢ ᠠᠯᠳ᠋ᠬᠠᠤᠳᠤ᠄ ︽ᠨᠢᠳᠤᠨᠤᠨ ᠪᠠᠷᠢᠯᠭ᠎ᠠ ᠡᠬᠢᠯᠡᠭᠰᠡᠨ ᠠᠴᠠ ᠨᠠᠭᠠᠰᠢ᠂ ᠬᠥᠮᠥᠨ ᠤ ᠬᠦᠴᠦ ᠮᠠᠰᠢ ᠭᠦᠢᠴᠡᠳ ᠪᠠᠶᠢᠵᠤ᠂ ᠮᠠᠯᠴᠢᠳ ᠰᠠᠶᠢᠨ ᠳᠤᠷ᠎ᠠ ᠠᠴᠠ ᠪᠠᠨ ᠡᠬᠡ ᠨᠤᠲᠤᠭ ᠢᠶᠠᠨ ᠨᠣᠭᠤᠭᠠᠷᠠᠭᠤᠯᠬᠤ ᠠᠵᠢᠯ ᠳᠤ ᠤᠷᠤᠯᠴᠠᠵᠤ᠂ ᠡᠷᠴᠢ ᠵᠣᠷᠢᠭ ᠢᠶᠠᠷ ᠪᠢᠯᠬᠠᠮ᠎ᠠ ᠪᠠᠶᠢᠨ᠎ᠠ᠂ ᠡᠨᠡ ᠵᠢᠯ ᠠᠵᠢᠯ ᠡᠬᠢᠯᠡᠭᠦᠯᠦᠭᠰᠡᠨ ᠤ ᠳᠠᠷᠠᠭ᠎ᠠ᠂ ᠠᠬᠤᠢ ᠲᠠᠯᠡᠪᠡᠢ ᠶᠢᠨ ᠬᠥᠮᠥᠨ ᠤ ᠲᠤᠭ᠎ᠠ ᠬᠤᠶᠠᠷ ᠳᠠᠭᠢᠨ ᠠᠴᠠ ᠢᠯᠡᠭᠦᠦ ᠨᠡᠮᠡᠭᠳᠡᠪᠡ︾ ᠭᠡᠵᠦ ᠶᠠᠷᠢᠵᠤ ᠪᠠᠶᠢᠯ᠎ᠠ᠃      ᠴᠠᠭᠠᠬᠤᠪᠤᠭ᠎ᠠ ᠭᠠᠴᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠨᠡᠶᠢᠲᠡ 1368 ᠠᠵᠢᠯᠯᠠᠬᠤ ᠪᠠᠭ᠎ᠠ ᠠᠩᠭᠢ ᠲᠠᠢ ᠬᠤᠯᠪᠣᠭᠳᠠᠵᠤ᠂ ᠪᠢᠲᠡᠭᠦᠮᠵᠢᠯᠡᠵᠦ ᠪᠣᠶᠢᠵᠢᠭᠤᠯᠬᠤ᠂ ᠪᠤᠳᠡ ᠡᠪᠡᠰᠦ ᠶᠢ ᠨᠥᠬᠦᠵᠦ ᠲᠠᠷᠢᠬᠤ᠂ ᠰᠠᠯᠬᠢᠨ ᠳᠤ ᠢᠳᠡᠭᠳᠡᠭᠰᠡᠨ ᠬᠡᠰᠡᠭ ᠢ ᠵᠠᠰᠠᠬᠤ᠂ ᠡᠯᠡᠰᠦᠨ ᠬᠠᠯᠬᠠᠪᠴᠢ ᠪᠣᠰᠬᠠᠬᠤ ᠵᠡᠷᠭᠡ ᠶᠡᠷᠦᠩᠬᠡᠶᠢᠯᠡᠨ ᠵᠠᠰᠠᠬᠤ ᠭᠡᠯᠪᠡᠷᠢ ᠶᠢ ᠠᠪᠴᠠᠢ᠃ ᠤᠯᠤᠰ ᠤᠨ ᠠᠷᠠᠳ ᠲᠦᠮᠡᠨ ᠢ ᠲᠠᠶᠢᠴᠢᠯᠠᠨ ᠠᠵᠢᠯ ᠦᠢᠯᠡᠰ ᠲᠤ ᠣᠷᠣᠯᠴᠠᠭᠤᠯᠵᠤ ᠴᠠᠯᠢᠩ ᠬᠥᠯᠥᠰᠦ ᠣᠯᠭᠤᠬᠤ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠪᠠᠷᠢᠯᠭ᠎ᠠ ᠶᠢᠨ ᠨᠢᠭᠡᠴᠢ ᠠᠴᠠ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠳ ᠢ ᠲᠠᠶᠢᠴᠢᠯᠠᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠣᠷᠣᠯᠭ᠎ᠠ ᠶᠢ ᠨᠢ ᠨᠡᠮᠡᠭᠳᠡᠭᠦᠯᠵᠦ᠂ ᠠᠮᠢᠳᠤᠷᠠᠯ ᠢ ᠨᠢ ᠰᠠᠶᠢᠵᠢᠷᠠᠭᠤᠯᠪᠠ᠃ ᠠᠵᠢᠯ ᠡᠬᠢᠯᠡᠭᠦᠯᠦᠭᠰᠡᠨ ᠠᠴᠠ ᠤᠳᠦ ᠪᠤᠯᠳᠡᠯ᠎ᠠ᠂ ᠤᠯᠡᠨ ᠲᠦᠮᠡᠨ ᠢ ᠠᠵᠢᠯ ᠳᠤ ᠣᠷᠣᠯᠴᠠᠭᠤᠯᠤᠨ ᠴᠠᠯᠢᠩ ᠬᠥᠯᠥᠰᠦ ᠣᠯᠭᠤᠬᠤ ᠪᠠᠷ ᠳᠠᠮᠵᠢᠨ ᠨᠢᠭᠡᠨᠲᠡ ᠭᠦᠲᠡᠯᠮᠦᠷᠢ ᠬᠦᠴᠦ ᠶᠢ 600 ᠭᠠᠷᠤᠢ ᠡᠳᠦᠷ ᠬᠡᠷᠡᠭᠯᠡᠵᠦ᠂ ᠨᠡᠶᠢᠲᠡ 100 ᠭᠠᠷᠤᠢ ᠮᠠᠰᠢᠨ ᠮᠧᠬᠠᠨᠢᠭ ᠢ ᠬᠡᠷᠡᠭᠯᠡᠪᠡ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠵᠢᠱᠢᠯᠲᠡ ᠪᠠᠷ ᠬᠥᠮᠥᠨ ᠳᠤᠮᠳᠠᠴᠢ ᠶᠢᠨ ᠣᠷᠣᠯᠭ᠎ᠠ ᠶᠢ 3 ᠲᠦᠮᠡ ᠭᠠᠷᠤᠢ ᠲᠥᠭᠦᠷᠢᠭ ᠨᠡᠮᠡᠭᠳᠡᠭᠦᠯᠬᠦ ᠪᠣᠯᠣᠨ᠎ᠠ᠃      ᠣᠯᠠᠨ ᠵᠢᠯ ᠤᠨ ᠲᠤᠷᠰᠢ᠂ ᠴᠠᠭᠠᠬᠤᠪᠤᠭ᠎ᠠ ᠭᠠᠴᠠᠭ᠎ᠠ ᠶᠢᠨ ᠡᠯᠡᠰᠦᠷᠬᠡᠭᠵᠢᠯ ᠬᠦᠨᠳᠦ ᠨᠣᠴᠢᠲᠠᠢ ᠪᠠᠶᠢᠵᠤ᠂ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠵᠢᠯ ᠳᠠᠷᠠᠭᠠᠯᠠᠨ ᠪᠠᠭᠤᠷᠠᠵᠤ᠂ ᠭᠠᠴᠠᠭ᠎ᠠ ᠶᠢᠨ ᠨᠡᠶᠢᠲᠡ ᠶᠢᠨ ᠠᠵᠤ ᠠᠬᠤᠢ ᠶᠢᠨ ᠬᠥᠭᠵᠢᠯᠲᠡ ᠶᠢ ᠬᠢᠵᠠᠭᠠᠷᠯᠠᠵᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠬᠠᠷᠰᠢ ᠰᠠᠭᠠᠳ ᠦᠵᠡᠭᠦᠯᠵᠦ ᠪᠠᠶᠢᠭᠰᠠᠨ ᠮᠥᠷᠲᠡᠭᠡᠨ ᠠᠮᠢ ᠠᠬᠤᠢ ᠶᠢᠨ ᠣᠷᠴᠢᠨ ᠲᠣᠭᠤᠷᠢᠨ ᠴᠤ ᠶᠡᠭᠡ ᠪᠠᠷ ᠨᠥᠯᠥᠭᠡᠯᠡᠭᠳᠡᠪᠡ᠃ ᠭᠠᠴᠠᠭᠠᠨ ᠤ ᠠᠷᠠᠳ ᠯᠢᠦ ᠭᠤᠸᠠᠩ ᠹᠧᠩ ᠡᠯᠡᠰᠦ ᠲᠠᠢ ᠲᠡᠮᠡᠴᠡᠬᠦ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠨᠤᠲᠤᠭ ᠤᠰᠤᠨ ᠤ ᠪᠠᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠵᠤ᠂ ᠡᠯᠡᠰᠦᠷᠬᠡᠭ ᠭᠠᠵᠠᠷ ᠤᠨ ᠠᠭᠠᠵᠢᠮ ᠢᠶᠠᠷ ᠰᠠᠶᠢᠵᠢᠷᠠᠭᠰᠠᠨ ᠦᠵᠡᠭᠳᠡᠯ ᠢ ᠭᠡᠷᠡᠴᠢᠯᠡᠭᠰᠡᠨ ᠢᠶᠠᠷ ᠪᠠᠷᠠᠬᠤ ᠦᠭᠡᠢ ᠪᠠᠰᠠ ᠥᠪᠡᠷ ᠤᠨ ᠠᠵᠢᠯᠴᠢ ᠬᠤᠶᠠᠷ ᠭᠠᠷ ᠢᠶᠠᠷ ᠢᠶᠠᠨ ᠣᠷᠣᠯᠭ᠎ᠠ ᠪᠠᠨ ᠨᠡᠮᠡᠭᠳᠡᠭᠦᠯᠵᠡᠢ᠃ ᠲᠡᠷᠡ᠄ ︽ᠡᠡ᠊ᠨᠳᠡ ᠠᠵᠢᠯ ᠬᠢᠪᠡᠯ ᠨᠢᠭᠡ ᠲᠠᠯ᠎ᠠ ᠪᠠᠷ ᠨᠤᠲᠤᠭ ᠤᠨ ᠨᠣᠭᠤᠭᠠᠷᠠᠭᠤᠯᠤᠯᠲᠠ ᠶᠢᠨ ᠦᠢᠯᠡᠰ ᠲᠤ ᠬᠤᠪᠢ ᠨᠡᠮᠡᠷᠢ ᠦᠵᠡᠭᠦᠯᠵᠦ᠂ ᠨᠦᠭᠦᠭᠡ ᠲᠠᠯ᠎ᠠ ᠪᠠᠷ ᠪᠠᠰᠠ ᠴᠠᠯᠢᠩ ᠬᠥᠯᠥᠰᠦ ᠣᠯᠵᠤ᠂ ᠭᠡᠷ ᠤᠨ ᠵᠠᠷᠤᠳᠠᠯ ᠢᠶᠠᠨ ᠨᠥᠬᠦᠪᠦᠷᠢᠯᠡᠵᠦ ᠪᠣᠯᠣᠨ᠎ᠠ︾ ᠭᠡᠵᠦ ᠶᠠᠷᠢᠵᠤ ᠪᠠᠶᠢᠯ᠎ᠠ᠃      ᠣᠳᠣᠬᠠᠨ ᠳᠤ᠂ ᠴᠠᠭᠠᠬᠤᠪᠤᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠲᠣᠭᠤᠷᠢᠭ ᠲᠤ ᠨᠢᠭᠡᠨᠲᠡ 3.35 ᠲᠦᠮᠡᠨ ᠮᠦ ᠶᠢᠨ ᠪᠢᠲᠡᠭᠦᠮᠵᠢᠯᠡᠨ ᠬᠠᠮᠠᠭᠠᠯᠠᠬᠤ ᠪᠠ 1400 ᠭᠠᠷᠤᠢ ᠮᠦ ᠶᠢᠨ ᠡᠯᠡᠰᠦᠨ ᠬᠠᠯᠬᠠᠪᠴᠢ ᠪᠣᠰᠬᠠᠬᠤ ᠡᠭᠦᠷᠭᠡ ᠶᠢ ᠪᠡᠶᠡᠯᠡᠭᠦᠯᠵᠦ᠂ ᠡᠯ᠎ᠡ ᠲᠥᠷᠥᠯ ᠤᠨ ᠤᠷᠭᠤᠮᠠᠯ ᠤᠨ ᠦᠷ᠎ᠡ ᠶᠢ ᠨᠡᠶᠢᠲᠡ 10.95 ᠲᠦᠮᠡᠨ ᠺᠢᠯᠣᠭ᠍ᠷᠠᠮ᠂ ᠬᠤᠯᠤᠰᠤᠨ ᠬᠥᠰᠢᠭᠡ ᠶᠢ 42.3 ᠲᠦᠮᠡᠨ ᠲᠡᠭᠰᠢ ᠳᠥᠷᠪᠡᠯᠵᠢᠨ ᠮᠧᠲᠷ ᠪᠣᠰᠬᠠᠵᠤ᠂ ᠲᠤᠲᠤᠷᠭ᠎ᠠ ᠶᠢᠨ ᠡᠪᠡᠰᠦ ᠶᠢ 570 ᠭᠠᠷᠤᠢ ᠲᠣᠨ ᠬᠡᠷᠡᠭᠯᠡᠵᠦ᠂ ᠵᠢᠵᠢᠭ ᠨᠠᠪᠴᠢᠲᠤ ᠬᠠᠷᠭᠠᠨ᠎ᠠ ᠶᠢᠨ ᠵᠤᠯᠵᠠᠭ᠎ᠠ ᠮᠣᠳᠣ ᠶᠢ 89 ᠲᠦᠮᠡᠨ ᠰᠠᠭᠤᠷᠢ ᠵᠠᠶᠢᠯᠠᠵᠤ᠂ 68.5 ᠲᠦᠮᠡᠨ ᠺᠢᠯᠦᠭᠷᠠᠮ ᠤᠨ ᠨᠡᠶᠢᠯᠡᠮᠡᠯ ᠪᠣᠷᠳᠣᠭᠤᠷ ᠤᠨ ᠵᠠᠬᠢᠶᠠᠯᠠᠭ᠎ᠠ ᠶᠢᠨ ᠬᠠᠭᠤᠳᠠᠰᠤᠨ ᠳᠤ ᠭᠠᠷ ᠤᠨ ᠥᠰᠥᠭ ᠵᠢᠷᠤᠪᠠ᠃ ᠮᠧᠩ ᠼᠤᠤ ᠠᠮᠢ ᠠᠬᠤᠢ ᠶᠢᠨ ᠣᠷᠴᠢᠨ ᠲᠣᠭᠤᠷᠢᠨ ᠤ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠶᠢᠨ ᠲᠦᠩᠯᠢᠶᠣᠣ ᠳᠠᠬᠢ ᠲᠥᠷᠥᠯ ᠵᠦᠢᠯ ᠤᠨ ᠬᠡᠯᠲᠡᠰ ᠤᠨ ᠠᠬᠤᠢ ᠲᠠᠯᠡᠪᠡᠢ  ᠶᠢᠨ ᠬᠠᠮᠢᠶᠠᠷᠤᠭᠴᠢ ᠵᠠᠩ ᠾᠧ ᠢᠯᠡᠷᠬᠡᠶᠢᠯᠡᠬᠦ ᠳᠡᠭᠡᠨ᠄ ︽ᠲᠥᠷᠥᠯ ᠵᠦᠢᠯ ᠢ ᠬᠡᠷᠡᠭᠵᠢᠭᠦᠯᠬᠦ ᠪᠠᠷ ᠳᠡᠮᠵᠢᠨ᠂ 2026 ᠣᠨ ᠪᠤᠯᠬᠤ ᠳᠤ᠂ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠥᠷᠭᠡᠳᠬᠦ ᠬᠠᠨᠳᠤᠰᠢ ᠶᠢ ᠪᠦᠲᠦᠮᠵᠢᠲᠡᠶ ᠡᠵᠡᠮᠳᠡᠬᠦ ᠶᠢᠨ ᠬᠠᠮᠲᠤ ᠰᠠᠶᠢᠵᠢᠷᠠᠭᠤᠯᠵᠤ᠂ ᠡᠪᠡᠰᠦᠲᠦ ᠭᠠᠵᠠᠷ ᠤᠨ ᠶᠠᠰᠤ ᠴᠢᠨᠠᠷ ᠪᠠ ᠤᠨᠠᠯᠲᠠ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠤᠷᠭᠤᠮᠠᠯ ᠤᠨ ᠬᠤᠴᠢᠯᠭ᠎ᠠ ᠶᠢᠨ ᠣᠯᠠᠨ ᠨᠠᠰᠤᠲᠤ ᠰᠢᠯᠢᠳᠡᠭ ᠲᠡᠵᠢᠭᠡᠯ ᠡᠪᠡᠰᠦ ᠶᠢ 2 ᠊᠊᠊᠊᠊ 5 ᠵᠦᠢᠯ ᠨᠡᠮᠡᠭᠳᠡᠭᠦᠯᠦᠨ᠎ᠡ᠃ ᠲᠥᠷᠥᠯ ᠵᠦᠢᠯ ᠤᠨ ᠣᠷᠣᠨ ᠤ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠶᠢ ᠳᠤᠮᠳᠠᠴᠢ ᠪᠠᠷ 3 ᠊᠊᠊᠊ 5 ᠵᠠᠭᠤᠨ ᠤ ᠨᠢᠭᠡᠴᠢ ᠳᠡᠭᠡᠭᠰᠢᠯᠡᠭᠦᠯᠵᠦ᠂ ᠬᠡᠪ ᠤᠨ ᠵᠢᠯ ᠤᠨ ᠬᠠᠭᠤᠷᠠᠢ ᠡᠪᠡᠰᠦᠨ ᠤ ᠤᠨᠠᠯᠲᠠ ᠶᠢ ᠳᠤᠮᠳᠠᠴᠢ ᠪᠠᠷ 5 ᠵᠠᠭᠤᠨ ᠤ ᠨᠢᠭᠡᠴᠢ ᠳᠡᠭᠡᠭᠰᠢᠯᠡᠭᠦᠯᠵᠦ᠂ ᠬᠥᠷᠥᠰᠥ ᠰᠢᠷᠣᠢ ᠶᠢ ᠬᠠᠮᠠᠭᠠᠯᠠᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠠᠮᠢ ᠠᠬᠤᠢ ᠶᠢᠨ ᠪᠠᠶᠢᠳᠠᠯ ᠢ ᠢᠯᠡᠳᠲᠡ ᠰᠠᠶᠢᠵᠢᠷᠠᠭᠤᠯᠤᠨ᠎ᠠ︾ ᠭᠡᠵᠦ ᠶᠠᠷᠢᠵᠤ ᠪᠠᠶᠢᠯ᠎ᠠ᠃                           ︵ᠭᠤᠸ᠎ᠠ ᠠᠯᠠᠮᠠᠰ ᠪᠤᠤ ᠬᠠᠳᠡ︶ 
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ