2025 ᠣᠨ ᠤ 1 — 2 ᠳ᠋ᠤᠭᠠᠷ ᠰᠠᠷ᠎ᠠ ᠶᠢᠨ ᠲᠦᠩᠯᠢᠶᠣᠣ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2025/5/27
      1 — 2 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.1% ᠨᠡᠮᠡᠭᠳᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 7.2 ᠬᠤᠪᠢ ᠨᠡᠮᠡᠭᠳᠡᠪᠡ᠃      ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.2% ᠪᠠᠭᠤᠷᠠᠵᠤ᠂ ᠦᠢᠯᠡᠳᠬᠦ ᠦᠢᠯᠡᠰ 8.6% ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠪᠠ ᠤᠰᠤᠨ ᠤ ᠦᠢᠯᠡᠳᠪᠦᠷᠢᠯᠡᠯ 28.9% ᠨᠡᠮᠡᠭᠳᠡᠪᠡ᠃      ᠠᠵᠤ ᠠᠬᠤᠢ ᠶᠢᠨ ᠲᠦᠷᠦᠯ ᠵᠦᠢᠯ ᠢᠶᠠᠷ ᠬᠤᠪᠢᠶᠠᠵᠤ ᠦᠵᠡᠪᠡᠯ᠂ ᠤᠯᠤᠰ ᠤᠨ ᠥᠮᠴᠢᠯᠡᠯᠲᠥ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.5% ᠨᠡᠮᠡᠭᠳᠡᠵᠦ᠂ ᠬᠤᠪᠢ ᠣᠷᠣᠭᠤᠯᠤᠭᠰᠠᠨ ᠳᠦᠷᠢᠮᠲᠦ ᠠᠵᠤ ᠠᠬᠤᠶᠢᠯᠠᠯ 9.4% ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 6.0% ᠪᠠᠭᠤᠷᠠᠵᠤ ᠂ ᠬᠤᠪᠢ ᠶᠢᠨ ᠡᠵᠡᠩᠨᠡᠭᠰᠡᠨ ᠠᠵᠤ ᠠᠬᠤᠶᠢᠯᠠᠯ 28.2% ᠨᠡᠮᠡᠭᠳᠡᠪᠡ᠃      ᠠᠵᠢᠯ ᠲᠦᠷᠦᠯ ᠢᠶᠠᠷ ᠬᠤᠪᠢᠶᠠᠵᠤ ᠦᠵᠡᠪᠡᠯ᠂ 26 ᠶᠡᠭᠡ ᠠᠵᠢᠯ ᠲᠥᠷᠥᠯ ᠤᠨ ᠳᠣᠲᠣᠷᠠᠬᠢ 17 ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠨᠡᠮᠡᠭᠳᠡᠭᠰᠡᠭᠡᠷ ᠢᠷᠡᠵᠡᠶ᠃ ᠥᠩᠭᠡᠲᠦ ᠲᠡᠮᠦᠷᠯᠢᠭ ᠬᠠᠶᠢᠯᠠᠭᠤᠯᠬᠤ ᠪᠠ ᠰᠣᠪᠣᠮᠠᠯ ᠪᠣᠯᠪᠠᠰᠤᠷᠠᠭᠤᠯᠬᠤ ᠠᠵᠤ ᠦᠢᠯᠡᠰ 4.1% ᠨᠡᠮᠡᠭᠳᠡᠵᠦ ᠂ ᠲᠠᠷᠢᠶᠠᠯᠠᠩ ᠤᠨ ᠬᠤᠯᠢᠰᠢᠨ ᠢᠳᠡᠭᠡᠨ ᠪᠣᠯᠪᠠᠰᠤᠷᠠᠭᠤᠯᠬᠤ ᠠᠵᠤ ᠦᠢᠯᠡᠰ 12.8% ᠨᠡᠮᠡᠭᠳᠡᠵᠦ᠂ ᠢᠳᠡᠭᠡᠨ ᠦᠢᠯᠡᠳᠬᠦ ᠦᠢᠯᠡᠰ 11.4% ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 32.5% ᠨᠡᠮᠡᠭᠳᠡᠵᠦ᠂ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ 21.7% ᠨᠡᠮᠡᠭᠳᠡᠪᠡ᠃      ᠦᠢᠯᠡᠳᠬᠦᠨ ᠢᠶᠠᠷ ᠬᠤᠪᠢᠶᠠᠵᠤ ᠦᠵᠡᠪᠡᠯ᠂ ᠪᠥᠬᠦ ᠬᠤᠲᠠ ᠶᠢᠨ 49 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷᠠᠬᠢ 24 ᠵᠦᠢᠯ ᠤᠨ ᠭᠠᠷᠤᠯᠲᠠ ᠨᠢ ᠨᠡᠮᠡᠭᠳᠡᠪᠡ᠃ ᠠᠮᠲᠠᠨ ᠤᠭᠢ ᠶᠢᠨ ᠭᠠᠷᠤᠯᠲᠠ 11.9 ᠲᠦᠮᠡᠨ ᠲᠣᠨ ᠬᠦᠷᠴᠦ᠂ 23.7% ᠨᠡᠮᠡᠭᠳᠡᠪᠡ︔ ᠰᠦ ᠶᠢᠨ ᠭᠠᠷᠤᠯᠲᠠ 1.5 ᠲᠦᠮᠡᠨ ᠲᠣᠨ ᠬᠦᠷᠴᠦ᠂ 20.8% ᠪᠠᠭᠤᠷᠠᠪᠠ︔ ᠬᠢᠲᠠᠳ ᠪᠡᠯᠡᠨ ᠡᠮ ᠤᠨ ᠭᠠᠷᠤᠯᠲᠠ 152.1 ᠲᠣᠨ ᠬᠦᠷᠴᠦ᠂ 6.9% ᠨᠡᠮᠡᠭᠳᠡᠪᠡ︔ ᠬᠠᠪᠲᠠᠭᠠᠢ ᠰᠢᠯ ᠤᠨ ᠭᠠᠷᠤᠯᠲᠠ 95.4 ᠲᠦᠮᠡᠨ ᠬᠦᠨᠳᠦ ᠬᠠᠶᠢᠷᠴᠠᠭ ᠬᠦᠷᠴᠦ᠂ 2.0% ᠪᠠᠭᠤᠷᠠᠪᠠ︔ ᠲᠡᠮᠦᠷ ᠤᠨ ᠬᠠᠶᠢᠯᠤᠰᠢ ᠶᠢᠨ ᠭᠠᠷᠤᠯᠲᠠ 0.6 ᠲᠦᠮᠡᠨ ᠲᠣᠨ ᠬᠦᠷᠴᠦ᠂ 48.3% ᠪᠠᠭᠤᠷᠠᠪᠠ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ