1 — 12 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 5.1% ᠨᠡᠮᠡᠭᠳᠡᠵᠦ᠂ ᠳᠡᠭᠡᠷ᠎ᠡ ᠰᠠᠷ᠎ᠠ ᠶᠢᠨ ᠬᠢ ᠠᠴᠠ 0.5 ᠬᠤᠪᠢ ᠨᠡᠮᠡᠭᠳᠡᠪᠡ᠃ | ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.1% | ᠨᠡᠮᠡᠭᠳᠡᠵᠦ᠂ ᠦᠢᠯᠡᠳᠬᠦ ᠦᠢᠯᠡᠰ 5.6% ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠪᠠ ᠤᠰᠤᠨ ᠤ ᠦᠢᠯᠡᠳᠪᠦᠷᠢᠯᠡᠯ 2.3% | ᠨᠡᠮᠡᠭᠳᠡᠪᠡ᠃ | ᠠᠵᠤ ᠠᠬᠤᠢ ᠶᠢᠨ ᠲᠦᠷᠦᠯ ᠵᠦᠢᠯ ᠢᠶᠠᠷ ᠬᠤᠪᠢᠶᠠᠵᠤ ᠦᠵᠡᠪᠡᠯ᠂ ᠤᠯᠤᠰ ᠤᠨ ᠥᠮᠴᠢᠯᠡᠯᠲᠥ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 2.0% ᠨᠡᠮᠡᠭᠳᠡᠪᠡ︔ ᠬᠤᠪᠢ ᠣᠷᠣᠭᠤᠯᠤᠭᠰᠠᠨ ᠳᠦᠷᠢᠮᠲᠦ ᠠᠵᠤ ᠠᠬᠤᠶᠢᠯᠠᠯ 5.1% ᠨᠡᠮᠡᠭᠳᠡᠪᠡ︔ | ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 6.8% ᠨᠡᠮᠡᠭᠳᠡᠪᠡ︔ | ᠬᠤᠪᠢ ᠶᠢᠨ ᠡᠵᠡᠩᠨᠡᠭᠰᠡᠨ ᠠᠵᠤ ᠠᠬᠤᠶᠢᠯᠠᠯ 12.3% ᠨᠡᠮᠡᠭᠳᠡᠪᠡ᠃ | ᠠᠵᠢᠯ ᠲᠦᠷᠦᠯ ᠢᠶᠠᠷ ᠬᠤᠪᠢᠶᠠᠵᠤ ᠦᠵᠡᠪᠡᠯ᠂ 27 ᠶᠡᠭᠡ ᠠᠵᠢᠯ ᠲᠥᠷᠥᠯ ᠤᠨ ᠳᠣᠲᠣᠷᠠᠬᠢ 15 ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ ᠨᠡᠮᠡᠭᠳᠡᠭᠰᠡᠭᠡᠷ ᠢᠷᠡᠵᠡᠶ᠃ ᠥᠩᠭᠡᠲᠦ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 1.9% ᠨᠡᠮᠡᠭᠳᠡᠵᠦ | ᠂ ᠬᠠᠷ᠎ᠠ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 1.3% ᠪᠠᠭᠤᠷᠠᠵᠤ᠂ ᠲᠠᠷᠢᠶᠠᠯᠠᠩ ᠤᠨ ᠬᠤᠯᠢᠰᠢᠨ ᠢᠳᠡᠭᠡᠨ | ᠪᠣᠯᠪᠠᠰᠤᠷᠠᠭᠤᠯᠬᠤ ᠠᠵᠤ ᠦᠢᠯᠡᠰ 3.0% ᠪᠠᠭᠤᠷᠠᠵᠤ᠂ ᠢᠳᠡᠭᠡᠨ ᠦᠢᠯᠡᠳᠬᠦ ᠦᠢᠯᠡᠰ 18.2% ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 2.7% ᠨᠡᠮᠡᠭᠳᠡᠵᠦ᠂ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ 15.8% ᠨᠡᠮᠡᠭᠳᠡᠪᠡ᠃ | ᠦᠢᠯᠡᠳᠬᠦᠨ ᠢᠶᠠᠷ ᠬᠤᠪᠢᠶᠠᠵᠤ ᠦᠵᠡᠪᠡᠯ᠂ ᠪᠥᠬᠦ ᠬᠤᠲᠠ ᠶᠢᠨ 54 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷᠠᠬᠢ 24 ᠵᠦᠢᠯ ᠤᠨ | ᠭᠠᠷᠤᠯᠲᠠ ᠨᠢ ᠨᠡᠮᠡᠭᠳᠡᠪᠡ᠃ ᠠᠮᠲᠠᠨ ᠤᠭᠢ ᠶᠢᠨ ᠭᠠᠷᠤᠯᠲᠠ 53.3 ᠲᠦᠮᠡᠨ ᠲᠣᠨ ᠬᠦᠷᠴᠦ᠂ 3.7% ᠪᠠᠭᠤᠷᠠᠪᠠ︔ ᠰᠦ ᠶᠢᠨ ᠭᠠᠷᠤᠯᠲᠠ 12.5 ᠲᠦᠮᠡᠨ | ᠲᠣᠨ ᠬᠦᠷᠴᠦ᠂ 33.0% ᠪᠠᠭᠤᠷᠠᠪᠠ︔ ᠬᠢᠲᠠᠳ ᠪᠡᠯᠡᠨ ᠡᠮ ᠤᠨ ᠭᠠᠷᠤᠯᠲᠠ 1134.6 ᠲᠣᠨ ᠬᠦᠷᠴᠦ᠂ 33.4% ᠨᠡᠮᠡᠭᠳᠡᠪᠡ︔ ᠬᠠᠪᠲᠠᠭᠠᠢ ᠰᠢᠯ ᠤᠨ | ᠭᠠᠷᠤᠯᠲᠠ 586.5 ᠲᠦᠮᠡᠨ ᠬᠦᠨᠳᠦ ᠬᠠᠶᠢᠷᠴᠠᠭ ᠬᠦᠷᠴᠦ᠂ 7.2% ᠪᠠᠭᠤᠷᠠᠪᠠ︔ ᠲᠡᠮᠦᠷ ᠤᠨ ᠬᠠᠶᠢᠯᠤᠰᠢ ᠶᠢᠨ ᠭᠠᠷᠤᠯᠲᠠ 9.7 ᠲᠦᠮᠡᠨ ᠲᠣᠨ ᠬᠦᠷᠴᠦ᠂ | 57.8% ᠪᠠᠭᠤᠷᠠᠪᠠ᠃ |