5 ᠳ᠋ᠤᠭᠠᠷ ᠰᠠᠷ᠎ᠠ ᠶᠢᠨ 16 ᠳᠤ ᠬᠤᠳᠠ ᠶᠢᠨ ᠵᠠᠰᠠᠭ ᠤᠨ ᠤᠷᠳᠤᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/27
      5 ᠳ᠋ᠤᠭᠠᠷ ᠰᠠᠷ᠎ᠠ ᠶᠢᠨ 16 ᠳᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠳᠡᠭᠡᠷ᠎ᠡ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠢ ᠰᠣᠨᠣᠰᠴᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠡᠭᠦᠳᠦᠨ ᠪᠠᠶᠢᠭᠤᠯᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠰᠢᠵᠢᠮ ᠤᠨ ᠲᠣᠭᠤᠷᠢᠨ ᠳᠤ᠂ ᠠᠵᠢᠯ ᠤᠨ ᠰᠠᠭᠤᠷᠢ ᠪᠠᠨ ᠪᠠᠬᠢᠵᠢᠭᠦᠯᠵᠦ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠰᠢᠨ᠎ᠡ ᠡᠭᠦᠳᠦᠯᠲᠡ ᠶᠢᠨ ᠬᠢᠯᠠᠰ ᠴᠡᠭ ᠢ ᠡᠭᠦᠳᠴᠦ᠂ ᠡᠭᠦᠳᠦᠨ ᠪᠠᠶᠢᠭᠤᠯᠬᠤ ᠠᠵᠢᠯ ᠤᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠥᠷᠨᠢᠬᠦ ᠶᠢ ᠠᠬᠢᠭᠤᠯᠬᠤ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠬᠤᠤᠰ ᠵᠠᠭᠤᠨ ᠤ ᠢᠨᠵᠧᠨᠧᠷᠢᠩ︾ ᠢ ᠯᠠᠪᠳᠠᠭᠤᠨ ᠪᠠᠲᠤᠲᠠᠶ ᠠᠬᠢᠭᠤᠯᠵᠤ᠂ ︽ᠠᠨᠠᠷ ᠤᠨ ᠦᠷ᠎ᠠ︾ ᠬᠡᠮᠡᠬᠦ ᠠᠵᠢᠯ ᠤᠨ ᠨᠠᠷᠠᠲᠤ ᠱᠣᠰᠢᠭ᠎ᠠ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠴᠡᠭ ᠢ ᠶᠡᠭᠡ ᠪᠠᠷ ᠪᠤᠶᠢᠵᠢᠭᠤᠯᠵᠤ᠂ ᠪᠥᠬᠦ ᠣᠷᠣᠨ ᠪᠦᠰᠡ ᠶᠢᠨ ᠡᠭᠦᠳᠦᠨ ᠪᠠᠶᠢᠭᠤᠯᠬᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠬᠥᠮᠦᠵᠢᠯ ᠪᠣᠯᠤᠨ ᠠᠭᠤᠷ ᠠᠮᠢᠰᠬᠤᠯ ᠢ ᠪᠤᠢ ᠪᠣᠯᠭᠠᠬᠤ ᠶᠢ ᠦᠷᠭᠦᠯᠵᠢᠯᠡᠨ ᠴᠢᠩᠭᠠᠳᠬᠠᠵᠤ᠂ ᠭᠠᠵᠠᠷ ᠣᠷᠣᠨ ᠤ ᠢᠯᠡ ᠲᠣᠳᠣ ᠴᠠᠭ ᠦᠶ᠎ᠡ ᠶᠢᠨ ᠣᠨᠴᠠᠯᠢᠭ ᠲᠠᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠨᠡᠶᠢᠲᠡᠯᠢᠭ ᠵᠢᠱᠢᠶ᠎ᠡ ᠶᠢ ᠭᠦᠨᠵᠡᠭᠡᠢ ᠠᠭᠤᠳᠠᠯᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠤᠲᠠ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠠᠪᠤᠳᠠᠯ ᠢ ᠰᠤᠳᠤᠯᠵᠤ᠂ ᠬᠤᠲᠠ ᠳᠤ ᠰᠠᠭᠤᠭ᠎ᠠ ᠵᠢᠩᠬᠢᠨᠢ ᠠᠩᠭᠢ ᠶᠢᠨ ᠳᠡᠭᠡᠳᠦ ᠰᠤᠷᠭᠠᠭᠤᠯᠢ ᠶᠢᠨ ᠬᠤᠪᠣᠷ ᠨᠠᠨᠳᠢᠨ ᠡᠬᠢ ᠪᠠᠶᠠᠯᠢᠭ ᠢ ᠭᠦᠢᠴᠡᠳ ᠠᠰᠢᠭᠯᠠᠨ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠢ ᠬᠥᠮᠦᠵᠢᠭᠦᠯᠬᠦ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠭᠦᠨᠵᠡᠭᠡᠶ ᠠᠭᠤᠰᠤᠯᠴᠠᠭᠤᠯᠬᠤ ᠵᠡᠷᠭᠡ ᠲᠠᠯ᠎ᠠ ᠪᠠᠷ ᠬᠢ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠬᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠨ᠂ ᠬᠠᠮᠲᠤᠷᠠᠯᠴᠠᠭᠠᠨ ᠤ ᠵᠦᠢᠯᠡᠰ ᠢ ᠬᠢᠨᠠᠨ ᠰᠢᠯᠭᠠᠵᠤ ᠦᠨᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠶ ᠦᠷ᠎ᠡ ᠪᠦᠲᠦᠭᠡᠯ ᠤᠯᠬᠤ ᠶᠢ ᠠᠬᠢᠭᠤᠯᠵᠤ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ᠂ ᠬᠠᠮᠵᠢᠯᠴᠠᠨ ᠬᠥᠭᠵᠢᠬᠦ ᠶᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃        ᠬᠤᠷᠠᠯ ᠳᠡᠭᠡᠷ᠎ᠡ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ